ᠺᠠᠶᠢᠯᠦ ᠰᠢᠶᠠᠨ ᠭᠤᠷᠪᠠᠨ ᠠᠵᠤ ᠦᠶᠯᠡᠰ ᠢ ᠠᠭᠤᠰᠤᠯᠴᠠᠭᠤᠯᠤᠨ ᠤᠯᠤᠰ ᠤᠨ ᠲᠠᠰ ᠤᠨ ᠲᠦᠭᠦᠬᠡᠶ ᠮᠠᠲ᠋ᠧᠷᠢᠶᠠᠯ ᠤᠨ ᠡᠮ ᠤᠨ ᠦᠶᠯᠡᠳᠪᠦᠷᠢᠯᠡᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2021/11/29
     ᠺᠠᠶᠢᠯᠦ ᠰᠢᠶᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ ᠪᠣᠯᠤᠨ ᠡᠷᠳᠡᠨᠢ ᠰᠢᠰᠢ ᠶᠢᠨ ᠠᠵᠤ ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠵᠤ᠂ ᠭᠤᠷᠪᠠᠨ ᠠᠵᠤ ᠦᠢᠯᠡᠰ ᠤᠨ ᠠᠭᠤᠰᠤᠯᠴᠠᠯ ᠢ ᠪᠦᠬᠦ ᠬᠡᠯᠬᠢᠶ᠎ᠡ ᠪᠠᠷ ᠬᠥᠭᠵᠢᠭᠦᠯᠬᠦ ᠶᠢ ᠪᠠᠷᠢᠮᠲᠠᠯᠠᠵᠤ᠂ ᠤᠯᠤᠰ ᠤᠨ ᠲᠡᠰ ᠤᠨ ᠲᠦᠭᠦᠬᠡᠢ ᠮᠠᠲ᠋ᠧᠷᠢᠶᠠᠯ ᠤᠨ ᠡᠮ ᠤᠨ ᠦᠢᠯᠡᠳᠪᠦᠷᠢᠯᠡᠯ ᠤᠨ ᠰᠠᠭᠤᠷᠢᠨ ᠢ ᠪᠦᠬᠦ ᠬᠦᠴᠦᠨ ᠢᠶᠠᠷ ᠪᠠᠶᠢᠭᠤᠯᠪᠠ᠃      ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠴᠢᠬᠤᠯᠠᠴᠢᠯᠠᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠥᠷᠭᠡᠳᠬᠡᠨ ᠪᠤᠵᠠᠭᠠᠶᠢᠷᠠᠭᠤᠯᠤᠨ᠎ᠠ᠃ ᠣᠳᠣᠬᠠᠨ ᠳᠤ᠂ ᠲᠣᠰ ᠰᠢᠶᠠᠨ ᠳᠤ ᠨᠢᠭᠡᠨᠲᠡ ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ 25 ᠠᠵᠤ ᠠᠬᠤᠶᠢᠯᠠᠯ ᠪᠠᠶᠢᠷᠢᠰᠢᠵᠤ᠂ ᠵᠢᠯ ᠳᠤ 260 ᠲᠦᠮᠡᠨ ᠲᠣᠨ ᠡᠷᠳᠡᠨᠢ ᠰᠢᠰᠢ ᠶᠢ ᠬᠤᠪᠢᠷᠠᠭᠤᠯᠤᠨ᠂ 160 ᠡᠷᠳᠡᠨᠢ ᠰᠢᠰᠢ ᠶᠢ ᠨᠠᠷᠢᠯᠢᠭ ᠡᠳ᠋ᠰᠢᠭᠦᠯᠬᠦ ᠪᠦᠲᠦᠭᠡᠭᠳᠡᠬᠦᠨ ᠢ ᠦᠶᠯᠡᠳᠪᠦᠷᠢᠯᠡᠵᠦ ᠪᠣᠶ᠃ ᠰᠢᠷᠣᠶ ᠶᠢᠨ ᠬᠦᠬᠡᠴᠦᠰᠦ ᠶᠢᠨ ᠡᠳ᠋ ᠤᠨ ᠱᠦᠯᠲᠦ ᠶᠢᠨ ᠵᠢᠯ ᠤᠨ ᠭᠠᠷᠤᠯᠲᠠ 9500 ᠲᠣᠨ ᠪᠠᠶᠢᠵᠤ᠂ ᠪᠥᠬᠦ ᠤᠯᠤᠰ ᠤᠨ 48% ᠶᠢ ᠡᠵᠡᠯᠡᠨ᠎ᠡ︔ ᠬᠦᠴᠦᠲᠦ ᠬᠦᠬᠡᠴᠦᠰᠦ ᠶᠢᠨ ᠵᠢᠯ ᠤᠨ ᠭᠠᠷᠤᠯᠲᠠ 1000 ᠲᠣᠨ ᠪᠠᠶᠢᠵᠤ᠂ ᠪᠦᠬᠦ ᠤᠯᠤᠰ ᠤᠨ 18% ᠶᠢ ᠡᠵᠡᠯᠡᠨ᠎ᠡ᠃      ᠰᠠᠭᠤᠷᠢ ᠶᠢ ᠪᠠᠬᠢᠵᠢᠭᠦᠯᠬᠦ ᠶᠢ ᠴᠢᠬᠤᠯᠠᠴᠢᠯᠠᠵᠤ᠂ ᠲᠤᠯᠭᠠᠭᠤᠷᠢᠯᠠᠯ ᠢ ᠴᠢᠩᠭᠠᠳᠬᠠᠵᠤ᠂ ᠤᠯᠤᠰ ᠤᠨ ᠲᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠤᠨ᠎ᠠ᠃ ᠲᠣᠰ ᠰᠢᠶᠠᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠳᠤ ᠨᠡᠶᠢᠲᠡ 20 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ︽ᠲᠤᠯᠤᠭᠠᠨ ᠬᠥᠨᠳᠡᠯᠡᠨ ᠲᠤᠯᠤᠭᠠᠨ ᠭᠤᠯᠳᠤ︾ ᠵᠠᠮ ᠢ 50 ᠺᠢᠯᠣᠮᠧᠲᠷ ᠪᠥᠲᠥᠭᠡᠨ ᠪᠠᠶᠢᠭᠤᠯᠪᠠ︔ 66 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢ 4 ᠪᠠᠶᠢᠭᠤᠯᠵᠤ᠂ ᠠᠵᠤ ᠠᠬᠤᠶᠢᠯᠠᠯ ᠳᠤ ᠬᠤᠤᠰ ᠪᠤᠴᠠᠯ ᠬᠡᠯᠬᠢᠶᠡᠨ ᠤ ᠴᠠᠬᠢᠯᠭᠠᠨ ᠡᠭᠦᠰᠭᠡᠭᠴᠢ ᠶᠢᠨ ᠪᠠᠲᠤᠯᠠᠭ᠎ᠠ ᠶᠢ ᠬᠠᠩᠭᠠᠨ᠎ᠠ︔ ᠡᠳᠦᠷ ᠲᠤ 5 ᠲᠦᠮᠡᠨ ᠲᠣᠨ ᠲᠤᠰᠬᠠᠶ ᠬᠡᠷᠡᠭᠯᠡᠭᠡᠨ ᠤ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ 2 ᠰᠠᠭᠤᠷᠢ᠂ 408 ᠲᠣᠨ ᠬᠠᠲᠠᠭᠤ ᠬᠠᠶᠠᠭᠳᠠᠮᠠᠯ ᠪᠤᠳᠠᠰ ᠤᠨ ᠲᠠᠯᠠᠪᠠᠶ 1 ᠭᠠᠵᠠᠷ᠂ 50 ᠲᠣᠨ ᠪᠣᠬᠢᠷ ᠰᠢᠪᠠᠷ ᠢ ᠲᠥᠪᠯᠡᠷᠡᠭᠦᠯᠦᠨ ᠰᠢᠶᠳᠪᠦᠷᠢᠯᠡᠬᠦ ᠲᠥᠪ 1 ᠰᠠᠭᠤᠷᠢ ᠶᠢ ᠪᠠᠶᠢᠭᠤᠯᠵᠤ ᠳᠠᠭᠤᠰᠬᠠᠨ᠂ ᠵᠢᠯ ᠳᠤ 9 ᠲᠦᠮᠡᠨ ᠲᠣᠨ ᠪᠠᠺᠲ᠋ᠧᠷᠢ ᠶᠢᠨ ᠰᠢᠭᠠᠷᠤ ᠶᠢᠨ ᠣᠷᠭᠠᠨᠢᠭ ᠪᠣᠷᠲᠣᠭᠤᠷ ᠪᠣᠯᠭᠠᠨ ᠬᠤᠪᠢᠷᠠᠭᠤᠯᠬᠤ ᠲᠥᠷᠥᠯ ᠵᠦᠶᠯ ᠢ 1 ᠣᠷᠣᠭᠤᠯᠤᠨ᠎ᠠ︔ ᠬᠦᠷᠢᠶᠡᠯᠡᠩ ᠲᠣᠭᠤᠷᠢᠭ ᠲᠤ ᠲᠥᠪᠯᠡᠷᠡᠭᠦᠯᠦᠨ ᠢᠯᠴᠢ ᠬᠠᠩᠭᠠᠵᠤ ᠠᠭᠤᠷ ᠬᠠᠩᠭᠠᠬᠤ ᠶᠢ ᠪᠡᠶᠡᠯᠡᠭᠦᠯᠵᠦ᠂ ᠢᠯᠴᠢ ᠴᠠᠬᠢᠯᠭᠠᠨ ᠤ ᠬᠠᠮᠲᠤᠷᠠᠨ ᠦᠶᠯᠡᠳᠪᠦᠷᠢᠯᠡᠬᠦ ᠲᠥᠷᠥᠯ ᠵᠦᠶᠯ ᠢ 2 ᠰᠢᠨ᠎ᠡ ᠪᠠᠷ ᠪᠠᠶᠢᠭᠤᠯᠵᠤ᠂ ᠠᠭᠤᠷ ᠤᠨ ᠬᠤᠭᠤᠯᠠᠶ ᠶᠢ 12.5 ᠺᠢᠯᠣᠮᠧᠲᠷ ᠢᠵᠢ ᠪᠥᠷᠢᠳᠦᠭᠦᠯᠵᠦ᠂ ᠵᠢᠯ ᠳᠤ 1.3 ᠳ᠋ᠦᠩᠰᠢᠭᠤᠷ ᠭᠷᠠᠳᠦ᠋ᠰ ᠤᠨ ᠴᠠᠬᠢᠯᠭᠠᠨ ᠭᠠᠷᠭᠠᠵᠤ᠂ 180 ᠲᠦᠮᠡᠨ ᠲᠣᠨ ᠠᠭᠤᠷ ᠬᠠᠩᠭᠠᠨ᠎ᠠ᠃ ᠣᠳᠣᠬᠠᠨ ᠳᠤ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠦᠭᠰᠡᠨ ᠲᠠᠯᠠᠪᠠᠶ ᠨᠢ 29 ᠲᠡᠭᠰᠢ ᠳᠥᠷᠪᠡᠯᠵᠢᠨ ᠺᠢᠯᠣᠮᠧᠲᠷ᠂ ᠪᠠᠶᠢᠭᠤᠯᠤᠭᠰᠠᠨ ᠲᠣᠭᠤᠷᠢᠭ ᠨᠢ 14.7 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠳᠠᠭᠠᠭᠠᠨ ᠠᠪᠤᠭᠰᠠᠨ ᠠᠵᠤ ᠦᠶᠯᠡᠰ ᠤᠨ ᠰᠢᠯᠵᠢᠯᠲᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠠᠵᠤ ᠦᠶᠯᠡᠳᠪᠦᠷᠢ ᠶᠢᠨ ᠣᠷᠴᠢᠯ ᠠᠵᠤ ᠠᠬᠤᠶ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ︽ᠬᠤᠤᠰ ᠵᠠᠭᠤᠨ ᠳ᠋ᠦᠩᠰᠢᠭᠤᠷ ᠲᠥᠭᠦᠷᠢᠭ ᠤᠨ ᠢᠨᠵᠧᠨᠧᠷᠢᠩ︾ ᠤᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠬᠦᠷᠢᠶᠡᠯᠡᠩ ᠲᠣᠭᠤᠷᠢᠭ ᠢᠶᠠᠷ ᠦᠨᠡᠯᠡᠭᠳᠡᠪᠡ᠃      ᠦᠢᠯᠡᠴᠢᠯᠡᠬᠦ ᠪᠠᠷ ᠦᠨᠳᠦᠰᠦ ᠪᠣᠯᠭᠠᠬᠤ᠂ ᠬᠤᠳᠠᠯᠳᠤᠭᠠᠴᠢᠨ ᠢ ᠳᠣᠲᠣᠨᠣᠴᠢᠯᠠᠨ ᠠᠵᠤ ᠠᠬᠤᠶᠢᠯᠠᠯ ᠢ ᠳᠡᠮᠵᠢᠬᠦ ᠶᠢ ᠴᠢᠬᠤᠯᠠᠴᠢᠯᠠᠵᠤ᠂ ᠬᠠᠮᠤᠭ ᠤᠨ ᠰᠢᠯᠢᠳᠡᠭ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ ᠲᠤᠰ ᠰᠢᠶᠠᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠪᠠᠷ ᠬᠥᠭᠵᠢᠯᠲᠡ ᠶᠢᠨ ︽ᠠᠮᠢᠨ ᠰᠤᠳᠠᠰᠤ︾ ᠪᠣᠯᠭᠠᠵᠤ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠲᠠᠨᠢᠯᠲᠠ ᠪᠠᠨ ᠭᠦᠨᠵᠡᠭᠡᠶᠢᠷᠡᠭᠦᠯᠬᠦ᠂ ᠵᠣᠭᠰᠣᠴᠠ ᠪᠠᠨ ᠳᠡᠭᠡᠭᠰᠢᠯᠡᠭᠦᠯᠬᠦ᠂ ᠦᠵᠡᠯ ᠰᠠᠨᠠᠭ᠎ᠠ ᠪᠠᠨ ᠴᠢᠯᠥᠭᠡᠯᠡᠬᠦ᠂ ᠰᠠᠨᠠᠭᠠᠴᠢᠯᠠᠭ᠎ᠠ ᠠᠴᠠ ᠪᠠᠨ ᠬᠦᠳᠦᠯᠦᠨ ᠳᠠᠭᠠᠭᠤᠯᠬᠤ ᠶᠢ ᠠᠬᠢᠭᠤᠯᠵᠤ᠂ ᠬᠤᠳᠠᠯᠳᠤᠭᠠᠴᠢᠨ ᠢ ᠳᠣᠲᠣᠨᠣᠴᠢᠯᠠᠨ ᠠᠵᠤ ᠠᠬᠤᠶᠢᠯᠠᠯ ᠢ ᠲᠤᠰᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠳᠥᠭᠦᠮᠴᠢᠯᠡᠬᠦ᠂ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠬᠤ᠂ ᠭᠠᠶᠢᠯᠢ ᠶᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ᠂ ᠠᠵᠤ ᠠᠬᠤᠶᠢᠯᠠᠯ ᠤᠨ ᠥᠪᠡᠷ ᠤᠨ ᠦᠷᠲᠡᠭ ᠢ ᠪᠠᠭᠤᠷᠠᠭᠤᠯᠬᠤ᠂ ᠵᠠᠬ᠎ᠠ ᠳᠡᠯᠭᠡᠭᠦᠷ ᠲᠤ ᠭᠠᠷᠭᠠᠬᠤ ᠪᠠ ᠴᠢᠳᠠᠪᠤᠷᠢᠲᠠᠨ ᠢ ᠱᠠᠩᠨᠠᠬᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ 20 ᠵᠤᠷᠪᠤᠰ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠵᠤ᠂ ᠵᠠᠬ᠎ᠠ ᠳᠡᠯᠭᠡᠭᠦᠷ ᠤᠨ ᠠᠮᠢᠳᠤᠯᠢᠭ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠤᠯᠠᠮ ᠨᠢᠭᠡ ᠠᠯᠬᠤᠮ ᠴᠢᠩᠭᠠᠳᠬᠠᠪᠠ᠃
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号