ᠺᠠᠶᠢᠯᠦ ᠰᠢᠶᠠᠨ ᠲᠤᠰᠬᠠᠶ ᠵᠦᠶᠯ ᠤᠨ ᠢᠯᠭᠠᠷᠠᠭᠤᠯᠤᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠥᠷᠨᠢᠭᠦᠯᠵᠦ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠪᠠ
ᠨᠡᠶᠢᠲᠡᠯᠡᠭᠰᠡᠨ ᠴᠠᠭ᠄
2021/11/30
     ᠣᠶᠢᠷ᠎ᠠ ᠶᠢᠨ ᠵᠢᠯ ᠳᠤ᠂ ᠺᠠᠶᠢᠯᠦ ᠰᠢᠶᠠᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠭᠠᠳᠤᠶ ᠪᠠᠶᠢᠴᠠᠭᠠᠬᠤ ᠲᠤᠰᠢᠶᠠᠯᠲᠠᠨ ᠡᠷᠡᠭᠦᠦ ᠶᠢᠨ ᠬᠡᠷᠡᠭ ᠢ ᠰᠢᠶᠳᠪᠦᠷᠢᠯᠡᠬᠦ ᠶᠠᠪᠤᠴᠠ ᠳᠤ᠂ ᠣᠯᠠᠩᠬᠢ ᠲᠣᠭᠠᠨ ᠤ ᠨᠠᠰᠤᠨ ᠳᠤ ᠥᠯᠥ ᠬᠦᠷᠦᠭᠰᠡᠳ ᠤᠨ ᠪᠡᠶ᠎ᠡ ᠳᠡᠭᠡᠷ᠎ᠡ ᠠᠴᠠ ᠠᠳᠠᠯᠢ ᠪᠤᠰᠤ ᠬᠡᠮᠵᠢᠶ᠎ᠡ ᠪᠠᠷ ᠵᠢᠷᠤᠭ ᠰᠢᠪᠡᠬᠦ᠂ ᠵᠢᠷᠤᠭ ᠰᠢᠪᠡᠭᠰᠡᠨ ᠤᠴᠢᠷ ᠰᠢᠯᠲᠠᠭᠠᠨ ᠢ ᠯᠠᠪᠯᠠᠪᠠᠯ᠂ ᠵᠠᠷᠢᠮ ᠨᠢ ᠥᠪᠡᠷᠮᠢᠴᠡ ᠵᠠᠩ ᠠᠷᠠᠨᠰᠢᠨ ᠢᠶᠠᠨ ᠢᠯᠡᠷᠡᠭᠦᠯᠬᠦ᠂ ᠵᠠᠷᠢᠮ ᠨᠢ ᠰᠣᠬᠤᠷ ᠪᠠᠯᠠᠶ ᠪᠠᠷ ᠳᠠᠭᠠᠵᠤ᠂ ᠵᠢᠷᠤᠭ ᠰᠢᠪᠡᠪᠡᠯ ᠬᠡᠴᠡᠭᠦᠦ ᠰᠠᠶᠢᠨ ᠭᠡᠰᠡᠨ ᠰᠡᠳᠭᠢᠭᠦᠢ ᠶᠢ ᠣᠯᠵᠤ ᠮᠡᠳᠡᠵᠡᠶ᠃ ᠭᠡᠪᠡᠴᠦ ᠨᠠᠰᠤᠨ ᠳᠤ ᠥᠯᠥ ᠭᠦᠷᠦᠭᠰᠡᠳ ᠤᠨ ᠨᠠᠰᠤᠨ ᠤ ᠨᠡᠮᠡᠭᠳᠡᠬᠦ ᠶᠢ ᠳᠠᠭᠠᠯᠳᠤᠨ ᠲᠠᠳᠠ ᠶᠡᠷᠦ ᠨᠢ ᠭᠡᠮᠰᠢᠨ ᠤᠬᠠᠭᠠᠷᠠᠳᠠᠭ᠂ ᠤᠴᠢᠷ ᠨᠢ ᠨᠠᠰᠤᠨ ᠳᠤ ᠥᠯᠥ ᠭᠦᠷᠦᠭᠰᠡᠳ ᠤᠨ ᠪᠡᠶ᠎ᠡ ᠳᠡᠭᠡᠷ᠎ᠡ ᠪᠠᠨ ᠵᠢᠷᠤᠭ ᠰᠢᠪᠡᠬᠦ ᠨᠢ ᠲᠡᠳᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠬᠤᠤᠷ ᠬᠥᠨᠥᠭᠡᠯ ᠤᠴᠠᠷᠠᠭᠤᠯᠬᠤ ᠪᠠᠷ ᠪᠠᠷᠠᠬᠤ ᠥᠬᠡᠶ᠂ ᠬᠤᠶᠢᠰᠢᠳᠠ ᠰᠤᠷᠭᠠᠭᠤᠯᠢ ᠳᠤ ᠣᠷᠣᠬᠤ᠂ ᠴᠡᠷᠢᠭ ᠲᠤ ᠣᠷᠣᠬᠤ᠂ ᠴᠠᠭᠳᠠᠭ᠎ᠠ ᠳᠤ ᠣᠷᠣᠬᠤ᠂ ᠰᠤᠷᠭᠠᠨ ᠬᠥᠮᠦᠵᠢᠯ ᠳᠤ ᠣᠷᠣᠯᠴᠠᠬᠤ ᠵᠢᠴᠢ ᠠᠯᠪᠠᠲᠠᠨ ᠡᠯᠰᠡᠬᠦ ᠵᠡᠷᠭᠡ ᠠᠵᠢᠯ ᠮᠡᠷᠭᠡᠵᠢᠯ ᠤᠨ ᠡᠯᠰᠡᠯᠲᠡ ᠳᠤ ᠪᠡᠶ᠎ᠡ ᠶᠢᠨ ᠵᠢᠷᠤᠭ ᠰᠢᠪᠡᠬᠦ ᠶᠢ ᠬᠢᠵᠠᠭᠠᠷᠯᠠᠳᠠᠭ᠂ ᠪᠡᠶ᠎ᠡ ᠶᠢᠨ ᠰᠢᠪᠡᠭᠡᠰᠦ  ᠶᠢ ᠲᠦᠢᠯᠪᠤᠷᠢᠲᠠᠶ ᠠᠷᠢᠯᠭᠠᠶ᠎ᠠ ᠭᠡᠪᠡᠯ ᠪᠡᠶ᠎ᠡ ᠶᠢᠨ ᠠᠷᠠᠰᠤ ᠨᠢ ᠭᠡᠮᠲᠦᠵᠦ᠂ ᠠᠮᠠᠷᠬᠠᠨ ᠰᠣᠷᠪᠢ ᠦᠯᠡᠳᠡᠬᠦ ᠪᠠᠷ ᠪᠠᠷᠠᠬᠤ ᠥᠬᠡᠶ ᠪᠠᠰᠠ ᠶᠡᠭᠡ ᠬᠡᠮᠵᠢᠶᠡᠨ ᠤ ᠵᠣᠭᠤᠰ ᠮᠥᠩᠭᠦ ᠵᠠᠷᠤᠴᠠᠭᠤᠯᠬᠤ ᠪᠣᠯᠤᠨ᠎ᠠ᠃      ᠨᠠᠰᠤᠨ ᠳᠤ ᠥᠯᠥ ᠬᠦᠷᠦᠭᠰᠡᠳ ᠤᠨ ᠪᠡᠶ᠎ᠡ ᠰᠡᠳᠭᠢᠴᠡ ᠶᠢᠨ ᠡᠷᠡᠭᠦᠯ ᠮᠡᠨᠳᠦ ᠶᠢ ᠬᠠᠮᠠᠭᠠᠯᠠᠬᠤ ᠶᠢᠨ ᠲᠦᠯᠦᠭᠡ ᠂ 2021 ᠣᠨ ᠤ 11 ᠰᠠᠷ᠎ᠠ ᠶᠢᠨ 23 ᠤ ᠡᠳᠦᠷ᠂ ᠺᠠᠶᠢᠯᠦ ᠰᠢᠶᠠᠨ ᠤ ᠪᠠᠶᠢᠴᠠᠭᠠᠬᠤ ᠬᠤᠷᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠬᠠᠷᠢᠶ᠎ᠠ ᠣᠷᠣᠨ ᠤ ᠪᠠᠨ ᠤᠭᠠᠯᠵᠠ ᠶᠢᠨ ᠳᠡᠯᠭᠡᠭᠦᠷ ᠲᠤ ᠲᠤᠰᠬᠠᠶ ᠪᠠᠶᠢᠴᠠᠭᠠᠨ ᠴᠡᠭᠴᠡᠯᠡᠬᠦ ᠠᠵᠢᠯᠯᠠᠭ᠎ᠠ ᠥᠷᠨᠢᠭᠦᠯᠵᠦ᠂ ᠰᠢᠪᠡᠭᠡᠰᠦ ᠶᠢᠨ ᠳᠡᠯᠭᠡᠭᠦᠷ ᠢ ᠵᠢᠷᠤᠮᠵᠢᠭᠤᠯᠤᠨ ᠡᠵᠡᠩᠨᠡᠬᠦ ᠶᠢ ᠭᠤᠤᠯᠳᠠᠯᠭ᠎ᠠ ᠲᠠᠢ ᠱᠠᠯᠠᠪᠳᠠᠭᠤᠯᠵᠤ᠂ ︽ᠨᠠᠰᠤᠨ ᠳᠤ ᠥᠯᠥ ᠭᠦᠷᠦᠭᠰᠡᠳ ᠤᠨ ᠪᠡᠶ᠎ᠡ ᠶᠢᠨ ᠵᠢᠷᠤᠭ ᠰᠢᠪᠡᠬᠦ ᠶᠢ ᠴᠠᠭᠠᠵᠠᠯᠠᠬᠤ ᠰᠠᠨᠠᠭᠠᠴᠢᠯᠠᠭ᠎ᠠ ᠶᠢᠨ ᠪᠢᠴᠢᠭ︾ ᠪᠠ ︽ᠨᠠᠰᠤᠨ ᠳᠤ ᠥᠯᠥ ᠭᠦᠷᠦᠭᠰᠡᠳ ᠤᠨ ᠪᠡᠶ᠎ᠡ ᠶᠢᠨ ᠰᠢᠪᠡᠭᠡᠰᠦ ᠶᠢᠨ ᠲᠤᠬᠠᠢ ᠮᠡᠳᠡᠭᠳᠡᠬᠦ ᠪᠢᠴᠢᠭ︾ ᠢ ᠨᠠᠭᠠᠵᠤ᠂ ᠴᠢᠳᠠᠬᠤ ᠶᠢᠨ ᠳᠣᠲᠣᠷ᠎ᠠ ᠨᠠᠰᠤᠨ ᠳᠤ ᠥᠯᠥ ᠭᠦᠷᠦᠭᠰᠡᠳ ᠲᠤ ᠤᠭᠠᠯᠵᠠ ᠶᠢᠨ ᠦᠶᠯᠡᠴᠢᠯᠡᠭᠡ ᠬᠠᠩᠭᠠᠬᠤ ᠥᠬᠡᠶ ᠪᠠᠶᠢᠬᠤ ᠬᠡᠷᠡᠭᠲᠡᠶ᠂ ᠬᠡᠷᠪᠡ ᠪᠡᠶ᠎ᠡ ᠶᠢᠨ ᠤᠭᠠᠯᠵᠠ ᠶᠢᠨ ᠤᠨᠴᠠᠭᠠᠢ ᠱᠠᠭᠠᠷᠳᠠᠯᠭ᠎ᠠ ᠲᠠᠢ ᠪᠣᠯ᠂ ᠨᠠᠰᠤᠨ ᠳᠤ ᠥᠯᠥ ᠭᠦᠷᠦᠭᠰᠡᠳ ᠤᠨ ᠬᠢᠨᠠᠨ ᠬᠠᠮᠠᠭᠠᠯᠠᠭᠴᠢ ᠶᠢᠨ ᠵᠥᠪᠰᠢᠶᠡᠷᠡᠯ ᠢ ᠤᠯᠬᠤ ᠬᠡᠷᠡᠭᠲᠡᠶ᠃      ᠪᠠᠶᠢᠴᠠᠭᠠᠯᠲᠠ ᠶᠢᠨ ᠳᠤᠮᠳᠠ ᠬᠡᠰᠡᠭ ᠵᠢᠰᠦ ᠭᠤᠶᠣᠯᠠᠬᠤ᠂ ᠬᠢᠮᠤᠰᠤ ᠭᠤᠶᠣᠯᠠᠬᠤ᠂ ᠵᠢᠷᠤᠭ ᠬᠠᠳᠬᠤᠮᠠᠯ ᠤᠨ ᠳᠡᠯᠭᠡᠭᠦᠷ ᠤᠨ ᠬᠡᠪᠴᠢᠶ᠎ᠡ ᠠᠴᠠ ᠬᠡᠲᠦᠷᠡᠭᠦᠯᠦᠨ ᠪᠡᠶ᠎ᠡ ᠶᠢᠨ ᠵᠢᠷᠤᠭ ᠰᠢᠪᠡᠭᠡᠰᠦ ᠶᠢᠨ ᠲᠤᠬᠠᠶᠢᠯᠠᠭᠰᠠᠨ ᠡᠵᠡᠩᠨᠡᠯᠲᠡ ᠶᠢᠨ ᠪᠠᠶᠢᠳᠠᠯ︔ ᠤᠭᠠᠯᠵᠠ ᠶᠢᠨ ᠳᠡᠯᠭᠡᠭᠦᠷ ᠤᠨ ᠡᠵᠡᠩᠨᠡᠯᠲᠡ ᠬᠠᠮᠢᠶᠠᠷᠤᠯᠲᠠ ᠰᠤᠯᠠ ᠵᠠᠳᠠᠭᠠᠶ᠂ ᠡᠷᠡᠭᠦᠯ ᠬᠠᠮᠠᠭᠠᠯᠠᠯ ᠤᠨ ᠨᠥᠬᠦᠴᠡᠯ ᠠᠨᠠᠶ᠂ ᠪᠡᠶ᠎ᠡ ᠶᠢᠨ ᠵᠢᠷᠤᠭ ᠰᠢᠪᠡᠭᠡᠰᠦ ᠳᠤ ᠬᠡᠷᠡᠭᠯᠡᠬᠦ ᠪᠤᠳᠤᠬ ᠵᠡᠷᠭᠡ ᠬᠡᠷᠡᠭᠰᠡᠯ ᠨᠢ ᠬᠢᠲᠠᠳ ᠦᠰᠦᠭ ᠤᠨ ᠲᠡᠮᠳᠡᠭ ᠦᠭᠡᠢ᠂ ᠴᠢᠨᠠᠭᠰᠢᠯᠠᠪᠠᠯ ᠬᠡᠰᠡᠭ ᠪᠤᠳᠤᠬ᠂ ᠠᠷᠢᠭᠤᠳᠬᠠᠬᠤ ᠡᠮ ᠤᠰᠦᠠ ᠤ ᠬᠡᠷᠡᠭᠯᠡᠬᠦ ᠬᠤᠭᠤᠴᠠᠭ᠎ᠠ ᠨᠢ ᠨᠢᠭᠡᠨᠲᠡ ᠥᠩᠭᠡᠷᠡᠭᠰᠡᠨ ᠪᠠᠶᠢᠬᠤ︔ ᠨᠠᠰᠤᠨ ᠳᠤ ᠥᠯᠥ ᠭᠦᠷᠦᠭᠰᠡᠳ ᠤᠨ ᠪᠡᠶ᠎ᠡ ᠶᠢᠨ ᠵᠢᠷᠤᠭ ᠰᠢᠪᠡᠭᠡᠰᠦ ᠶᠢᠨ ᠲᠤᠬᠠᠶ ᠣᠨᠴᠠᠭᠠᠶ ᠲᠣᠭᠲᠠᠭᠠᠯ ᠥᠬᠡᠶ ᠵᠡᠷᠭᠡ ᠲᠠᠯ᠎ᠠ ᠶᠢᠨ ᠠᠰᠠᠭᠤᠳᠠᠯ ᠶᠢ ᠢᠯᠡᠷᠡᠭᠦᠯᠪᠡ᠃ ᠭᠤᠷᠪᠠᠨ ᠰᠠᠯᠠᠭ᠎ᠠ ᠮᠥᠴᠢᠷ ᠲᠤᠰ ᠲᠤᠰ ᠤᠨ ᠲᠤᠬᠠᠶᠢᠯᠠᠭᠰᠠᠨ ᠠᠵᠢᠯ ᠤᠨ ᠪᠣᠳᠠᠲᠤ ᠪᠠᠶᠢᠳᠠᠯ ᠠᠴᠠ ᠪᠠᠨ ᠲᠤᠬᠠᠶ ᠶᠢᠨ ᠭᠠᠵᠠᠷ ᠲᠤᠨᠢ ᠪᠡᠶ᠎ᠡ ᠪᠠᠨ ᠤᠭᠠᠯᠵᠠ ᠶᠢᠨ ᠳᠡᠯᠭᠡᠭᠦᠷ ᠤᠨ ᠡᠵᠡᠩᠨᠡᠭᠴᠢ ᠶᠢᠨ ᠬᠠᠤᠯᠢ ᠶᠣᠰᠣᠨ ᠳᠤ ᠨᠡᠶᠢᠴᠡᠬᠦ ᠦᠭᠡᠢ᠂ ᠲᠣᠭᠲᠠᠭᠠᠯ ᠳᠤ ᠨᠡᠶᠢᠴᠡᠬᠦ ᠦᠭᠡᠢ ᠠᠵᠢᠯᠯᠠᠭ᠎ᠠ ᠶᠢ ᠬᠠᠤᠯᠢ ᠶᠣᠰᠣᠭᠠᠷ ᠵᠣᠬᠢᠴᠠᠩᠭᠤᠶ ᠰᠢᠢᠳᠪᠦᠷᠢᠯᠡᠪᠡ᠃      ᠨᠠᠰᠤᠨ ᠳᠤ ᠥᠯᠥ ᠭᠦᠷᠦᠭᠰᠡᠳ ᠤᠨ ᠦᠰᠦᠨ ᠪᠤᠶᠢᠵᠢᠬᠤ ᠣᠷᠴᠢᠨ ᠨᠥᠬᠦᠴᠡᠯ ᠢ ᠴᠡᠪᠡᠷᠰᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ︽ᠬᠠᠮᠠᠭᠠᠯᠠᠯᠲᠠ ᠶᠢᠨ ᠲᠣᠤᠷ︾ ᠢ ᠨᠢᠭᠲᠠ ᠰᠦᠯᠵᠢᠬᠦ ᠨᠢ ᠤᠯᠤᠰ ᠣᠷᠣᠨ ᠤ ᠢᠷᠡᠭᠡᠳᠦᠶ᠂ ᠨᠡᠶᠢᠭᠡᠮ ᠤᠨ ᠲᠣᠭᠲᠠᠭᠤᠨ ᠪᠠᠶᠢᠳᠠᠯ᠂ ᠬᠡᠷ ᠪᠦᠯᠢ ᠶᠢᠨ ᠡᠶ᠎ᠡ ᠵᠣᠬᠢᠴᠠᠯ᠂ ᠬᠡᠤᠬᠡᠳ ᠤᠨ ᠦᠰᠦᠨ ᠪᠤᠶᠢᠵᠢᠯᠲᠠ ᠲᠠᠢ ᠬᠤᠯᠪᠣᠭᠳᠠᠨ᠎ᠠ᠃ ᠲᠠᠷᠠᠭᠠᠴᠢ ᠶᠢᠨ ᠠᠯᠬᠤᠮ ᠳᠤ᠂ ᠺᠠᠶᠢᠯᠦ ᠰᠢᠶᠠᠨ ᠤ ᠪᠠᠶᠢᠴᠠᠭᠠᠬᠤ ᠬᠤᠷᠢᠶ᠎ᠠ ᠲᠣᠰ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠪᠡᠶ᠎ᠡ ᠶᠢᠨ ᠵᠢᠷᠤᠭ ᠰᠢᠪᠡᠭᠡᠰᠦ ᠶᠢᠨ ᠨᠠᠰᠤᠨ ᠳᠤ ᠥᠯᠥ ᠭᠦᠷᠦᠭᠰᠡᠳ ᠤᠨ ᠠᠮᠢᠳᠤᠷᠠᠯ ᠳᠤ ᠦᠵᠡᠭᠦᠯᠬᠦ ᠮᠠᠭᠤ ᠨᠥᠯᠥᠭᠡ ᠶᠢ ᠪᠠᠭᠠᠰᠬᠠᠨ᠎ᠠ᠃ ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠪᠠ ︽ᠬᠤᠶᠠᠷ ᠪᠢᠴᠢᠯ ᠨᠢᠭᠡ ᠦᠵᠦᠭᠦᠷ︾ ᠵᠡᠷᠭᠡ ᠤᠬᠠᠭᠤᠯᠭ᠎ᠠ ᠶᠢᠨ ᠵᠠᠭᠤᠴᠢᠯᠠᠭᠤᠷ ᠢ ᠰᠠᠶᠢᠲᠤᠷ ᠠᠰᠢᠭᠯᠠᠵᠤ᠂ ᠨᠠᠰᠤᠨ ᠳᠤ ᠥᠯᠥ ᠭᠦᠷᠦᠭᠰᠡᠳ ᠲᠤ ᠪᠡᠶ᠎ᠡ ᠶᠢᠨ ᠵᠢᠷᠤᠭ ᠰᠢᠪᠡᠭᠡᠰᠦ ᠠᠴᠠ ᠪᠣᠯᠤᠭᠰᠠᠨ ᠦᠷ᠎ᠡ ᠳ᠋ᠦᠩ ᠢ ᠬᠠᠮᠤᠭ ᠤᠨ ᠶᠡᠭᠡ ᠪᠠᠷ ᠲᠠᠨᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠪᠡᠶ᠎ᠡ ᠶᠢᠨ ᠵᠢᠷᠤᠭ ᠰᠢᠪᠡᠭᠡᠰᠦ ᠶᠢᠨ ᠵᠠᠰᠠᠯᠲᠠ ᠶᠢ ᠳᠥᠯᠭᠢᠨ ᠠᠬᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦ ᠨᠡᠮᠡᠷᠢᠯᠡᠬᠦ ᠬᠡᠷᠡᠭᠲᠡᠢ᠃
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号