ᠡᠮᠤᠨᠡᠬᠡᠨ᠂ ᠴᠠᠩᠴᠦ᠋ᠨ — ᠲᠦᠩᠯᠢᠶᠣᠤ ᠶᠢᠨ ᠰᠣᠶᠣᠯ ᠵᠢᠭᠤᠯᠴᠢᠯᠠᠯ ᠢ ᠵᠣᠯᠭᠠᠯᠴᠠᠭᠤᠯᠬᠤ ᠶᠠᠷᠢᠯᠴᠠᠬᠤ | ᠬᠤᠷᠠᠯ ᠬᠤᠷᠠᠯᠳᠤᠵᠤ᠂ ᠬᠠᠮᠲᠤᠷᠠᠨ ᠠᠵᠢᠯᠯᠠᠵᠤ ᠰᠣᠯᠢᠯᠴᠠᠬᠤ ᠲᠣᠭᠲᠠᠴᠠ ᠶᠢ ᠬᠠᠮᠲᠤ ᠪᠠᠷ ᠰᠤᠳᠤᠯᠤᠨ ᠶᠠᠷᠢᠯᠴᠠᠵᠤ᠂ | ᠰᠣᠶᠣᠯ ᠵᠢᠭᠤᠯᠴᠢᠯᠠᠯ ᠤᠨ ᠲᠠᠯ᠎ᠠ ᠪᠠᠷ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠪᠠᠷ ᠳᠠᠮᠵᠢᠵᠤ᠂ | ᠠᠵᠤ ᠦᠶᠯᠡᠰ ᠤᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠢᠶᠠᠨ ᠬᠤᠶᠠᠷ ᠲᠠᠯ᠎ᠠ ᠶᠢᠨ ᠬᠠᠮᠵᠢᠯᠴᠠᠭᠠᠨ ᠤ | ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠴᠠᠩᠴᠦ᠋ᠨ ᠪᠣᠯᠤᠨ ᠲᠦᠩᠯᠢᠶᠣᠤ ᠬᠤᠶᠠᠷ | ᠭᠠᠵᠠᠷ ᠤᠨ ᠰᠣᠶᠣᠯ ᠵᠢᠭᠤᠯᠴᠢᠯᠠᠯ ᠤᠨ ᠰᠣᠯᠢᠯᠴᠠᠭ᠎ᠠ ᠬᠠᠮᠵᠢᠯᠴᠠᠭ᠎ᠠ ᠶᠢᠨ ᠬᠢᠷᠢ ᠲᠦᠪᠰᠢᠨ᠂ ᠲᠠᠰ ᠳᠠᠪᠬᠤᠷᠭ᠎ᠠ ᠶᠢ | ᠳᠠᠶᠢᠴᠢᠯᠠᠨ ᠲᠡᠭᠡᠭᠰᠢᠯᠡᠭᠦᠯᠪᠡ᠃ | ᠶᠠᠷᠢᠯᠴᠠᠬᠤ ᠬᠤᠷᠠᠯ ᠳᠡᠭᠡᠷ᠎ᠡ᠂ ᠴᠠᠩᠴᠦ᠋ᠨ ᠬᠤᠲᠠ ᠪᠣᠯᠤᠨ ᠲᠦᠩᠯᠢᠶᠣᠤ ᠬᠤᠲᠠ ᠶᠢᠨ ᠬᠤᠶᠠᠷ ᠲᠠᠯ᠎ᠠ ᠶᠢᠨ | ᠲᠥᠯᠥᠭᠡᠯᠡᠭᠴᠢ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠵᠢᠴᠢ ᠣᠶᠢᠷ᠎ᠠ ᠶᠢᠨ ᠵᠢᠯ ᠤᠨ | ᠰᠣᠶᠣᠯ ᠵᠢᠭᠤᠯᠴᠢᠯᠠᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠲᠣᠪᠴᠢ ᠬᠠᠷᠢᠭᠤ ᠮᠡᠳᠡᠭᠦᠯᠦᠯᠲᠡ | ᠬᠢᠭᠰᠡᠨ ᠪᠥᠭᠡᠳ ᠲᠠᠷᠠᠭᠠᠴᠢ ᠶᠢᠨ ᠠᠯᠬᠤᠮ ᠳᠤ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠬᠡᠷᠬᠢᠨ ᠠᠬᠢᠭᠤᠯᠬᠤ | ᠲᠤᠬᠠᠶ ᠭᠦᠨᠵᠡᠭᠡᠶ ᠰᠣᠯᠢᠯᠴᠠᠭ᠎ᠠ ᠬᠢᠪᠠ᠃ | ᠴᠠᠩᠴᠦ᠋ᠨ — ᠲᠦᠩᠯᠢᠶᠣᠤ ᠶᠢᠨ ᠣᠷᠣᠨ ᠪᠦᠰᠡ ᠶᠢᠨ ᠬᠠᠮᠲᠤᠷᠠᠯᠴᠠᠭ᠎ᠠ᠂ ᠬᠤᠶᠠᠷ ᠭᠠᠵᠠᠷ ᠣᠷᠣᠨ ᠤ ᠬᠢᠨ | ᠤᠯᠤᠰ ᠤᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ | ᠂ ᠵᠡᠭᠦᠨ ᠬᠤᠶᠢᠳᠤ ᠣᠷᠣᠨ ᠢ ᠬᠥᠭᠵᠢᠭᠦᠯᠦᠨ ᠮᠠᠨᠳᠤᠭᠤᠯᠬᠤ ᠪᠠ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ︽ᠬᠤᠤᠰ ᠲᠥᠷᠥ ᠶᠢᠨ ᠪᠣᠳᠣᠯᠭ᠎ᠠ︾ ᠶᠢ ᠵᠣᠯᠭᠠᠭᠤᠯᠬᠤ ᠶᠢ ᠠᠬᠢᠭᠤᠯᠤᠭᠰᠠᠨ ᠪᠣᠳᠠᠲᠠᠶ ᠶᠢ | ᠡᠷᠬᠢᠮᠯᠡᠭᠰᠡᠨ ᠠᠷᠭ᠎ᠠ ᠬᠡᠮᠵᠢᠶ᠎ᠡ ᠪᠣᠯᠤᠨ᠎ᠠ᠃ ᠤᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠲᠠ ︽ᠤᠪᠤᠭᠠᠨ ᠳᠠᠬᠢ | ᠠᠭᠤᠯᠵᠠᠯᠳᠠ︾ ᠶᠢᠨ ᠵᠤᠭᠠᠴᠠᠯ ᠤᠨ ᠨᠠᠷᠠᠲᠤ ᠲᠠᠮᠳᠡᠭ ᠤᠨ ᠲᠣᠭᠤᠷᠢᠨ ᠳᠤ᠂ ᠪᠠᠶᠢᠷᠢᠯᠡᠭᠤᠯᠤᠯᠲᠠ ᠪᠠᠨ | ᠰᠢᠯᠢᠳᠡᠭᠵᠢᠭᠦᠯᠦᠨ᠂ ᠣᠷᠣᠭᠤᠯᠤᠯᠲᠠ ᠪᠠᠨ ᠨᠡᠮᠡᠭᠳᠡᠭᠦᠯᠵᠦ᠂ ᠤᠬᠠᠭᠤᠯᠭ᠎ᠠ ᠪᠠᠨ ᠥᠷᠭᠡᠳᠬᠡᠵᠦ᠂ ᠰᠤᠶᠤᠯ | ᠵᠢᠭᠤᠯᠴᠢᠯᠠᠯ ᠤᠨ ᠦᠢᠯᠡᠰ ᠯᠤᠳᠤ ᠶᠡᠭᠡ ᠬᠦᠭᠵᠢᠯᠳᠡ ᠲᠠᠢ ᠪᠤᠯᠪᠠ᠃ ᠰᠣᠶᠣᠯ ᠤᠨ ᠰᠣᠳᠣᠨ ᠪᠦᠲᠦᠭᠡᠯ ᠢ ᠡᠭᠦᠳᠦᠨ | ᠪᠦᠲᠦᠭᠡᠵᠦ ᠴᠡᠴᠡᠭᠯᠡᠭᠦᠯᠦᠨ ᠬᠥᠭᠵᠢᠭᠦᠯᠵᠦ᠂ ᠤᠯᠠᠨ ᠨᠡᠶᠢᠳᠡ ᠶᠢᠨ ᠦᠢᠯᠡᠴᠢᠯᠡᠭᠡᠨ ᠤ ᠬᠢᠷᠢ ᠲᠦᠪᠰᠢᠨ ᠲᠡᠭᠡᠭᠰᠢᠯᠡᠵᠤ | ᠂ ᠲᠡᠦᠭᠡᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠠᠵᠢᠯ ᠢᠯᠡᠳᠳᠡ ᠦᠷ᠎ᠠ ᠪᠦᠲᠦᠮᠵᠢ ᠤᠯᠵᠤ᠂ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠪᠥᠬᠦ ᠲᠠᠯ᠎ᠠ ᠪᠠᠷ ᠠᠬᠢᠭᠤᠯᠵᠤ᠂ | ᠦᠪᠡᠷᠳᠡᠭᠡᠨ ᠮᠠᠰᠢᠨ ᠵᠢᠯᠤᠭᠤᠳᠤᠨ ᠵᠤᠭᠠᠴᠠᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠱᠠᠲᠤᠴᠢ | ᠴᠢᠨᠠᠷᠲᠠᠢ ᠦᠷ᠎ᠠ ᠪᠦᠲᠦᠮᠵᠢ ᠤᠯᠵᠠᠢ᠃ | ᠬᠤᠶᠠᠷ ᠭᠠᠵᠠᠷ ᠤᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢᠨ ᠲᠤᠰᠡᠳᠡ᠂ ᠳᠤᠰ | ᠬᠤᠶᠠᠷ ᠬᠤᠲᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢᠶᠠᠨ ᠬᠠᠮᠲᠤ ᠪᠠᠷ ᠬᠤᠪᠢᠶᠠᠯᠴᠠᠬᠤ ᠶᠢ ᠢᠳᠡᠪᠬᠢᠳᠡᠢ | ᠠᠬᠢᠭᠤᠯᠵᠤ᠂ ᠰᠠᠯᠠᠭ᠎ᠠ ᠮᠥᠴᠢᠷ ᠤᠨ ᠪᠠᠶᠢᠩᠭᠤ ᠶᠢᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠤᠨ᠂ ᠬᠤᠶᠠᠷ | ᠭᠠᠵᠠᠷ ᠤᠨ ᠠᠵᠤ ᠠᠬᠤᠶᠢᠯᠠᠯ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠰᠣᠳᠣᠨ ᠰᠠᠶᠢᠨ | ᠵᠤᠭᠠᠴᠠᠯ ᠤᠨ ᠵᠠᠮ ᠱᠤᠭᠤᠮ ᠪᠠᠶᠢᠭᠤᠯᠬᠤ ᠪᠠᠷ ᠪᠤᠢ᠃ ᠬᠤᠶᠠᠷ ᠭᠠᠵᠠᠷ ᠤᠨ ᠰᠤᠶᠤᠯ ᠵᠢᠭᠤᠯᠴᠢᠯᠠᠯ ᠤᠨ ᠰᠤᠯᠢᠯᠴᠠᠭ᠎ᠠ | ᠬᠠᠮᠳᠤᠷᠠᠯᠴᠠᠭ᠎ᠠ ᠶᠢ ᠢᠳᠡᠪᠬᠢᠳᠡᠢ ᠠᠬᠢᠭᠤᠯᠵᠤ᠂ ᠬᠦᠨᠳᠦ ᠴᠢᠬᠤᠯᠠ ᠠᠵᠢᠯᠯᠠᠭ᠎ᠠ ᠳᠤ ᠬᠠᠷᠢᠯᠴᠠᠨ ᠰᠤᠯᠢᠯᠴᠠᠬᠤ | ᠲᠤᠭᠳᠠᠴᠠ ᠪᠠᠶᠢᠭᠤᠯᠤᠨ᠂ ᠬᠤᠶᠠᠷ ᠭᠠᠵᠠᠷ ᠤᠨ ᠤᠯᠠᠨ ᠲᠦᠮᠡᠨ ᠤ ᠰᠤᠶᠤᠯ ᠤᠨ ᠰᠤᠯᠢᠯᠴᠠᠭ᠎ᠠ᠂ ᠬᠠᠷᠢᠯᠴᠠᠨ | ᠰᠤᠷᠤᠯᠴᠠᠯᠭ᠎ᠠ ᠪᠠ ᠰᠤᠶᠤᠯ ᠢᠶᠠᠷ ᠠᠷᠠᠳ ᠲᠤ ᠠᠰᠢᠭ ᠬᠦᠷᠳᠡᠭᠡᠬᠦ ᠠᠵᠢᠯᠯᠠᠭ᠎ᠠ ᠦᠷᠨᠢᠭᠦᠯᠵᠤ᠂ ᠤᠬᠠᠭᠤᠯᠤᠨ | ᠲᠠᠨᠢᠯᠴᠠᠭᠤᠯᠬᠤ ᠬᠠᠮᠳᠤᠷᠠᠯᠴᠠᠭ᠎ᠠ ᠪᠠᠨ ᠴᠢᠩᠭᠠᠳᠬᠠᠵᠤ᠂ ᠺᠢᠨᠣ᠋ ᠲᠧᠯᠸᠢᠰ ᠤᠨ ᠰᠤᠯᠢᠯᠴᠠᠭ᠎ᠠ ᠬᠠᠮᠳᠤᠷᠠᠯᠴᠠᠭ᠎ᠠ ᠶᠢ | ᠠᠬᠢᠭᠤᠯᠬᠤ ᠪᠠᠷ ᠪᠠᠶᠢᠨ᠎ᠠ᠃ | | |