ᠵᠠᠷᠤᠳ ᠠᠷᠡᠳ ᠤᠨ ᠣᠷᠳᠣ ᠶᠢᠨ ᠲᠠᠭᠤᠣ ᠶᠢᠨ ᠰᠢᠢᠳᠪᠤᠷᠢᠳᠤ ᠤᠷᠤᠯᠳᠤᠭᠠᠨ ᠳᠤ ᠮᠠᠯᠴᠢᠨ ᠣᠳᠬᠤᠨᠪᠠᠶᠠᠷ ᠲᠡᠷᠢᠬᠦᠯᠡᠯ᠎ᠡ
ᠨᠡᠶᠢᠲᠡᠯᠡᠭᠰᠡᠨ ᠴᠠᠭ᠄
2020/9/7
           
     ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ ᠪᠠᠳᠠᠷᠠᠭᠤᠯᠤᠨ ᠬᠥᠭᠵᠢᠭᠦᠯᠵᠣ᠂ ᠦᠨᠳᠦᠰᠦᠲᠡᠨ ᠤ ᠰᠣᠶᠣᠯ ᠤᠨ ᠭᠦᠨ ᠵᠤᠵᠠᠭᠠᠨ ᠠᠭᠤᠯᠬᠤᠨ ᠪᠠ ᠥᠪᠡᠷᠮᠢᠴᠡ ᠲᠠᠲᠠᠬᠤ ᠬᠦᠴᠦᠨ ᠢ ᠬᠦᠢᠴᠡᠳ ᠢᠯᠡᠷᠡᠭᠦᠯᠬᠦ ᠶᠢᠨ ᠲᠦᠯᠣᠬᠡ᠂ ᠣᠶᠢᠷ᠎ᠡ ᠶᠢᠨ ᠡᠳᠦᠷ᠂ ᠵᠠᠷᠤᠳ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠵᠠᠷᠤᠳ ᠠᠷᠠᠳ ᠤᠨ ᠤᠷᠲᠤ ᠶᠢᠨ ᠲᠠᠭᠤᠣ ᠶᠢᠨ ᠰᠢᠢᠳᠪᠤᠷᠢᠳᠤ ᠤᠷᠤᠯᠳᠤᠭᠠᠨ ᠵᠠᠷᠣᠳ ᠬᠤᠰᠢᠭᠤᠨ ᠤ ᠰᠣᠶᠣᠯ ᠤᠬᠠᠭᠤᠯᠭ᠎ᠠ ᠶᠢᠨ ᠲᠥᠪ ᠲᠤ ᠶᠠᠪᠤᠭᠳᠠᠪᠠ᠃      ᠵᠠᠷᠤᠳ ᠠᠷᠠᠳ ᠤᠨ ᠣᠷᠳᠣ ᠶᠢᠨ ᠲᠠᠭᠤᠣ ᠶᠢᠨ ᠰᠢᠢᠳᠪᠣᠷᠢᠳᠣ ᠤᠷᠤᠯᠳᠤᠭᠠᠨ ᠳᠤ᠂ ᠠᠷᠪᠠᠨ ᠬᠤᠶᠠᠷ ᠤᠷᠲᠤ ᠶᠢᠨ ᠳᠠᠭᠤᠴᠢᠨ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠭᠤᠶᠣᠯᠠᠵᠣ᠂ ︽ᠵᠢᠢ ᠲᠠᠯ᠎ᠠ ᠶᠢᠨ ᠭᠤᠷᠭᠤᠣᠯ︾᠂ ︽ᠲᠤᠭᠤᠰ ᠠᠩᠭ᠎ᠠ︾᠂ ︽ᠰᠣᠬᠠᠢ ᠬᠤᠶᠠᠷ ᠮᠣᠳᠣ︾᠂ ︽ᠡᠭᠦᠯᠡᠨ ᠬᠥᠬᠡ︾᠂ ︽ᠬᠤᠯᠣᠰᠣᠨ ᠰᠢᠷᠭ᠎ᠠ︾᠂ ︽ᠵᠣᠯᠵᠠᠭᠠᠨ ᠬᠤᠩᠭᠤᠷ ᠭᠠᠯᠠᠭᠤ︾ ᠵᠡᠷᠭᠡ ᠵᠠᠷᠣᠳ ᠠᠷᠡᠳ ᠤᠨ ᠤᠷᠲᠤ ᠶᠢᠨ ᠲᠠᠭᠤᠣ ᠶᠢ ᠬᠦᠡᠭᠭᠢᠨᠡᠮ᠎ᠡ ᠰᠠᠶᠢᠬᠠᠨ ᠬᠠᠩᠬᠢᠨᠠᠭᠤᠯᠵᠣ᠂ ᠲᠤᠬᠠᠶ ᠶᠢᠨ ᠲᠠᠯᠠᠪᠣᠷ ᠲᠤ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠲᠠ ᠦᠭᠡᠢ ᠨᠢᠵᠢᠭᠢᠨᠡᠪᠡ᠃ ᠬᠤᠷᠴᠠ ᠰᠢᠷᠦᠭᠦᠨ ᠦᠷᠢᠰᠣᠯᠳᠣᠬᠡᠨ ᠢᠶᠠᠷ ᠳᠠᠮᠵᠢᠨ᠂ ᠳᠣᠯᠣᠲᠤ ᠰᠤᠮᠤ ᠶᠢᠨ ᠯᠦᠵᠢᠶᠧ ᠭᠠᠴᠠᠭ᠎ᠠ ᠨᠣᠳᠤᠭ ᠲᠠᠢ ᠮᠠᠯᠴᠢᠨ ᠳᠠᠭᠤᠴᠢᠨ ᠣᠳᠬᠤᠨᠪᠠᠶᠠᠷ ᠨᠢᠭᠡᠳᠦᠭᠡᠷ ᠲᠡᠰ ᠲᠤ ᠲᠣᠳᠣᠷᠡᠯ᠎ᠠ᠃      ︽ᠪᠢ ᠨᠠᠢᠮᠠᠨ ᠨᠠᠰᠣᠨ ᠠᠴᠠ ᠪᠠᠨ ᠠᠪᠤ ᠡᠵᠢ ᠪᠠᠨ ᠲᠠᠭᠠᠵᠣ ᠣᠷᠳᠣ ᠶᠢᠨ ᠲᠠᠭᠤᠣ ᠶᠢ ᠰᠣᠷᠴᠠᠢ᠂ ᠣᠳᠣ ᠨᠢᠬᠡᠨᠳᠡ 30 ᠭᠠᠷᠣᠢ ᠵᠢᠯ ᠪᠣᠯᠴᠢᠬᠠᠭᠰᠠᠨ ᠪᠠᠶᠢᠨ᠎ᠠ᠃ ᠡᠨᠡ ᠣᠳᠠᠭᠠᠨ ᠤ ᠬᠤᠰᠢᠭᠤᠨ ᠠᠴᠠ ᠵᠣᠬᠢᠶᠠᠨ ᠪᠠᠶᠢᠭᠤᠯᠣᠭᠰᠠᠨ ᠣᠷᠳᠣ ᠶᠢᠨ ᠲᠠᠭᠤᠣ ᠶᠢᠨ ᠣᠷᠤᠯᠳᠣᠭᠠᠨ ᠳᠤ ᠣᠷᠣᠯᠴᠠᠭᠠᠳ ᠮᠠᠰᠢ ᠪᠠᠶᠠᠷᠯᠠᠵᠣ ᠪᠠᠶᠢᠨ᠎ᠠ᠂ ᠬᠤᠶᠢᠰᠢᠳᠡ ᠪᠠᠨ ᠡᠶᠢᠮᠣᠷᠬᠦᠣ ᠠᠵᠢᠯᠯᠠᠭ᠎ᠠ ᠶᠢ ᠢᠯᠡᠬᠦᠬᠡᠨ ᠡᠷᠬᠢᠯᠡᠬᠦ ᠶᠢ ᠬᠦᠰᠡᠵᠣ ᠪᠠᠶᠢᠨ᠎ᠠ︾ ᠬᠡᠵᠣ ᠣᠳᠬᠤᠨᠪᠠᠶᠠᠷ ᠪᠠᠶᠠᠷᠯᠠᠩᠭᠤᠢ ᠶᠠᠷᠢᠨ᠎ᠠ᠃      ᠲᠤᠰ ᠤᠳᠠᠭᠠᠨ ᠤ ᠵᠠᠷᠤᠳ ᠠᠷᠠᠳ ᠤᠨ ᠤᠷᠲᠤ ᠶᠢᠨ ᠲᠠᠭᠤᠣ ᠶᠢᠨ ᠰᠢᠢᠳᠪᠤᠷᠢᠳᠤ ᠤᠷᠤᠯᠳᠤᠭᠠᠨ ᠨᠢ ᠵᠠᠷᠣᠳ ᠬᠤᠰᠢᠭᠤᠨ ᠤ ᠤᠷᠲᠤ ᠶᠢᠨ ᠳᠠᠭᠤᠨ ᠳᠤ ᠪᠠᠭ᠋ᠠᠲᠠᠶ ᠬᠥᠮᠦᠰ ᠲᠤ ᠥᠪᠡᠷ ᠢ ᠪᠠᠨ ᠭᠠᠶᠢᠬᠠᠭᠤᠯᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ ᠥᠷᠭᠡᠨ ᠣᠯᠠᠨ ᠲᠦᠮᠡᠨ ᠤ ᠬᠤᠯᠠ ᠶᠢᠨ ᠬᠠᠷᠠᠴᠠ ᠶᠢ ᠶᠡᠭᠡ ᠪᠠᠷ ᠨᠡᠬᠡᠬᠡᠭᠳᠡᠬᠦᠯᠵᠣ ᠂ ᠵᠠᠷᠣᠳ ᠬᠤᠰᠢᠭᠤᠨ ᠤ ᠤᠷᠲᠤ ᠶᠢᠨ ᠳᠠᠭᠤᠤ ᠶᠢᠨ ᠦᠢᠯᠡᠰ ᠤᠨ ᠬᠥᠭᠵᠢᠯᠲᠡ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠬᠦᠯᠦᠭᠰᠡᠨ ᠪᠠᠶᠢᠨ᠎ᠠ᠃
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号