ᠲᠦᠡᠭᠯᠢᠶᠤᠤ ᠬᠤᠲᠠ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠳᠠᠭᠤᠤ ᠬᠥᠭᠵᠢᠮ ︵ᠬᠤᠷᠴᠢᠨ︶︾ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠲᠤᠰᠬᠠᠶ ᠮᠡᠷᠭᠡᠵᠢᠯᠲᠡᠨ ᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/21
           
     9 ᠰᠠᠷ᠎ᠠ ᠶᠢᠨ 17 ᠤ ᠡᠳᠦᠷ᠂ ᠲᠦᠡᠭᠯᠢᠶᠤᠤ ᠬᠤᠲᠠ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠳᠠᠭᠤᠤ ᠬᠥᠭᠵᠢᠮ ︵ᠬᠤᠷᠴᠢᠨ︶︾ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠲᠤᠰᠬᠠᠶ ᠮᠡᠷᠭᠡᠵᠢᠯᠲᠡᠨ ᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠮᠠ ᠾᠦᠢ ᠵᠢᠶ ᠶᠠᠷᠢᠯᠴᠠᠬᠤ ᠬᠤᠷᠠᠯ ᠢ ᠡᠷᠭᠢᠯᠡᠵᠦ᠂ ᠠᠯᠳᠠᠷᠳᠦ ᠮᠣᠷᠢᠨ ᠬᠤᠭᠤᠷᠴᠢᠨ ᠴᠢ᠊ · ᠪᠤᠯᠠᠭ᠂ ᠮᠣᠩᠭᠤᠯ ᠦᠨᠳᠦᠰᠦᠲᠡᠨ ᠤ ᠰᠢᠯᠦᠭᠴᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠤᠷᠭᠠᠭᠤᠯᠢ ᠳᠤ ᠰᠠᠭᠤᠭ᠎ᠠ ᠵᠣᠬᠢᠶᠠᠯᠴᠢ᠂ ᠥᠪᠥᠷ ᠮᠣᠩᠭᠤᠯ ᠤᠨ ᠰᠢᠯᠦᠭ ᠳᠠᠭᠤᠯᠠᠯ ᠤᠨ ᠨᠡᠶᠢᠭᠡᠮᠯᠢᠭ ᠤᠨ ᠳᠠᠷᠤᠭ᠎ᠠ ᠠᠭᠤᠯᠠᠳᠠᠢ᠂ ᠤᠯᠤᠰ ᠤᠨ ᠨᠢᠭᠡᠳᠦᠭᠡᠷ ᠲᠠᠰ ᠤᠨ ᠠᠶ᠎ᠠ ᠵᠣᠬᠢᠶᠠᠭᠴᠢ᠂ ᠠᠯᠳᠠᠷᠲᠤ ᠮᠣᠩᠭᠤᠯ ᠦᠨᠳᠦᠰᠦᠲᠡᠨ ᠤ ᠬᠥᠭᠵᠢᠮ ᠤᠨ ᠵᠣᠬᠢᠶᠠᠯᠴᠢ ᠰᠢᠨᠵᠢᠯᠳᠦ ᠵᠡᠷᠭᠡ ᠤᠷᠠᠯᠢᠭᠴᠢᠨ᠂ ᠲᠤᠰᠬᠠᠶ ᠮᠡᠷᠭᠡᠵᠢᠯᠲᠡᠳ ᠤᠷᠢᠯᠭ᠎ᠠ ᠪᠠᠷ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠡᠯ᠎ᠡ ᠲᠤᠰᠬᠠᠶ ᠮᠡᠷᠭᠡᠵᠢᠯᠲᠡᠨ᠂ ᠤᠷᠠᠯᠢᠭᠴᠢᠳ ᠠᠴᠠ ᠰᠢᠨ᠎ᠡ ᠴᠠᠭ ᠦᠶ᠎ᠡ ᠳᠤ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠳᠠᠭᠤᠤ ᠬᠥᠭᠵᠢᠮ ︵ᠬᠤᠷᠴᠢᠨ︶︾ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠬᠡᠷᠬᠢᠨ ᠬᠦᠢᠴᠡᠳ ᠪᠠᠳᠠᠷᠠᠭᠤᠯᠬᠤ ᠂ ︽ᠬᠤᠷᠴᠢᠨ ᠤ ᠳᠠᠭᠤᠤ ᠬᠥᠭᠵᠢᠮ︾ ᠢ ᠪᠥᠬᠦ ᠤᠯᠤᠰ᠂ ᠴᠢᠨᠠᠭᠰᠢᠯᠠᠨ ᠪᠦᠬᠦ ᠳᠡᠯᠡᠬᠡᠶ ᠶᠢᠨ ᠲᠠᠪᠴᠠᠩ ᠳᠤ ᠭᠠᠷᠭᠠᠬᠤ ᠶᠢᠨ ᠲᠤᠭᠤᠷᠢᠨ ᠳᠤ ᠬᠦᠭᠵᠢᠶᠡᠨᠳᠠᠢ ᠶᠠᠷᠢᠯᠴᠠᠭᠰᠠᠨ ᠪᠠᠶᠢᠨ᠎ᠠ᠃      ᠮᠠ ᠾᠦᠢ ᠵᠢᠶ ᠳ᠋ᠦᠩᠨᠡᠯᠲᠡ ᠶᠢᠨ ᠶᠠᠷᠢᠶᠠᠨ ᠳᠤ ᠪᠠᠨ ᠡᠩ ᠲᠡᠷᠢᠭᠦᠨ ᠳᠤ ᠡᠯ᠎ᠡ ᠲᠤᠰᠬᠠᠶ ᠮᠡᠷᠭᠡᠵᠢᠯᠲᠡᠨ᠂ ᠤᠷᠠᠯᠢᠭᠴᠢᠳ ᠤᠨ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠵᠢᠯ ᠪᠠ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠳᠠᠭᠤᠤ ᠬᠥᠭᠵᠢᠮ ︵ᠬᠤᠷᠴᠢᠨ︶︾ ᠤᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠪᠠᠰᠠ᠂ ᠡᠯ᠎ᠡ ᠲᠤᠰᠬᠠᠶ ᠮᠡᠷᠭᠡᠵᠢᠯᠲᠡᠨ᠂ ᠤᠷᠠᠯᠢᠭᠴᠢᠳ ᠤᠨ ᠰᠠᠨᠠᠯ ᠰᠠᠨᠠᠭᠤᠯᠭ᠎ᠠ ᠶᠢ ᠬᠦᠢᠴᠡᠳ ᠭᠥᠯᠢᠶᠡᠨ ᠠᠪᠴᠤ᠂ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠳᠠᠭᠤᠤ ᠬᠥᠭᠵᠢᠮ ︵ᠬᠤᠷᠴᠢᠨ︶︾ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠪᠠ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠳᠡᠢ᠃ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠳᠠᠭᠤᠤ ᠬᠥᠭᠵᠢᠮ ︵ᠬᠤᠷᠴᠢᠨ︶︾ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠢ ᠪᠠᠶᠢᠭᠤᠯᠬᠤ ᠪᠤᠯ ᠨᠢᠭᠡ ᠵᠦᠢᠯ ᠤᠨ ᠰᠢᠨ᠎ᠡ ᠶᠢ ᠡᠭᠦᠳᠬᠦ ᠴᠢᠨᠠᠷᠲᠠᠶ᠂ ᠣᠷᠳᠣ ᠬᠤᠭᠤᠴᠠᠭᠠᠳᠦ ᠴᠢᠨᠠᠷᠲᠠᠶ ᠠᠵᠢᠯ ᠪᠣᠯᠤᠨ᠎ᠠ᠃ ᠪᠢᠳᠡ ᠡᠷᠬᠡᠪᠰᠢ ᠢᠲᠡᠭᠡᠯ ᠵᠣᠷᠢᠭ ᠢᠶᠠᠨ ᠴᠢᠩᠭᠠᠳᠬᠠᠵᠤ᠂ ᠰᠢᠭᠤᠳ ᠨᠡᠪᠲᠡᠷᠡᠭᠦᠯᠭᠡ ᠶᠢᠨ ᠲᠠᠪᠴᠠᠩ ᠢ ᠪᠠᠶᠢᠩᠭᠤᠵᠢᠭᠤᠯᠤᠨ ᠡᠵᠡᠩᠨᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ ᠬᠡᠵᠦ ᠵᠢᠭᠠᠵᠦ ᠭᠠᠷᠭᠠᠪᠠ᠃      ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号