ᠦᠢᠷ᠎ᠠ ᠳᠤ᠂ ᠮᠠᠨ ᠤ ᠲᠥᠩᠯᠢᠶᠣᠤ ᠬᠤᠲᠠ ᠳᠤᠮᠳᠠᠳᠤ ᠪᠠᠭ᠎ᠠ ᠰᠤᠷᠭᠠᠭᠤᠯᠢ ᠶᠢᠨ ᠰᠣᠷᠤᠬᠴᠢᠤᠨ ᠤᠨ | ᠮᠤᠩᠭᠤᠯ ᠦᠰᠦᠭ ᠤᠨ ᠵᠥᠪ ᠪᠢᠴᠢᠯᠭᠡ ᠶᠢᠨ ᠤᠷᠤᠯᠳᠤᠭᠠᠨ ᠶᠠᠪᠤᠭᠤᠯᠤᠬᠰᠠᠨ ᠰᠠᠶᠢᠬᠠᠨ ᠴᠢᠮᠡᠭᠡ ᠳᠠᠮᠵᠢᠬᠳᠠᠨ | ᠴᠢᠬᠢᠨ ᠰᠣᠨᠣᠷ ᠢ ᠪᠠᠶᠠᠰᠬᠠᠵᠤ ᠪᠢᠯᠡ᠃ ᠡᠨᠡ ᠬᠦ ᠠᠵᠢᠯᠯᠠᠭ᠎ᠠ ᠨᠢ ᠮᠤᠩᠭᠤᠯ ᠰᠤᠷᠤᠬᠴᠢᠤᠨ ᠤᠨ ᠡᠬᠡ ᠬᠡᠯᠡ ᠪᠠᠨ | ᠰᠤᠷᠴᠤ᠂ ᠮᠤᠩᠭᠤᠯ ᠦᠰᠦᠭ ᠪᠢᠴᠢᠭ ᠢᠶᠠᠨ ᠵᠥᠪ ᠪᠢᠴᠢᠵᠦ᠂ ᠵᠥᠪ ᠤᠩᠰᠢᠵᠤ᠂ ᠵᠥᠪ ᠬᠡᠷᠡᠭᠯᠡᠬᠦ ᠳᠤ ᠢᠳᠡᠪᠬᠢ | ᠤᠶᠢᠯᠡᠳᠦᠯ ᠦᠵᠡᠭᠦᠯᠵᠦ ᠳᠦᠯᠬᠢᠴᠡ ᠬᠦᠴᠦᠨ ᠪᠣᠯᠬᠤ ᠨᠢ ᠳᠠᠮᠵᠢᠭ ᠦᠭᠡᠢ ᠶᠤᠮ᠃ ᠡᠨᠡ ᠨᠢ ᠡᠬᠡ ᠬᠡᠯᠡ ᠪᠠᠨ | ᠡᠷᠬᠢᠮᠯᠡᠨ ᠳᠡᠭᠡᠳᠦᠯᠡᠵᠦ ᠥᠷᠨᠢᠭᠦᠯᠦᠨ ᠬᠥᠭᠵᠢᠭᠦᠯᠬᠦ ᠳᠤ ᠲᠤᠩ ᠶᠡᠭᠡ ᠠᠬᠤᠶᠢᠴᠢ ᠠᠴᠢ ᠬᠤᠯᠪᠣᠬᠳᠠᠯ ᠲᠠᠢ ᠪᠣᠳᠠᠳᠤ | ᠠᠵᠢᠯᠯᠠᠭ᠎ᠠ ᠪᠣᠯᠤᠨ᠎ᠠ᠃ | ᠡᠨᠡ ᠬᠦ ᠪᠣᠳᠠᠳᠤ ᠠᠵᠢᠯᠯᠠᠭ᠎ᠠ ᠰᠠᠶᠢᠬᠠᠨ ᠴᠢᠮᠡᠭᠡ ᠶᠢ ᠲᠤᠭᠤᠯᠳᠠᠬᠰᠠᠨ ᠲᠠᠰᠢᠷᠠᠮ ᠳᠤ᠂ ︽ᠪᠠᠶᠠᠷᠯᠠᠬᠰᠠᠨ | ᠬᠦᠮᠦᠨ ᠪᠠᠷᠬᠢᠷᠠᠭ᠎ᠠ︾ ᠭᠡᠳᠡᠭᠴᠢᠯᠡᠨ ᠵᠥᠪ ᠪᠢᠴᠢᠯᠭᠡ ᠶᠢᠨ ᠵᠢᠯᠤᠭᠤᠳᠤᠯᠭ᠎ᠠ ᠪᠣᠯᠪᠠᠰᠤᠷᠠᠯ ᠤᠨ ᠲᠣᠬᠠᠢ ᠬᠡᠳᠦᠨ ᠦᠭᠡ | ᠶᠠᠷᠢᠰᠤᠭᠠᠢ᠃ | ᠪᠠᠭᠰᠢ ᠨᠠᠷ ᠤᠨ ᠮᠡᠳᠡᠭᠡᠵᠢ ᠪᠠᠷ᠂ ᠬᠡᠯᠡ ᠪᠢᠴᠢᠭ ᠰᠤᠷᠬᠤ ᠨᠢ ᠭᠤᠤᠯᠳᠠᠭᠤ ᠤᠩᠰᠢᠬᠤ᠂ ᠪᠢᠴᠢᠬᠦ᠂ | ᠵᠣᠬᠢᠶᠠᠬᠤ ᠴᠢᠳᠠᠪᠤᠷᠢ ᠶᠢ ᠬᠦᠮᠦᠵᠢᠭᠦᠯᠳᠡᠭ᠃ ᠡᠶᠢᠨ ᠬᠦ᠂ ᠰᠤᠷᠤᠬᠴᠢᠤᠨ ᠤᠨ ᠤᠩᠰᠢᠯᠭ᠎ᠠ᠂ ᠪᠢᠴᠢᠯᠭᠡ᠂ ᠵᠣᠬᠢᠶᠠᠨ | ᠪᠦᠳᠦᠭᠡᠯᠭᠡ ᠶᠢ ᠴᠢᠬᠤᠯᠠᠴᠢᠯᠠᠬᠤ ᠬᠡᠷᠡᠭᠲᠡᠢ᠂ ᠬᠥᠨᠳᠦᠦᠨᠬᠡᠬᠦ ᠬᠡᠷᠡᠭᠲᠡᠢ᠃ ᠪᠢᠴᠢᠯᠭᠡ ᠶᠢ ᠬᠥᠨᠳᠦᠦᠨᠬᠡᠬᠦ ᠳᠤ ᠵᠥᠪ | ᠪᠢᠴᠢᠯᠭᠡ ᠶᠢ ᠴᠢᠬᠤᠯᠠᠴᠢᠯᠠᠨ ᠴᠢᠩᠭ᠎ᠠ ᠱᠠᠭᠠᠷᠳᠠᠬᠤ ᠶᠢᠨ ᠳᠠᠭᠠᠤ ᠵᠢᠭᠠᠨ ᠵᠢᠯᠤᠭᠤᠳᠤᠯᠭ᠎ᠠ ᠪᠠ ᠪᠣᠯᠪᠠᠰᠤᠷᠠᠯ ᠳᠠᠰᠬᠠᠯ ᠢ | ᠪᠣᠳᠠᠲᠠᠶᠢᠵᠢᠭᠤᠯᠬᠤ ᠬᠡᠷᠡᠭᠲᠡᠢ᠃ ᠵᠥᠪ ᠪᠢᠴᠢᠯᠭᠡ ᠳᠤ ᠵᠢᠯᠤᠭᠤᠳᠤᠯᠭ᠎ᠠ ᠬᠢᠬᠦ ᠳᠤ ᠪᠠᠨ ᠶᠠᠭᠤᠨ ᠤ ᠡᠮᠦᠨ᠎ᠡ | ᠦᠰᠦᠭ ᠤᠨ ᠡᠯᠧᠮᠧᠨ᠋ᠲ ᠢ ᠵᠥᠪ ᠲᠠᠨᠢᠭᠤᠯᠵᠤ ᠵᠥᠪ ᠪᠢᠴᠢᠭᠦᠯᠵᠦ ᠰᠤᠷᠭᠠᠬᠤ ᠬᠡᠷᠡᠭᠲᠡᠢ᠃ ᠦᠰᠦᠭ ᠤᠨ | ᠡᠯᠧᠮᠧᠨ᠋ᠲ ᠢ ᠪᠣᠷᠤᠭᠤ ᠪᠢᠴᠢᠪᠡᠯ ᠦᠰᠦᠭ ᠠᠶᠠᠨᠳᠠᠭᠠᠨ ᠲᠠᠰᠢᠶ᠎ᠠ ᠪᠣᠯᠬᠤ ᠶᠤᠮ᠃ ᠡᠶᠢᠨ ᠬᠦ ᠦᠰᠦᠭ ᠤᠨ | ᠡᠯᠧᠮᠧᠨ᠋ᠲ ᠢ ᠡᠷᠬᠡᠪᠰᠢ ᠪᠠᠷᠢᠮᠵᠢᠶ᠎ᠠ ᠶᠣᠰᠤᠭᠠᠷ ᠵᠥᠪ ᠪᠢᠴᠢᠬᠦ ᠬᠡᠷᠡᠭᠲᠡᠢ᠃ ᠲᠡᠷᠡᠴᠢᠯᠡᠨ ᠬᠡᠯᠡᠨ ᠤ ᠵᠦᠢ ᠶᠢᠨ | ᠶᠡᠷᠦ ᠶᠢᠨ ᠮᠡᠳᠡᠯᠭᠡ ᠶᠢ ᠡᠷᠬᠡᠪᠰᠢ ᠰᠠᠶᠢᠳᠤᠷ ᠵᠢᠭᠠᠵᠤ ᠬᠢᠨᠠᠮᠠᠭᠠᠢ ᠡᠵᠡᠮᠰᠢᠭᠦᠯᠬᠦ ᠬᠡᠷᠡᠭᠲᠡᠢ᠃ ᠬᠡᠯᠡᠨ ᠤ ᠵᠦᠢ ᠶᠢᠨ | ᠳᠣᠳᠤᠷᠠᠬᠢ ᠬᠤᠯᠪᠤᠬᠤ ᠡᠭᠡᠰᠢᠭ᠂ ᠡᠭᠡᠰᠢᠭ ᠵᠣᠬᠢᠴᠠᠬᠤ ᠶᠣᠰᠣ᠂ ᠤᠷᠳᠤᠣᠨᠬᠠᠯ ᠦᠶ᠎ᠡ᠂ ᠦᠭᠡ ᠪᠦᠳᠦᠭᠡᠬᠦ᠂ | ᠴᠢᠩᠭ᠎ᠠ ᠬᠦᠨᠳᠡᠢ ᠁ ᠮᠡᠳᠥ ᠶᠢᠨ ᠤᠯᠠᠩᠬᠢ ᠮᠡᠳᠡᠯᠭᠡ ᠨᠢ ᠴᠦᠮ ᠵᠥᠪ ᠪᠢᠴᠢᠯᠭᠡ ᠳᠤ ᠬᠠᠨᠳᠤᠭᠤᠯᠤᠨ ᠵᠥᠪ | ᠪᠢᠴᠢᠯᠭᠡ ᠶᠢ ᠵᠢᠯᠤᠭᠤᠳᠤᠬᠰᠠᠨ ᠪᠠᠶᠢᠳᠠᠭ᠃ ᠡᠶᠢᠨ ᠬᠦ ᠬᠡᠯᠡᠨ ᠤ ᠵᠦᠢ ᠶᠢᠨ ᠮᠡᠳᠡᠯᠭᠡ ᠶᠢ ᠰᠠᠶᠢᠳᠤᠷ ᠮᠡᠳᠡᠭᠦᠯᠬᠦ ᠶᠢ | ᠣᠮᠳᠤᠭᠠᠶᠢᠯᠠᠵᠤ ᠶᠠᠭ ᠪᠣᠯᠬᠤ ᠦᠭᠡᠢ ᠶᠤᠮ᠃ ︽ᠲᠡᠭᠷᠢ᠂ ᠬᠤᠤᠨᠳᠤᠭ᠂ ᠤᠭ᠍ᠶᠣ᠂ ᠪᠠᠷᠰ︾ ᠮᠡᠳᠥ ᠶᠢᠨ | ᠤᠯᠠᠮᠵᠢᠯᠠᠯᠲᠤ ᠪᠢᠴᠢᠯᠭᠡ ᠲᠠᠢ ᠦᠭᠡᠰ ᠢ ᠡᠷᠬᠡᠪᠰᠢ ᠦᠬᠦᠮᠡᠯ ᠢᠶᠠᠷ ᠪᠢᠴᠢᠭᠦᠯᠵᠦ ᠰᠤᠷᠭᠠᠬᠤ ᠬᠡᠷᠡᠭᠲᠡᠢ᠃ | ᠵᠥᠪ ᠪᠢᠴᠢᠯᠭᠡ ᠶᠢᠨ ᠵᠢᠭᠠᠨ ᠵᠢᠯᠤᠭᠤᠳᠤᠯᠭ᠎ᠠ ᠶᠢ ᠳᠠᠩᠳᠠ ᠬᠡᠯᠡ ᠪᠢᠴᠢᠭ ᠤᠨ ᠪᠠᠭᠰᠢ ᠳᠤ ᠨᠠᠶᠢᠳᠠᠵᠤ ᠪᠣᠯᠬᠤ | ᠦᠭᠡᠢ᠃ ᠬᠢᠴᠢᠶᠡᠯ ᠲᠥᠷᠥᠯ ᠤᠨ ᠪᠠᠭᠰᠢ ᠪᠦᠬᠦᠨ ᠴᠦᠮ ᠰᠤᠷᠤᠬᠴᠢᠤᠨ ᠤᠨ ᠳᠠᠰᠬᠠᠯ ᠤᠨ ᠳᠣᠳᠤᠷᠠᠬᠢ ᠲᠠᠰᠢᠶ᠎ᠠ | ᠦᠰᠦᠭ ᠢ ᠬᠢᠨᠠᠮᠠᠭᠠᠢ ᠰᠠᠶᠢᠬᠠᠨ ᠵᠠᠰᠠᠵᠤ ᠵᠥᠪ ᠪᠢᠴᠢᠯᠭᠡ ᠳᠤ ᠵᠢᠭᠠᠨ ᠵᠢᠯᠤᠭᠤᠣᠨᠬᠤ ᠡᠭᠦᠷᠭᠡ ᠬᠠᠷᠢᠭᠤᠴᠠᠯᠭ᠎ᠠ ᠲᠠᠢ | ᠪᠠᠶᠢᠬᠤ ᠬᠡᠷᠡᠭᠲᠡᠢ᠃ | ᠪᠢᠴᠢᠯᠭᠡ ᠶᠢᠨ ᠪᠣᠯᠪᠠᠰᠤᠷᠠᠯ ᠢ ᠣᠯᠠᠨᠲᠠ ᠬᠢᠬᠦ ᠨᠢ ᠳᠠᠷᠤᠢ ᠵᠥᠪ ᠪᠢᠴᠢᠯᠭᠡ ᠶᠢ ᠰᠠᠨᠠᠭᠠᠰᠢᠷᠠᠨ ᠦᠰᠦᠭ ᠢ ᠵᠥᠪ | ᠡᠵᠡᠮᠰᠢᠬᠦ ᠶᠢ ᠵᠣᠷᠢᠬᠰᠠᠨ ᠪᠠᠶᠢᠳᠠᠭ᠃ ᠪᠢᠴᠢᠯᠭᠡ ᠶᠢᠨ ᠪᠣᠯᠪᠠᠰᠤᠷᠠᠯ ᠳᠤ ᠬᠠᠭᠤᠯᠤᠨ ᠪᠢᠴᠢᠬᠦ ︵ᠴᠡᠪᠡᠷ ᠪᠢᠴᠢᠬᠦ︶᠂ | ᠴᠡᠭᠡᠵᠢ ᠪᠠᠷ ᠪᠢᠴᠢᠬᠦ᠂ ᠰᠣᠨᠤᠰᠴᠤ ᠪᠢᠴᠢᠬᠦ ᠵᠡᠷᠭᠡ ᠣᠯᠠᠨ ᠪᠠᠶᠢᠵᠤ᠂ ᠡᠨᠡ ᠨᠢ ᠴᠦᠮ ᠲᠠᠰᠬᠠᠯ ᠳᠠᠭᠠᠭᠠᠯᠭᠠᠪᠤᠷᠢ ᠲᠠᠢ | ᠪᠠᠶᠢᠵᠤ ᠲᠠᠭᠠᠷᠠᠨ᠎ᠠ᠃ ᠰᠣᠨᠤᠰᠴᠤ ᠪᠢᠴᠢᠬᠦ ᠨᠢ ᠳᠠᠷᠤᠢ ᠲᠤᠰᠬᠠᠶᠢᠯᠠᠨ ᠵᠥᠪ ᠪᠢᠴᠢᠯᠭᠡ ᠶᠢ ᠰᠢᠯᠭᠠᠨ ᠪᠠᠶᠢᠴᠠᠭᠠᠬᠰᠠᠨ | ᠪᠠᠶᠢᠳᠠᠭ᠃ ᠪᠢᠴᠢᠯᠭᠡ ᠶᠢᠨ ᠪᠣᠯᠪᠠᠰᠤᠷᠠᠯ ᠨᠢ ᠰᠤᠷᠤᠬᠴᠢᠤᠨ ᠤᠨ ᠭᠠᠷ ᠤᠨ ᠲᠢᠭ ᠤᠨ ᠰᠠᠶᠢᠵᠢᠷᠠᠯᠲᠠ ᠳᠤ ᠲᠣᠰᠠᠯᠠᠳᠠᠭ | ᠮᠦᠷᠲᠡᠭᠡᠨ ᠠᠯᠵᠠᠭᠤ ᠬᠤᠶᠢᠷᠭᠤ ᠪᠣᠯᠬᠤ ᠶᠢ ᠰᠡᠷᠭᠡᠶᠢᠯᠡᠵᠦ ᠴᠢᠳᠠᠨ᠎ᠠ᠃ | ᠵᠥᠪ ᠪᠢᠴᠢᠯᠭᠡ ᠳᠤ ᠵᠢᠯᠤᠭᠤᠳᠤᠯᠭ᠎ᠠ ᠪᠣᠯᠪᠠᠰᠤᠷᠠᠯ ᠴᠢᠬᠤᠯᠠ ᠪᠠᠶᠢᠵᠤ᠂ ᠪᠠᠶᠢᠩᠭᠤ ᠬᠦᠨᠳᠦᠦᠨᠬᠡᠪᠡᠯ ᠵᠣᠬᠢᠨ᠎ᠠ᠃ | | | |