ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠦᠩᠭᠡ ᠢᠯᠭᠠᠷᠠᠭᠤᠯᠤᠨ ᠪᠠᠳᠠᠷᠠᠭᠤᠯᠤᠨ ᠲᠡᠯᠭᠡᠷᠡᠭᠦᠯᠦᠨ᠎ᠡ | ᠰᠤᠷᠪᠤᠯᠵᠢᠯᠠᠭᠰᠠᠨ ᠵᠣᠴᠢᠨ᠄ ᠺᠠᠶᠢᠯᠤ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠨᠠᠷᠠᠰᠤ | ᠭᠤᠣᠯ ᠠᠭᠤᠯᠭ᠎ᠠ ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠠᠵᠢᠯ ᠢ ᠰᠡᠳᠬᠢᠯ ᠲᠠᠯᠪᠢᠨ ᠬᠦᠴᠦᠯᠡᠨ ᠰᠠᠶᠢᠲᠤᠷ ᠬᠢᠵᠦ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠴᠡᠴᠡᠭ ᠢ ᠺᠠᠶᠢᠯᠤ ᠶᠢᠨ ᠡᠬᠡ ᠭᠠᠵᠠᠷ ᠲᠤ ᠪᠠᠳᠠᠷᠠᠭᠤᠯᠤᠨ ᠳᠡᠯᠭᠡᠷᠡᠭᠦᠯᠦᠨ᠎ᠡ ᠃ | ᠬᠥᠲᠥᠯᠥᠭᠴᠢ᠄ ᠡᠷᠬᠢᠯᠡᠭᠴᠢ ᠲᠠ ᠰᠠᠶᠢᠨ ᠤᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠭᠤᠣᠯ ᠠᠭᠤᠯᠭ᠎ᠠ ᠶᠠᠭᠤ ᠶᠠᠭᠤ ᠪᠠᠶᠢᠬᠤ ᠶᠢ ᠶᠠᠷᠢᠭᠠᠳ ᠦᠭᠭᠦᠨ᠎ᠡ | ᠤᠤ ︖ | ᠨᠠ ᠡᠷᠬᠢᠯᠡᠭᠴᠢ ᠄ 1.︽ ᠨᠢᠭᠡ ᠬᠠᠷᠠᠯᠲᠠ ︾ ᠶᠢ ᠪᠡᠶᠡᠯᠡᠭᠦᠯᠬᠦ ᠂ ᠲᠤᠬᠠᠶᠢᠯᠠᠪᠠᠯ ᠤᠯᠤᠰ ᠣᠷᠣᠨ ᠤ ᠨᠢᠭᠡᠳᠦᠯ | ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠦᠨ᠎ᠡ ︔ 2.︽ ᠬᠤᠶᠠᠷ ᠬᠠᠮᠳᠤᠪᠠᠷ︾ ᠢ ᠪᠡᠶᠡᠯᠡᠭᠦᠯᠬᠦ ᠂ ᠲᠤᠬᠠᠶᠢᠯᠠᠪᠠᠯ | ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠵᠦ ᠂ ᠬᠠᠮᠲᠤ ᠪᠠᠷ ᠴᠡᠴᠡᠭᠯᠡᠨ ᠬᠥᠭᠵᠢᠬᠦ ︔ 3.︽ ᠭᠤᠷᠪᠠᠨ | ᠤᠬᠠᠮᠰᠠᠷ ︾ ᠢ ᠴᠢᠩᠭᠠᠳᠬᠠᠬᠤ ᠂ ᠲᠤᠬᠠᠶᠢᠯᠠᠪᠠᠯ ᠤᠯᠤᠰ ᠣᠷᠣᠨ ᠤ ᠤᠬᠠᠮᠰᠠᠷ ᠂ ᠠᠷᠠᠳ ᠢᠷᠭᠡᠨ ᠤ ᠤᠬᠠᠮᠰᠠᠷ ᠂ | ᠬᠠᠤᠯᠢ ᠪᠠᠷ ᠵᠠᠰᠠᠬᠤ ᠤᠬᠠᠮᠰᠠᠷ ︔ 4. ︽ᠲᠠᠪᠤᠨ ᠲᠠᠨᠢᠯᠳᠠ︾ ᠢ ᠨᠡᠮᠡᠭᠳᠡᠭᠦᠯᠬᠦ᠂ ᠲᠤᠬᠠᠶᠢᠯᠠᠪᠠᠯ ᠠᠭᠤᠤ ᠶᠡᠭᠡ | ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ | ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠠᠨᠢᠯᠲᠠ ︔ 5.