ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠳᠤ ᠰᠠᠭᠤᠷᠢᠯᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ
ᠨᠡᠶᠢᠲᠡᠯᠡᠭᠰᠡᠨ ᠴᠠᠭ᠄
2021/6/2
           
     ᠰᠤᠷᠪᠤᠯᠵᠢᠯᠠᠭ᠎ᠠ ᠶᠢᠨ ᠨᠡᠷᠡᠶᠢᠳᠦᠯ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠳᠤ ᠰᠠᠭᠤᠷᠢᠯᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ     ᠰᠤᠷᠪᠤᠯᠵᠢᠯᠠᠭᠰᠠᠨ ᠴᠠᠭ᠄ 2021.06.02     ᠰᠤᠷᠪᠤᠯᠵᠢᠯᠠᠭᠰᠠᠨ ᠵᠣᠴᠢᠨ᠄ ᠺᠠᠶᠢᠯᠦ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠲᠤᠪᠴᠢᠶᠠᠨ ᠳᠠᠷᠤᠭ᠎ᠠ ᠶᠠᠩ ᠽᠢ ᠸᠧᠨ     ᠰᠤᠷᠪᠤᠯᠵᠢᠯᠠᠭ᠎ᠠ ᠶᠢᠨ ᠪᠠᠶᠢᠳᠠᠯ᠄ ᠨᠢᠭᠡᠨᠲᠡ ᠳᠠᠭᠤᠰᠪᠠ     ᠭᠤᠣᠯ ᠠᠭᠤᠯᠭ᠎ᠠ᠄ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠨ᠎ᠡ ᠱᠠᠭᠠᠷᠳᠠᠯᠭ᠎ᠠ᠂ ᠰᠢᠨ᠎ᠡ ᠠᠷᠭ᠎ᠠ ᠬᠡᠮᠵᠢᠶ᠎ᠡ ᠲᠠᠢ ᠬᠠᠷᠢᠴᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠳᠤ ᠰᠠᠭᠤᠷᠢᠯᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠨᠡᠨᠴᠢ ᠢᠲᠡᠭᠡᠮᠵᠢᠲᠡᠶ᠂ ᠨᠡᠭᠡᠭᠡᠯᠲᠡᠲᠡᠶ᠂ ᠡᠷᠬᠡ ᠲᠡᠭᠰᠢ᠂ ᠪᠠᠭᠲᠠᠭᠠᠮᠵᠢᠲᠠᠶ᠂ ᠥᠷᠢᠰᠥᠯᠳᠦᠭᠡᠨ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃     ᠰᠤᠷᠪᠤᠯᠵᠢᠯᠠᠭᠴᠢ᠄ ᠶᠠᠩ ᠲᠣᠪᠴᠢᠶᠠᠨ ᠳᠠᠷᠤᠭ᠎ᠠ ᠲᠠ ᠰᠠᠶᠢᠨ ᠤᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠥᠭᠡᠯᠡᠨ ᠬᠥᠭᠵᠢᠭᠦᠯᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠮᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠡᠨᠡ ᠲᠠᠯ᠎ᠠ ᠪᠠᠷ ᠠᠵᠢᠯ ᠢᠶᠠᠨ ᠬᠡᠷᠬᠢᠨ ᠥᠷᠨᠢᠭᠦᠯᠵᠦ ᠪᠠᠶᠢᠬᠤ ᠪᠤᠢ︖     ᠶᠠᠩ ᠲᠣᠪᠴᠢᠶᠠᠨ ᠳᠠᠷᠤᠭ᠎ᠠ᠄ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠦᠨᠡᠨᠬᠦ ᠰᠢᠯᠢᠳᠡᠭᠵᠢᠭᠦᠯᠦᠨ ᠳᠡᠭᠡᠭᠰᠢᠯᠡᠭᠦᠯᠬᠦ ᠶᠢᠨ ᠲᠥᠯᠥᠭᠡ᠂ ᠨᠡᠶᠢᠭᠡᠮ ᠤᠨ ᠪᠡᠯᠡ ᠣᠷᠣᠭᠤᠯᠵᠤ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠬᠦᠭᠵᠢᠭᠡᠵᠦ᠂ ᠠᠵᠤ ᠠᠬᠤᠶᠢᠯᠠᠯ ᠢ ᠨᠡᠭᠡᠭᠡᠨ ᠡᠷᠭᠢᠯᠡᠬᠦ ᠪᠠ ᠬᠦᠴᠦᠨ ᠦᠭᠡᠶ ᠪᠣᠯᠭᠠᠬᠤ ᠳᠡᠰ ᠳᠠᠷᠠᠭᠠᠯᠠᠯ ᠢ ᠳᠥᠭᠦᠮᠴᠢᠯᠡᠵᠦ᠂ ᠳᠥᠭᠦᠮ ᠳᠥᠲᠡ᠂ ᠲᠦᠷᠭᠡᠨ᠂ ᠡᠮᠬᠢ ᠳᠢᠭᠯᠢᠮ ᠲᠠᠢ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠ ᠤᠬᠤᠷᠢᠨ ᠭᠠᠷᠬᠤ ᠲᠣᠭᠲᠠᠴᠠ ᠶᠢ ᠪᠠᠶᠢᠭᠤᠯᠵᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠣᠯᠠᠨ ᠦᠨᠡᠮᠯᠡᠯ ᠢ ᠨᠢᠭᠡᠳᠭᠡᠬᠦ᠂ ᠨᠢᠭᠡ ᠦᠨᠡᠮᠯᠡᠯ ᠨᠢᠭᠡ ᠭᠡᠷᠡᠴᠢ︾᠂ ︽ᠪᠠ ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠦ᠂ ᠣᠯᠠᠨ ᠲᠦᠮᠡᠨ ᠢ ᠤᠴᠢᠷ ᠶᠠᠪᠤᠳᠠᠯ ᠪᠦᠲᠦᠭᠡᠬᠦ ᠳᠤ ᠳᠤᠲᠠᠭᠤ ᠭᠦᠶᠦᠯᠭᠡᠵᠦ᠂ ᠢᠯᠡᠭᠦᠬᠡᠨ ᠠᠰᠢᠭ ᠬᠦᠷᠲᠡᠭᠡᠬᠦ ᠵᠠᠷᠴᠢᠮ ᠢ ᠪᠠᠷᠢᠮᠲᠠᠯᠠᠵᠤ᠂ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠪᠠᠷ ᠭᠠᠷᠳᠠᠴᠠ ᠪᠣᠯᠭᠠᠵᠤ᠂ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠶᠢ ᠠᠬᠢᠭᠤᠯᠤᠨ᠂ ᠦᠶᠯᠡᠴᠢᠯᠡᠭᠡᠨ ᠤ ᠬᠢᠷᠢ ᠲᠦᠪᠰᠢᠨ ᠪᠠ ᠠᠵᠢᠯ ᠶᠠᠪᠤᠳᠠᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠭᠡᠬᠦ ᠡᠨᠡ ᠬᠦ ︽ᠵᠠᠩᠭᠢᠯᠠᠭ᠎ᠠ︾ ᠪᠠᠷ ᠰᠢᠪᠲᠤᠯᠤᠯᠲᠠ ᠶᠢᠨ ᠴᠡᠭ ᠪᠣᠯᠭᠠᠬᠤ ᠶᠢ ᠪᠠᠷᠢᠮᠲᠠᠯᠠᠨ᠂ ᠴᠢᠩᠭ᠎ᠠ ᠠᠷᠭ᠎ᠠ ᠬᠡᠮᠵᠢᠶ᠎ᠡ ᠠᠪᠴᠤ᠂ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠨᠡᠨᠴᠢ ᠢᠲᠡᠭᠡᠮᠵᠢᠲᠡᠶ᠂ ᠨᠡᠭᠡᠭᠡᠯᠲᠡᠲᠡᠶ᠂ ᠲᠥᠪ ᠭᠤᠤᠯᠴᠢ᠂ ᠪᠠᠭᠲᠠᠭᠠᠮᠵᠢᠲᠠᠶ᠂ ᠥᠷᠢᠰᠥᠯᠳᠦᠭᠡᠨ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠶ ᠪᠣᠯᠭᠠᠵᠤ᠂ ᠲᠦᠭ ᠲᠦᠮᠡᠨ ᠢᠶᠠᠷ ᠢᠶᠠᠨ ᠠᠳᠠᠯ ᠦᠶᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠳᠤ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃     ᠰᠤᠷᠪᠤᠯᠵᠢᠯᠠᠭᠴᠢ᠄ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠤᠭᠤᠮᠳᠠ ᠰᠢᠪᠳᠤᠯᠠᠬᠤ ᠡᠭᠦᠷᠭᠡ ᠶᠢᠨ ᠳᠤᠮᠳᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠠᠮᠠᠷ ᠶᠠᠮᠠᠷ ᠠᠵᠢᠯ ᠬᠢᠭᠰᠡᠨ ᠪᠤᠢ︖     ᠶᠠᠩ ᠲᠣᠪᠴᠢᠶᠠᠨ ᠳᠠᠷᠤᠭ᠎ᠠ᠄ ᠮᠠᠨ ᠤ ᠲᠣᠪᠴᠢᠶ᠎ᠠ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠬᠢᠨᠠᠮᠠᠭᠠᠶ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶ᠎ᠠ ᠶᠢᠨ ᠠᠯᠪᠠᠨ ᠬᠡᠷ ᠬᠠᠮᠲᠤᠷᠠᠨ ︽ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠠᠷᠭ᠎ᠠ ᠬᠡᠮᠵᠢᠶ᠎ᠡ ᠨᠦᠭᠦᠳ︾᠂ ︽︿ᠭᠡᠷᠡᠴᠢ ᠦᠨᠡᠮᠯᠡᠯ ᠢ ᠰᠠᠯᠭᠠᠬᠤ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠤᠭᠰᠠᠨ ᠪᠥᠭᠡᠳ ︽ᠺᠠᠶᠢᠯᠦ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ 2021 ᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠃ ︽ᠬᠤᠶᠠᠷ ᠢ ᠲᠠᠰᠢᠷᠠᠮ ᠳᠤ ᠨᠢ ᠰᠤᠭᠤᠴᠢᠵᠦ᠂ ᠨᠢᠭᠡ ᠶᠢ ᠢᠯᠡ ᠪᠣᠯᠭᠠᠬᠤ︾ ᠶᠢ ᠪᠥᠬᠦ ᠲᠠᠯ᠎ᠠ ᠪᠠᠷ ᠬᠡᠷᠡᠭᠵᠢᠭᠦᠯᠬᠦ ᠨᠢ ᠢᠲᠡᠭᠡᠮᠵᠢ ᠪᠠᠷ ᠭᠤᠤᠯ ᠪᠣᠯᠭᠠᠭᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠲᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠢᠯᠡ ᠨᠡᠶᠢᠲᠡᠯᠡᠬᠦ ᠮᠡᠳᠡᠭᠡ ᠵᠠᠩᠭᠢ ᠶᠢ ᠰᠤᠭᠤᠴᠢᠨ ᠪᠠᠶᠢᠴᠠᠭᠠᠬᠤ ᠠᠵᠢᠯ ᠢ ᠵᠢᠷᠤᠮᠵᠢᠭᠤᠯᠵᠤ᠂ ᠠᠵᠤ ᠠᠬᠤᠶᠢᠯᠠᠯ ᠤᠨ ᠢᠯᠡ ᠨᠡᠶᠢᠲᠡᠯᠡᠬᠦ ᠡᠭᠦᠷᠭᠡ ᠪᠠᠨ ᠬᠠᠤᠯᠢ ᠶᠣᠰᠣᠭᠠᠷ ᠭᠦᠶᠴᠡᠳᠬᠡᠬᠦ ᠶᠢ  ᠱᠠᠯᠠᠪᠳᠠᠭᠤᠯᠵᠦ᠂ ᠠᠵᠤ ᠠᠬᠤᠶᠢᠯᠠᠯ ᠤᠨ ᠢᠯᠡ ᠨᠡᠶᠢᠲᠡᠯᠡᠬᠦ ᠮᠡᠳᠡᠭᠡ ᠵᠠᠩᠭᠢ ᠶᠢᠨ ᠴᠠᠭ ᠲᠤᠬᠠᠶᠢᠴᠢ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠢ ᠪᠠᠲᠤᠯᠠᠬᠤ ᠳᠤ ᠠᠰᠢᠭᠲᠠᠶ ᠶᠤᠮ᠃ ᠬᠠᠤᠯᠢ ᠬᠡᠷᠡᠭᠵᠢᠭᠦᠯᠬᠦ ᠡᠬᠢ ᠪᠠᠶᠠᠯᠢᠭ ᠢ ᠵᠦᠢ ᠵᠣᠬᠢᠰᠲᠠᠶ ᠲᠣᠬᠢᠷᠠᠭᠤᠯᠬᠤ᠂ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠬᠤᠪᠢᠷᠠᠭᠤᠯᠬᠤ᠂ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ ᠶᠤᠮ᠃ ︽ᠠᠵᠤ ᠠᠬᠤᠶᠢᠯᠠᠯ ᠤᠨ ᠥᠪᠡᠷᠲᠡᠭᠡᠨ ᠵᠠᠰᠠᠬᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ᠂ ᠨᠡᠶᠢᠭᠡᠮ ᠤᠨ ᠬᠢᠨᠠᠯᠲᠠ ᠲᠠᠯᠪᠢᠬᠤ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ︾ ᠶᠢᠨ ᠨᠡᠶᠢᠭᠡᠮ ᠤᠨ ᠬᠠᠮᠲᠤᠪᠠᠷ ᠵᠠᠰᠠᠬᠤ ᠪᠠᠶᠢᠷᠢᠰᠢᠯ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃     ᠰᠤᠷᠪᠤᠯᠵᠢᠯᠠᠭᠴᠢ᠄ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠢᠨ᠎ᠡ ᠱᠠᠭᠠᠷᠳᠠᠯᠭ᠎ᠠ᠂ ᠰᠢᠨ᠎ᠡ ᠠᠷᠭ᠎ᠠ ᠬᠡᠮᠵᠢᠶ᠎ᠡ ᠲᠠᠢ ᠬᠠᠷᠢᠴᠠᠭᠤᠯᠪᠠᠯ᠂ ᠺᠠᠶᠢᠯᠦ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠠᠯ᠎ᠠ ᠪᠠᠷ ᠶᠠᠮᠠᠷ ᠶᠠᠮᠠᠷ ᠠᠵᠢᠯ ᠢ ᠭᠤᠣᠯᠳᠠᠯᠭ᠎ᠠ ᠲᠠᠢ ᠦᠷᠨᠢᠭᠦᠯᠦᠭᠰᠡᠨ ᠪᠤᠢ︖     ᠶᠠᠩ ᠲᠣᠪᠴᠢᠶᠠᠨ ᠳᠠᠷᠤᠭ᠎ᠠ᠄ ᠨᠢᠭᠡ ᠳᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ ᠂ ᠮᠠᠲ᠋ᠧᠷᠢᠶᠠᠯ ᠢ ᠬᠠᠰᠤᠬᠤ ᠲᠠᠯ᠎ᠠ ᠪᠠᠷ᠂ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠵᠦ᠂ ᠪᠦᠷᠢᠳᠬᠡᠵᠦ ᠳᠠᠩᠰᠠᠯᠠᠭᠤᠯᠬᠤ ᠳᠤ ︽ᠬᠢᠨᠠᠨ ᠬᠠᠷᠭᠤᠭᠤᠯᠬᠤ ᠶᠢ ᠨᠢᠭᠡᠳᠬᠡᠵᠦ᠂ ᠨᠢᠭᠡ ᠬᠥᠮᠦᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ᠃ ᠠᠵᠤ ᠠᠬᠤᠶᠢᠯᠠᠯ ᠢ ᠡᠷᠭᠢᠯᠡᠬᠦ ᠳᠤ ᠤᠤᠯ ᠤᠨ 3 ᠠᠵᠢᠯ ᠤᠨ ᠡᠳᠦᠷ ᠪᠠᠶᠢᠭᠰᠠᠨ ᠠᠴᠠ 1 ᠠᠵᠢᠯ ᠤᠨ ᠡᠳᠦᠷ ᠪᠣᠯᠭᠠᠨ ᠪᠠᠭᠠᠰᠬᠠᠵᠤ᠂ ︽ᠳᠠᠷᠦ᠋ᠢᠬᠠᠨ  ᠭᠦᠢᠴᠡᠳᠡᠭᠡᠬᠦ ︵3 ᠴᠠᠭ ᠲᠤ ᠭᠦᠶᠴᠡᠳᠬᠡᠨ᠎ᠡ︶︾ ᠶᠢ ᠬᠡᠪ ᠤᠨ ᠪᠠᠶᠢᠳᠠᠯ ᠪᠣᠯᠭᠠᠵᠤ᠂ ᠤᠤᠯ ᠤᠨ ᠲᠤᠰᠢᠶᠠᠭᠰᠠᠨ 6 ᠵᠦᠶᠯ ᠠᠴᠠ ᠣᠲᠣ ᠪᠣᠯᠲᠠᠯᠠᠬᠢ 4 ᠵᠦᠶᠯ ︵ᠤᠷᠢᠳᠠᠴᠢ ᠵᠥᠪᠰᠢᠶᠡᠷᠡᠯ ᠢ ᠤᠯᠬᠤ ᠴᠢᠬᠤᠯᠠᠲᠠᠶ 5 ᠵᠦᠶᠯ︶ ᠢ ᠲᠤᠰᠢᠶᠠᠨ᠎ᠠ᠃ ᠬᠤᠶᠠᠷ ᠲᠤ᠂ ᠠᠵᠤ ᠠᠬᠤᠶᠢᠯᠠᠯ ᠤᠨ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢ ᠨᠡᠭᠡᠭᠡᠨ ᠬᠡᠷᠡᠭᠵᠢᠭᠦᠯᠵᠦ᠂ ᠪᠦᠬᠦ ᠶᠠᠪᠤᠴᠠ ᠳᠤ ᠡᠯᠧᠺᠲᠷᠤᠴᠢᠯᠠᠬᠰᠠᠨ ᠪᠦᠷᠢᠳᠬᠡᠯ ᠬᠢᠵᠦ᠂ ︽ᠬᠠᠪᠰᠤᠷᠤᠨ ᠭᠦᠶᠴᠡᠳᠬᠡᠬᠦ ᠣᠷᠣᠯᠠᠨ ᠭᠦᠶᠴᠡᠳᠬᠡᠬᠦ᠂ ᠣᠳᠠᠰᠤ ᠪᠠᠷ ᠵᠢᠯᠣᠭᠤᠳᠬᠤ᠂ ᠮᠠᠲ᠋ᠧᠷᠢᠶᠠᠯ ᠤᠨ ᠬᠡᠪ ᠵᠠᠭᠪᠤᠷ ᠢ ᠬᠠᠩᠭᠠᠬᠤ︾ ᠵᠡᠷᠭᠡ ᠠᠷᠭ᠎ᠠ ᠪᠠᠷ ᠳᠠᠮᠵᠢᠭᠤᠯᠤᠨ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ᠂ ᠬᠤᠳᠠᠯᠳᠤᠭᠠᠨ ᠤ ᠶᠠᠪᠤᠳᠠᠯ ᠤᠨ ᠳᠡᠩᠰᠡᠯᠡᠯᠲᠡ ᠶᠢᠨ ᠦᠶᠯᠡᠴᠢᠯᠡᠭᠡᠨ ᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠡᠯ᠎ᠡ ᠰᠢᠶᠠᠩ ᠪᠠᠯᠭᠠᠰᠤᠨ ᠤ ᠢᠲᠡᠭᠡᠮᠵᠢ ᠶᠢᠨ ᠬᠤᠷᠰᠢᠶ᠎ᠠ ᠶᠢᠨ ᠲᠣᠤᠷ ᠴᠡᠭ ᠲᠤ ᠡᠵᠡᠩᠨᠡᠯᠲᠡ ᠶᠢᠨ ᠦᠨᠡᠮᠯᠡᠯ ᠢ ᠡᠯᠧᠺᠲᠷᠣᠨ ᠢᠶᠠᠷ ᠭᠦᠶᠴᠡᠳᠬᠡᠵᠦ ᠪᠣᠯᠬᠤ ᠡᠷᠬᠡ ᠣᠯᠭᠤᠵᠤ᠂ ᠣᠳᠣᠬᠠᠨ ᠳᠤ ᠡᠵᠡᠩᠨᠡᠯᠲᠡ ᠶᠢᠨ ᠦᠨᠡᠮᠯᠡᠯ ᠭᠦᠶᠴᠡᠳᠬᠡᠬᠦ ᠲᠣᠤᠷ ᠴᠡᠭ ᠢ ᠤᠤᠯ ᠤᠨ 10 ᠪᠠᠶᠢᠭᠰᠠᠨ ᠠᠴᠠ 31 ᠪᠣᠯᠭᠠᠨ ᠤᠷᠲᠤᠳᠬᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠯᠲᠡ ᠶᠢ ᠨᠠᠩ ᠲᠥᠬᠦᠮ ᠪᠣᠯᠭᠠᠪᠠ᠃ ᠭᠤᠷᠪᠠ ᠳᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠢ ᠣᠯᠭᠤᠬᠤ ᠳᠤ ᠠᠮᠠᠯᠠᠯᠲᠠ ᠶᠢᠨ ᠳᠦᠷᠢᠮ ᠤᠨ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠬᠡᠷᠡᠭᠵᠢᠭᠦᠯᠵᠦ᠂ ᠤᠤᠯ ᠤᠨ ᠲᠤᠬᠠᠶ ᠶᠢᠨ ᠲᠠᠯᠠᠪᠤᠷ ᠤᠨ ᠬᠠᠶᠢᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠵᠥᠪᠰᠢᠶᠡᠷᠡᠯ ᠤᠨ ᠦᠨᠡᠮᠯᠡᠯ ᠣᠯᠭᠤᠬᠤ ᠶᠢ ᠬᠦᠴᠦᠨ ᠦᠭᠡᠢ ᠪᠣᠯᠭᠠᠵᠤ᠂ ᠢᠳᠡᠭᠡᠨ ᠤ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠠᠯᠠᠯᠲᠠ ᠪᠣᠯᠭᠠᠨ ᠥᠭᠡᠷᠡᠴᠢᠯᠡᠭᠡᠳ ᠵᠥᠪᠰᠢᠶᠡᠷᠡᠯ ᠤᠨ ᠦᠨᠡᠮᠯᠡᠯ ᠢ ᠳᠠᠷᠤᠶ ᠣᠯᠭᠤᠵᠤ ᠪᠣᠯᠤᠨ᠎ᠠ᠂ ᠡᠶᠢᠮᠦ ᠠᠴᠠ ᠬᠢᠨᠠᠨ ᠵᠥᠪᠰᠢᠶᠡᠷᠡᠬᠦ ᠭᠤᠭᠴᠤᠭ᠎ᠠ ᠶᠢ ᠶᠡᠭᠡ ᠪᠠᠷ ᠪᠠᠭᠠᠰᠬᠠᠵᠤ᠂ ᠠᠵᠢᠯ ᠡᠬᠢᠯᠡᠬᠦ ᠴᠠᠭ ᠢ ᠪᠠᠭᠠᠰᠬᠠᠵᠤ᠂ ᠠᠵᠢᠯ ᠡᠬᠢᠯᠡᠬᠦ ᠥᠪᠡᠷ ᠤᠨ ᠦᠷᠲᠡᠭ ᠢ ᠪᠠᠭᠤᠷᠠᠭᠤᠯᠵᠠᠶ᠃ ᠳᠥᠷᠪᠡ ᠳᠤ ᠡᠮ ᠤᠨ ᠵᠦᠶᠯ ᠢ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡᠳᠬᠡᠨ ᠪᠠᠶᠢᠭᠤᠯᠬᠤ ᠶᠢ ᠬᠢᠨᠠᠨ ᠵᠥᠪᠰᠢᠶᠡᠷᠡᠵᠦ ᠨᠡᠭᠡᠭᠡᠨ ᠡᠷᠭᠢᠯᠡᠬᠦ ᠵᠠᠶ᠂ ᠲᠠᠯᠠᠪᠠᠶ ᠶᠢᠨ ᠬᠢᠵᠠᠭᠠᠷᠯᠠᠯ ᠢ ᠬᠦᠴᠦᠨ ᠥᠬᠡᠶ ᠪᠣᠯᠭᠠᠵᠤ᠂ ᠠᠵᠤ ᠠᠬᠤᠶᠢᠯᠠᠯ ᠤᠨ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠤᠯᠠᠮ ᠨᠢᠭᠡ ᠠᠯᠬᠤᠮ ᠪᠠᠭᠤᠷᠠᠭᠤᠯᠪᠠ᠃ ᠲᠠᠪᠤ ᠳᠤ ︽ᠳᠤᠲᠠᠭᠤ ᠶᠢ ᠨᠢ ᠠᠭᠤᠴᠢᠯᠠᠨ ᠰᠢᠶᠳᠪᠦᠷᠢᠯᠡᠬᠦ︾ ᠲᠦᠷᠢᠮ ᠢ ᠬᠡᠷᠡᠭᠵᠢᠭᠦᠯᠦᠨ᠎ᠡ᠃ ᠭᠤᠶᠤᠴᠢᠯᠠᠭᠴᠢ ᠨᠢ ᠭᠤᠤᠯ ᠪᠤᠰᠤ ᠮᠠᠲ᠋ᠧᠷᠢᠶᠠᠯ ᠪᠤᠶᠤ ᠬᠡᠰᠡᠭ ᠮᠠᠲ᠋ᠧᠷᠢᠶᠠᠯ ᠳᠤ ᠳᠤᠲᠠᠭᠳᠠᠯ ᠲᠠᠢ ᠂ ᠬᠡᠮ ᠰᠣᠭᠤᠭ ᠲᠠᠢ ᠪᠠᠶᠢᠬᠤ ᠪᠠᠶᠢᠳᠠᠯ ᠳᠣᠤᠷ᠎ᠠ᠂ ᠤᠷᠢᠳᠠᠪᠠᠷ ᠡᠵᠡᠩᠨᠡᠯᠲᠡ ᠶᠢᠨ ᠦᠨᠡᠮᠯᠡᠯ ᠢ ᠬᠢᠨᠠᠨ ᠣᠯᠭᠤᠵᠤ᠂ ᠭᠤᠶᠤᠴᠢᠯᠠᠭᠴᠢ ᠶᠢᠨ ᠠᠮᠠᠯᠠᠯᠲᠠ ᠶᠢᠨ ᠴᠠᠭ ᠤᠨ ᠬᠢᠵᠠᠭᠠᠷ ᠤᠨ ᠳᠣᠲᠣᠷ᠎ᠠ ᠮᠠᠲ᠋ᠧᠷᠢᠶᠠᠯ ᠢᠶᠠᠨ ᠨᠥᠬᠦᠪᠥᠷᠢᠯᠡᠬᠦ ᠶᠢ ᠵᠥᠪᠰᠢᠶᠡᠷᠡᠨ᠎ᠡ᠃     ᠰᠤᠷᠪᠤᠯᠵᠢᠯᠠᠭᠴᠢ᠄ ᠲᠡᠭᠡᠪᠡᠯ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠤ ᠲᠦᠭᠦᠮ ᠪᠣᠯᠴᠢᠬᠠᠨ᠎ᠠ᠂ ᠤᠬᠤᠷᠢᠨ ᠭᠠᠷᠬᠤ ᠲᠠᠯ᠎ᠠ ᠪᠠᠷ ᠪᠢᠳᠡᠨ ᠳᠤ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠬᠰᠠᠨ ᠪᠤᠢ︖     ᠶᠠᠩ ᠲᠣᠪᠴᠢᠶᠠᠨ ᠳᠠᠷᠤᠭ᠎ᠠ᠄ ᠮᠠᠨ ᠤ ᠲᠣᠪᠴᠢᠶ᠎ᠠ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠬᠦᠴᠦᠨ ᠦᠭᠡᠢ ᠪᠣᠯᠭᠠᠬᠤ ᠥᠭᠡᠷᠡᠴᠢᠯᠡᠯᠲᠡ ᠶᠢ ᠶᠡᠭᠡ ᠪᠠᠷ ᠲᠦᠯᠬᠢᠨ ᠠᠬᠢᠭᠤᠯᠪᠠ᠃ ︽ᠬᠦᠴᠦᠨ ᠦᠭᠡᠶ ᠪᠣᠯᠭᠠᠬᠤ ᠳᠥᠭᠦᠮ ᠠᠯᠪᠠᠨ ᠵᠠᠷ᠂ ᠢᠯᠭᠠᠷᠠᠭᠤᠯᠤᠨ ᠪᠣᠳᠣᠬᠤ ᠳᠤᠭᠤᠶᠢᠯᠠᠩ ᠤᠨ ᠳᠠᠩᠰᠠᠯᠠᠭᠤᠯᠤᠯᠲᠠ ᠪᠠ ᠠᠪᠴᠠᠭᠠᠲᠠᠨ ᠤ ᠠᠯᠪᠠᠨ ᠵᠠᠷ︾ ᠵᠡᠷᠭᠡ 3 ᠴᠢᠳᠠᠮᠵᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠳᠤ ᠴᠤᠭᠯᠠᠭᠤᠯᠵᠤ᠂ ᠬᠦᠴᠦᠨ ᠥᠬᠡᠶ ᠪᠣᠯᠭᠠᠬᠤ ᠨᠥᠬᠦᠴᠡᠯ ᠳᠤ ᠨᠡᠶᠢᠴᠡᠬᠦ ᠡᠯ᠎ᠡ ᠲᠥᠷᠥᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠢᠶᠠᠨ ᠠᠪᠤᠭᠰᠠᠨ ᠤ ᠳᠠᠷᠠᠭ᠎ᠠ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠭᠰᠡᠨ ᠥᠬᠡᠶ ᠮᠥᠷᠲᠡᠭᠡᠨ ᠠᠪᠴᠠᠭ᠎ᠠ ᠥᠭᠴᠡᠭᠡ ᠥᠬᠡᠶ᠂ ᠡᠰᠡᠬᠦᠯ᠎ᠡ ᠨᠢᠭᠡᠨᠲᠡ ᠠᠵᠢᠯ ᠡᠬᠢᠯᠡᠭᠦᠯᠦᠭᠰᠡᠨ ᠪᠣᠯᠪᠠᠴᠤ ᠬᠦᠴᠦᠨ ᠥᠬᠡᠶ ᠪᠣᠯᠭᠠᠬᠤ ᠳᠡᠩᠰᠡᠯᠡᠯᠲᠡ ᠬᠢᠯᠭᠡᠬᠦ ᠪᠠᠷ ᠭᠤᠶᠤᠴᠢᠯᠠᠬᠤ ᠦᠶ᠎ᠡ ᠳᠤ ᠠᠪᠴᠠᠭ᠎ᠠ ᠥᠭᠴᠡᠭᠡ ᠶᠢ ᠨᠢᠭᠡᠨᠲᠡ ᠢᠯᠭᠠᠷᠠᠭᠤᠯᠵᠤ ᠳᠠᠭᠤᠰᠬᠠᠭᠰᠠᠨ ᠠᠵᠤ ᠠᠬᠤᠶᠢᠯᠠᠯ ᠳᠤ ᠲᠦᠭᠦᠮᠬᠡᠨ ᠶᠠᠪᠤᠴᠠ ᠪᠠᠷ ᠬᠦᠴᠦᠨ ᠥᠬᠡᠶ ᠪᠣᠯᠭᠠᠬᠤ ᠳᠡᠩᠰᠡᠯᠡᠯᠲᠡ ᠬᠢᠯᠭᠡᠬᠦ ᠪᠠᠷ ᠭᠤᠶᠤᠴᠢᠯᠠᠵᠤ ᠪᠣᠯᠤᠨ᠎ᠠ᠂ ᠬᠦᠴᠦᠨ ᠥᠬᠡᠶ ᠪᠣᠯᠭᠠᠬᠤ ᠲᠥᠬᠦᠮ ᠵᠠᠷᠯᠠᠯ ᠤᠨ ᠴᠠᠭ ᠢ 45 ᠡᠳᠦᠷ ᠪᠠᠶᠢᠭᠰᠠᠨ ᠠᠴᠠ 20 ᠡᠳᠦᠷ ᠪᠣᠯᠭᠠᠨ ᠪᠣᠭᠤᠨᠢᠰᠬᠠᠨ᠎ᠠ᠃ ᠠᠵᠤ ᠠᠬᠤᠶᠢᠯᠠᠯ ᠤᠨ ᠤᠬᠤᠷᠢᠨ ᠭᠠᠷᠬᠤ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠠᠴᠠ ᠤᠬᠤᠷᠢᠨ ᠭᠠᠷᠬᠤ ᠶᠢᠨ ᠳᠥᠭᠦᠮᠴᠢᠯᠡᠬᠦ ᠶᠢ ᠪᠡᠶᠡᠯᠡᠭᠦᠯᠪᠡ᠃ᠰᠤᠷᠪᠤᠯᠵᠢᠯᠠᠭᠴᠢ᠄ ᠤᠶᠢᠷ᠎ᠠ ᠶᠢᠨ ᠵᠢᠯ ᠠᠴᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠤᠨ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ︖     ᠶᠠᠩ ᠲᠣᠪᠴᠢᠶᠠᠨ ᠳᠠᠷᠤᠭ᠎ᠠ᠄ ᠮᠠᠨ ᠤ ᠲᠣᠪᠴᠢᠶ᠎ᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠢ ᠪᠠᠶᠢᠭᠤᠯᠵᠤ᠂ ᠣᠨᠴᠠᠭᠠᠶ ᠶᠠᠪᠤᠳᠠᠯ ᠢ ᠣᠨᠴᠠᠭᠠᠶ ᠰᠢᠶᠳᠪᠦᠷᠢᠯᠡᠬᠦ᠂ ᠪᠠᠴᠢᠮ ᠶᠠᠪᠤᠳᠠᠯ ᠢ ᠪᠠᠴᠢᠮ ᠰᠢᠶᠳᠪᠦᠷᠢᠯᠡᠬᠦ᠂ ᠤᠷᠢᠳᠴᠢᠯᠠᠨ ᠪᠣᠯᠵᠣᠬᠤ ᠦᠢᠯᠡᠴᠢᠯᠡᠭᠡ ᠬᠠᠩᠭᠠᠬᠤ᠂ ᠴᠠᠭ ᠢ ᠤᠷᠲᠤᠳᠬᠠᠬᠤ ᠦᠢᠯᠡᠴᠢᠯᠡᠭᠡ ᠪᠠ ᠭᠡᠷ ᠲᠤᠨᠢ ᠣᠴᠢᠵᠤ ᠦᠢᠯᠡᠴᠢᠯᠡᠬᠦ ᠵᠡᠷᠭᠡ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠡᠳ᠂ ᠵᠠᠬ᠎ᠠ ᠳᠡᠯᠭᠡᠭᠦᠷ ᠨᠡᠭᠡᠭᠡᠨ ᠡᠷᠬᠢᠯᠡᠬᠦ ᠪᠡᠶᠡᠴᠢ ᠴᠣᠭᠴᠠ ᠳᠤ ᠶᠡᠬᠡᠬᠡᠨ ᠲᠦᠬᠦᠮ ᠦᠵᠡᠭᠦᠯᠪᠡ᠃ ᠣᠳᠣᠬᠠᠨ ᠪᠣᠯᠲᠠᠯ᠎ᠠ᠂ ᠪᠦᠬᠦ ᠰᠢᠶᠠᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠡᠷᠦᠩᠬᠡᠢ ᠲᠤᠭ᠎ᠠ 27762 ᠡᠷᠦᠬᠡ ᠳᠤ ᠬᠦᠷᠴᠦ᠂ ᠡᠭᠦᠨ ᠤ ᠳᠣᠲᠣᠷ᠎ᠠ 2637 ᠡᠷᠦᠬᠡ ᠨᠢ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 20.69% ᠪᠠᠷ ᠨᠡᠮᠡᠭᠳᠡᠵᠡᠢ᠃ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ 1636 ᠡᠷᠦᠬᠡ ᠳᠤ ᠬᠦᠷᠴᠦ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 6.37% ᠪᠠᠷ ᠨᠡᠮᠡᠭᠳᠡᠵᠡᠶ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 23489 ᠪᠤᠯᠵᠤ᠂ ᠲᠦᠷᠦᠭᠦᠦ ᠵᠢᠯ ᠤᠨ ᠠᠳᠠᠯᠢ ᠬᠤᠭᠤᠴᠠᠭᠠᠨ ᠤ ᠬᠢ ᠠᠴᠠ 18.45% ᠪᠠᠷ ᠨᠡᠮᠡᠭᠳᠡᠵᠡᠶ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠴᠢᠨᠠᠷ ᠰᠠᠶᠢᠲᠠᠢ ‍ᠦ᠋ᠭᠵᠢᠯᠳᠡ ᠳᠤ ᠬᠦᠳᠡᠯᠭᠡᠬᠦ ᠬᠦᠴᠦᠨ ᠬᠠᠩᠭᠠᠪᠠ᠃ ᠪᠥᠬᠦ ᠰᠢᠶᠠᠨ ᠳᠤ 1419 ᠲᠠᠸᠠᠷ ᠤᠨ ᠲᠡᠮᠳᠡᠭ ᠲᠠᠢ᠂ ᠳᠤᠮᠳᠠᠳᠤ ᠤᠯᠤᠰ ᠤᠨ ᠨᠠᠷᠠᠲᠤ ᠲᠠᠸᠠᠷ ᠤᠨ ᠲᠡᠮᠳᠡᠭ 1 ᠵᠤᠶᠢᠯ ᠪᠠᠶᠢᠵᠦ᠂ ᠲᠠᠷᠦᠢ ᠢᠦᠶ ᠪᠢᠶᠤᠤ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠷᠠᠲᠤ ᠲᠠᠸᠠᠷ ᠤᠨ ᠲᠡᠮᠳᠡᠭ 6 ᠵᠤᠶᠢᠯ ᠪᠠᠶᠢᠵᠦ᠂ ᠲᠣᠰ ᠲᠣᠰ ᠢᠦᠶ ᠲᠠᠢ 2 ᠵᠤᠶᠢᠯ᠂ ᠺᠠᠶᠢᠯᠦ᠂ ᠲᠠᠯ᠎ᠠ ᠨᠤᠲᠤᠭ ᠤᠨ ᠮᠣᠷᠢ᠂ ᠬᠠᠷᠢᠯᠴᠠᠨ ᠮᠡᠳᠡᠯᠴᠡᠭᠰᠡᠨ ᠵᠠᠭᠤᠨ ᠵᠢᠯ᠂ ᠶᠢᠨ ᠾᠧ ᠮᠢᠩ ᠪᠣᠯᠣᠨ᠎ᠠ︔ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠦᠶᠯᠡᠳᠬᠦᠨ 2 ᠪᠠᠶᠢᠵᠦ᠂ ᠲᠠᠷᠦᠢ ᠺᠠᠶᠢᠯᠦ ᠶᠢᠨ ᠤᠯᠠᠭᠠᠨ ᠬᠠᠳᠠᠭᠠᠭᠰᠠᠨ ᠯᠠᠵᠤᠤ᠂ ᠺᠠᠶᠢᠯᠦ ᠲᠡᠮᠳᠡᠭᠳᠦ ᠬᠠᠷ᠎ᠠ ᠠᠷᠢᠬᠢ ᠪᠣᠯᠤᠨ᠎ᠠ︔ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠭᠡᠷᠡᠴᠢᠯᠡᠯ ᠤᠨ ᠲᠠᠸᠠᠷ ᠤᠨ ᠲᠡᠮᠳᠡᠭ 1 ᠪᠠᠶᠢᠵᠦ᠂ ᠲᠠᠷᠦᠢ ᠺᠠᠶᠢᠯᠦ ᠶᠢᠨ ᠬᠠᠳᠠᠭᠠᠭᠰᠠᠨ ᠯᠠᠵᠤᠤ ᠪᠣᠯᠤᠨ᠎ᠠ᠃ ᠬᠦᠴᠦᠨ ᠪᠦᠬᠦᠢ ᠲᠤᠰᠬᠠᠶ ᠠᠰᠢᠭ ᠤᠨ ᠲᠤᠭ᠎ᠠ 189 ᠬᠤᠪᠢ ᠪᠠᠶᠢᠨ᠎ᠠ᠃     ᠰᠤᠷᠪᠤᠯᠵᠢᠯᠠᠭᠴᠢ᠄ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠷᠠᠭᠠᠴᠢ ᠶᠢᠨ ᠠᠯᠬᠤᠮ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠤᠢ︖     ᠶᠠᠩ ᠲᠣᠪᠴᠢᠶᠠᠨ ᠳᠠᠷᠤᠭ᠎ᠠ᠄ 3 ᠰᠠᠷ᠎ᠠ ᠶᠢᠨ 1 ᠤ ᠡᠳᠦᠷ ᠮᠠᠨ ᠤ ᠲᠣᠪᠴᠢᠶ᠎ᠠ ︽ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠬᠦᠷᠢᠶᠡᠨ ᠳᠤ ᠵᠠᠰᠠᠭ ᠵᠠᠬᠢᠷᠭᠠᠨ ᠤ ᠵᠥᠪᠰᠢᠶᠡᠷᠡᠯ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠥᠭᠡᠷᠡᠴᠢᠯᠡᠯᠲᠡ ︵ᠲᠤᠷᠰᠢᠨ ᠬᠡᠷᠡᠭᠵᠢᠭᠦᠯᠬᠦ︶ ᠶᠢ ᠬᠡᠷᠡᠭᠵᠢᠭᠦᠯᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠠᠳᠠᠯ ᠦᠶᠯᠡᠰ ᠴᠣᠭᠴᠠᠯᠠᠬᠤ ᠶᠢᠨ ︽ᠬᠦᠴᠢᠷᠳᠡᠯ︾ ᠪᠠ ︽ᠡᠪᠡᠷᠰᠢᠶᠡᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠪᠠᠨ ᠴᠢᠯᠥᠭᠡᠯᠡᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠨ᠂ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠨ᠂ ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠦᠶᠯᠡᠴᠢᠯᠡᠭᠡ ᠶᠢᠨ ᠠᠷᠠᠳ ᠲᠤ ᠲᠥᠬᠦᠮ ᠦᠵᠡᠭᠦᠯᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ᠵᠥᠪᠬᠡᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠢ ᠪᠣᠷᠣᠯᠠᠭᠤᠯᠬᠤ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠳᠠᠩᠰᠠᠯᠠᠭᠤᠯᠬᠤ ᠳᠦᠷᠢᠮ ᠢ ᠬᠡᠷᠡᠭᠵᠢᠭᠦᠯᠦᠨ᠎ᠡ᠂ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ ᠠᠪᠬᠤ ᠴᠢᠬᠤᠯᠠ ᠦᠭᠡᠢ᠃ ᠪᠢᠳᠡ ᠥᠩᠭᠡᠷᠡᠭᠰᠡᠨ ᠲᠠᠢ ᠪᠠᠨ ᠠᠳᠠᠯᠢ ᠪᠠᠷ ᠡᠵᠡᠩᠨᠡᠯᠲᠡ ᠶᠢᠨ ᠣᠷᠴᠢᠨ ᠨᠦᠭᠦᠴᠡᠯ ᠢ ᠬᠦᠴᠦᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠨᠡᠭᠡᠭᠡᠨ ᠡᠷᠭᠢᠯᠡᠬᠦ ᠪᠠ ᠬᠦᠴᠦᠨ ᠥᠬᠡᠶ ᠪᠣᠯᠭᠠᠬᠤ ᠲᠠᠰ ᠳᠠᠷᠠᠭᠠᠯᠠᠯ ᠢ ᠳᠥᠭᠦᠮᠴᠢᠯᠡᠬᠦ ᠠᠵᠢᠯ ᠤᠨ ᠲᠠᠯ᠎ᠠ ᠪᠠᠷ᠂ ᠰᠦᠯᠵᠢᠶᠡᠨ ᠳᠡᠭᠡᠷ᠎ᠡ ᠳᠠᠩᠰᠠᠯᠠᠬᠤ ᠠᠵᠢᠯ ᠤᠨ ᠡᠷᠴᠢᠮ ᠢ ᠭᠤᠤᠯᠳᠠᠯᠭ᠎ᠠ ᠲᠠᠢ ᠴᠢᠩᠭᠠᠷᠠᠭᠤᠯᠵᠤ᠂ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠳᠤ ︽ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠭᠦᠶᠦᠯᠭᠡᠬᠦ ᠥᠬᠡᠶ︾ ᠲᠥᠬᠦᠮ ᠨᠥᠬᠦᠴᠡᠯ ᠢ ᠡᠳ᠋ᠯᠡᠭᠦᠯᠵᠦ᠂ ᠭᠦᠶᠴᠡᠳᠬᠡᠬᠦ ᠴᠠᠭ ᠤᠨ ᠬᠢᠵᠠᠭᠠᠷ ᠢ ᠪᠠᠭᠠᠰᠬᠠᠬᠤ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ ᠦᠷᠭᠦᠯᠵᠢᠯᠡᠨ ᠨᠡᠬᠡᠵᠦ ᠳᠠᠪᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠳᠤ ᠬᠠᠮᠤᠭ ᠤᠨ ᠶᠡᠭᠡ ᠬᠤᠪᠢ ᠨᠡᠮᠡᠷᠢ ᠦᠵᠡᠭᠦᠯᠦᠨ᠎ᠡ︕
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号