︽ᠲᠠᠪᠤᠨ ᠦᠵᠡᠯᠲᠡ︾ ᠶᠢ | ᠪᠠᠳᠤᠳᠬᠠᠬᠤ᠂ ᠲᠤᠬᠠᠶᠢᠯᠠᠪᠠᠯ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ | ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠳᠤᠳᠬᠠᠬᠤ ᠶᠠᠪᠤᠳᠠᠯ ᠪᠣᠯᠣᠨ᠎ᠠ᠃ | ᠬᠥᠲᠥᠯᠥᠭᠴᠢ᠄ ᠰᠢᠨ᠎ᠡ ᠴᠠᠭ ᠦᠶ᠎ᠡ ᠳᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠶᠡᠷᠦᠩᠬᠡᠢ | ᠰᠡᠳᠬᠢᠴᠡ ᠪᠠ ᠱᠠᠭᠠᠷᠳᠠᠯᠭ᠎ᠠ ᠨᠢ ᠶᠠᠭᠤ ᠪᠣᠶ︖ | ᠨᠠ ᠡᠷᠬᠢᠯᠡᠭᠴᠢ ᠄ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠡᠷᠡᠰ | ᠵᠠᠮᠨᠠᠨ᠎ᠠ ︔ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ | ᠡᠷᠡᠮᠡᠯᠵᠡᠯ ᠢᠶᠠᠷ ᠲᠡᠮᠡᠴᠡᠯ ᠤᠨ ᠬᠠᠷᠠᠯᠲᠠ ᠪᠠᠨ ᠪᠣᠯᠭᠠᠵᠤ ᠂ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ | ᠭᠠᠵᠠᠷ ᠣᠷᠣᠨ ᠤ ᠪᠦᠬᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠪᠠ ᠣᠳᠣᠬᠢᠴᠢᠯᠠᠯᠲᠠ ᠶᠢ ᠪᠦᠬᠦ ᠲᠠᠯ᠎ᠠ ᠪᠠᠷ | ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ︔ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠪᠠᠷ | ᠵᠢᠯᠣᠭᠤᠳᠤᠯᠭ᠎ᠠ ᠪᠣᠯᠭᠠᠵᠤ ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ | ᠪᠠᠶᠢᠭᠤᠯᠤᠨ᠎ᠠ ︔ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ︔ ᠦᠨᠳᠦᠰᠦᠲᠡᠨ ᠤ ᠬᠡᠷᠡᠭ | ᠶᠠᠪᠤᠳᠠᠯ ᠢ ᠬᠠᠤᠯᠢ ᠶᠣᠰᠣᠭᠠᠷ ᠵᠠᠰᠠᠵᠤ ᠂ ᠬᠠᠤᠯᠢ ᠴᠠᠭᠠᠵᠠ ᠶᠢᠨ ᠡᠮᠦᠨ᠎ᠡ ᠦᠨᠳᠦᠰᠦᠲᠡᠨ ᠨᠦᠭᠦᠳ ᠤᠨ ᠠᠷᠠᠳ | ᠢᠷᠭᠡᠳ ᠤᠨ ᠬᠥᠮᠥᠨ ᠪᠦᠬᠦᠨ ᠡᠷᠬᠡ ᠲᠡᠭᠰᠢ ᠪᠠᠶᠢᠬᠤ ᠶᠢ ᠦᠨᠡᠨ ᠬᠦ ᠪᠠᠲᠤᠯᠠᠨ᠎ᠠ ᠃ | ᠬᠥᠲᠥᠯᠥᠭᠴᠢ᠄ ᠡᠭᠦᠳᠦᠨ ᠪᠠᠶᠢᠭᠤᠯᠬᠤ ᠠᠵᠢᠯ ᠤᠨ ︽ᠶᠢᠰᠦ ᠶᠢ ᠠᠬᠢᠭᠤᠯᠬᠤ︾ ᠳᠤ ᠠᠳᠠᠯᠢ ᠪᠤᠰᠤ ᠠᠵᠢᠯ | ᠲᠥᠷᠥᠯ ᠤᠨ ᠬᠦᠷᠢᠶᠡᠨ ᠤ ᠪᠠᠶᠢᠳᠠᠯ ᠤᠨ ᠲᠣᠰ ᠲᠣᠰ ᠤᠨ ᠠᠳᠠᠯᠢ ᠪᠤᠰᠤ ᠪᠣᠳᠠᠲᠤ ᠪᠠᠶᠢᠳᠠᠯ ᠢ ᠦᠨᠳᠦᠰᠦᠯᠡᠨ᠂ | ᠤᠶᠠᠯᠳᠤᠯ ᠤᠨ ᠴᠡᠭ ᠢ ᠣᠨᠣᠪᠴᠢᠲᠠᠶ ᠡᠷᠢᠨ ᠣᠯᠵᠤ᠂ ︽ᠠᠳᠠᠯᠢ ᠪᠠᠶᠢᠯᠭᠠᠬᠤ︾ ᠶᠢ ᠰᠡᠷᠭᠡᠶᠢᠯᠡᠬᠦ ᠬᠡᠷᠡᠭᠲᠡᠢ ᠭᠡᠳᠡᠭ ᠢ | ᠬᠡᠷᠬᠢᠨ ᠣᠶᠢᠯᠠᠭᠠᠬᠤ ᠪᠣᠶ︖ | ᠨᠠ ᠡᠷᠬᠢᠯᠡᠭᠴᠢ ᠄ ᠨᠠᠮ ᠵᠠᠰᠠᠭ ᠤᠨ ᠪᠠᠶᠢᠭᠤᠯᠭ᠎ᠠ ᠪᠣᠯ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ | ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠦᠯᠢᠭᠡᠷ ᠳᠠᠭᠤᠷᠢᠶᠠᠯ ᠪᠣᠯᠵᠤ ᠂ ᠡᠭᠦᠷᠭᠡ ᠲᠤᠰᠢᠶᠠᠯ | ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠬᠤ ᠬᠡᠷᠡᠭᠲᠡᠢ ︔ ᠠᠵᠤ ᠠᠬᠤᠶᠢᠯᠠᠯ ᠪᠣᠯ | ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠢ ᠥᠷᠭᠡᠨ ᠢᠶᠠᠷ ᠡᠯᠰᠡᠨ ᠠᠵᠢᠯ ᠣᠯᠭᠤᠵᠤ ᠂ | ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠭᠠᠵᠠᠷ ᠣᠷᠣᠨ ᠤ ᠬᠥᠭᠵᠢᠯᠲᠡ ᠶᠢ | ᠲᠦᠷᠭᠡᠳᠬᠡᠬᠦ ᠪᠠᠷ ᠴᠢᠷᠮᠠᠶᠢᠵᠤ ᠂ ᠨᠡᠶᠢᠭᠡᠮ ᠤᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠬᠡᠷᠡᠭᠲᠡᠢ ︔ ᠨᠡᠶᠢᠭᠡᠮ | ᠲᠣᠭᠤᠷᠢᠭ ᠤᠨ ᠬᠢᠨ ᠬᠠᠷᠢᠯᠴᠠᠨ ᠰᠢᠭᠢᠳᠬᠦ ᠬᠡᠯᠪᠡᠷᠢ ᠶᠢᠨ ᠨᠡᠶᠢᠭᠡᠮ ᠤᠨ ᠪᠦᠲᠦᠴᠡ ᠪᠣᠯᠣᠨ ᠨᠡᠶᠢᠭᠡᠮ ᠲᠣᠭᠤᠷᠢᠭ ᠤᠨ | ᠣᠷᠴᠢᠨ ᠲᠣᠭᠤᠷᠢᠨ ᠢ ᠬᠦᠴᠦᠯᠡᠨ ᠪᠠᠶᠢᠭᠤᠯᠵᠤ ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠢ ᠬᠠᠮᠲᠤᠪᠠᠷ | ᠰᠠᠭᠤᠷᠢᠰᠢᠭᠤᠯᠵᠤ ᠂ ᠬᠠᠮᠲᠤᠪᠠᠷ ᠰᠤᠷᠤᠯᠴᠠᠭᠤᠯᠵᠤ ᠂ ᠬᠠᠮᠲᠤᠪᠠᠷ ᠠᠵᠢᠯᠯᠠᠭᠤᠯᠵᠤ ᠂ ᠬᠠᠮᠲᠤᠪᠠᠷ ᠵᠢᠷᠭᠠᠵᠤ ᠂ | ᠬᠠᠮᠲᠤᠪᠠᠷ ᠡᠳ᠋ᠯᠡᠭᠦᠯᠵᠦ ᠂ ᠠᠮᠤᠷ ᠠᠵᠤ ᠲᠦᠷᠦᠭᠦ ᠪᠣᠯᠭᠠᠬᠤ ᠬᠡᠷᠡᠭᠲᠡᠢ ︔ ᠰᠢᠶᠠᠩ ᠪᠠᠯᠭᠠᠰᠤ ᠬᠤᠲᠠ | ᠪᠠᠯᠭᠠᠰᠤᠵᠢᠯᠲᠠ ᠶᠢᠨ ᠬᠥᠭᠵᠢᠯᠲᠡ ᠳᠤ ᠵᠣᠬᠢᠴᠠᠵᠤ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠪᠦᠬᠦ ᠲᠠᠯ᠎ᠠ ᠪᠠᠷ ᠠᠭᠤᠰᠤᠯᠴᠠᠭᠤᠯᠬᠤ ᠬᠡᠷᠡᠭᠳᠡᠢ︔ | ᠰᠤᠷᠭᠠᠭᠤᠯᠢ ᠶᠢᠨ ᠬᠢᠨ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠶᠢ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠠᠭᠤᠰᠤᠯᠴᠠᠭᠤᠯᠵᠤ ᠂ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠬᠤ ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠬᠤ ᠲᠠᠯ᠎ᠠ ᠪᠠᠷ ᠬᠦᠴᠦ | ᠣᠷᠣᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠵᠢᠭᠠᠬᠤ | ᠮᠠᠲ᠋ᠧᠷᠢᠶᠠᠯ ᠳᠤ ᠣᠷᠣᠭᠤᠯᠬᠤ ᠂ ᠬᠢᠴᠢᠶᠡᠯ ᠤᠨ ᠲᠠᠩᠬᠢᠮ ᠳᠤ ᠣᠷᠣᠭᠤᠯᠬᠤ ᠂ ᠲᠠᠷᠢᠬᠢ ᠲᠣᠯᠣᠭᠠᠢ ᠳᠤ | ᠬᠠᠳᠠᠩᠰᠢᠭᠤᠯᠬᠤ ᠶᠢ ᠪᠠᠲᠤᠯᠠᠬᠤ ᠬᠡᠷᠡᠭᠲᠡᠢ ︔ ᠰᠤᠮᠤᠨ ᠠᠩᠭᠢ ᠪᠣᠯᠣᠨ ᠰᠠᠭᠤᠭ᠎ᠠ ᠭᠠᠵᠠᠷ ᠤᠨ ᠪᠠᠶᠢᠭ᠎ᠠ ᠭᠠᠵᠠᠷ ᠤᠨ | ᠬᠢᠨ ᠴᠡᠷᠢᠭ ᠨᠢ ᠠᠷᠠᠳ ᠢᠶᠠᠨ ᠬᠠᠶᠢᠷᠠᠯᠠᠬᠤ ᠂ ᠠᠷᠠᠳ ᠨᠢ ᠴᠡᠷᠢᠭ ᠢᠶᠠᠨ ᠬᠦᠷᠢᠶᠡᠯᠡᠬᠦ ᠰᠢᠯᠢᠳᠡᠭ ᠤᠯᠠᠮᠵᠢᠯᠠᠯ ᠢᠶᠠᠨ | ᠪᠠᠳᠠᠷᠠᠭᠤᠯᠵᠤ ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠦᠬᠦ ᠲᠠᠯ᠎ᠠ ᠪᠠᠷ | ᠠᠬᠢᠭᠤᠯᠬᠤ ᠬᠡᠷᠡᠭᠲᠡᠢ ︔ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠨᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ︽ ᠵᠢᠷᠭᠤᠭ᠎ᠠ ᠶᠢ ᠠᠬᠢᠭᠤᠯᠬᠤ ︾ ᠠᠵᠢᠯᠯᠠᠭ᠎ᠠ ᠳᠤ | ᠠᠭᠤᠰᠤᠯᠴᠠᠭᠤᠯᠵᠤ ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ | ᠪᠠᠷᠢᠮᠲᠠᠯᠠᠬᠤ ᠬᠡᠷᠡᠭᠲᠡᠢ ︔ ᠰᠦᠯᠵᠢᠶ᠎ᠡ ᠨᠢ ︽ ᠢᠨᠲ᠋ᠧᠷ ᠰᠦᠯᠵᠢᠶᠡᠨ ᠤ ᠦᠨᠳᠦᠰᠦᠲᠡᠨ ᠤ ᠪᠦᠯᠬᠦᠮᠳᠡᠯ ︾ ᠤᠨ | ᠠᠵᠢᠯᠯᠠᠭ᠎ᠠ ᠶᠢ ᠠᠬᠢᠭᠤᠯᠵᠤ ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ ᠢ ᠬᠥᠭᠵᠢᠭᠦᠯᠦᠨ | ᠪᠤᠵᠠᠭᠠᠶᠢᠷᠠᠭᠤᠯᠵᠤ ᠂ ᠢᠨᠲ᠋ᠧᠷ ᠰᠦᠯᠵᠢᠶ᠎ᠡ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠬᠠᠮᠤᠭ ᠤᠨ ᠶᠡᠭᠡ ᠨᠡᠮᠡᠭᠳᠡᠯ ᠪᠣᠯᠭᠠᠬᠤ ᠬᠡᠷᠡᠭᠳᠡᠢ︔ ᠭᠠᠴᠠᠭ᠎ᠠ ᠲᠣᠰᠬᠤᠨ ᠨᠢ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠠᠮ ᠤᠨ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠯᠤᠭ᠎ᠠ ᠬᠠᠷᠢᠯᠴᠠᠨ ᠤᠶᠠᠯᠳᠤᠭᠤᠯᠬᠤ ᠬᠡᠷᠡᠭᠲᠡᠢ᠃ | | | |