ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ ︖ ᠡᠨᠡ ᠪᠣᠯ ᠺᠠᠶᠢᠯᠤ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠫᠷᠣᠭ᠍ᠷᠠᠮ ᠪᠣᠯᠣᠨ᠎ᠠ᠃ ᠮᠠᠨ ᠤ | ᠤᠷᠢᠵᠤ ᠠᠪᠴᠢᠷᠠᠭᠰᠠᠨ ᠰᠣᠷᠪᠤᠯᠵᠢᠯᠠᠭ᠎ᠠ ᠶᠢᠨ ᠵᠣᠴᠢᠨ ᠪᠣᠯ ᠺᠠᠶᠢᠯᠤ ᠰᠢᠶᠠᠨ ᠤ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠴᠢ ᠹᠧᠩ ᠬᠤᠸᠠ ᠨᠥᠬᠦᠷ ᠪᠣᠯᠣᠨ᠎ᠠ᠃ ᠮᠠᠨ ᠤ | ᠥᠨᠥᠳᠥᠷ ᠤᠨ ᠰᠣᠷᠪᠤᠯᠵᠢᠯᠠᠭ᠎ᠠ ᠶᠢᠨ ᠭᠤᠣᠯ ᠠᠭᠤᠯᠭ᠎ᠠ ᠪᠣᠯ ᠬᠤᠳᠠ ᠶᠢᠨ ᠬᠠᠮᠢᠶᠠᠷᠤᠯᠲᠠ ᠶᠢᠨ ᠶᠠᠪᠤᠴᠠ ᠳᠤ | ᠭᠠᠷᠤᠭᠰᠠᠨ ᠬᠡᠳᠦᠨ ᠠᠰᠠᠭᠤᠳᠠᠯ ᠳᠤ ᠬᠠᠷᠢᠭᠤᠯᠲᠠ ᠥᠭᠬᠦ ᠶᠠᠪᠤᠳᠠᠯ ᠪᠣᠯᠣᠨ᠎ᠠ ᠃ | ᠴᠢ ᠲᠣᠪᠴᠢᠶᠠᠨ ᠳᠠᠷᠤᠭ᠎ᠠ ᠄ ᠬᠥᠲᠥᠯᠥᠭᠴᠢ ᠰᠠᠶᠢᠨ ᠤᠤ ︖ ᠥᠷᠭᠡᠨ ᠤᠯᠠᠨ ᠰᠦᠯᠵᠢᠶᠡᠨ ᠤ ᠠᠨᠳᠠ ᠨᠠᠷ | ᠰᠠᠶᠢᠨ ᠪᠠᠶᠢᠵᠠᠭᠠᠨ᠎ᠠ ᠤᠤ ︖ ᠪᠢ ᠪᠣᠯ ᠺᠠᠶᠢᠯᠤ ᠰᠢᠶᠠᠨ ᠤ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠡᠳ᠋ ᠳᠠᠷᠤᠭ᠎ᠠ ᠴᠢ ᠹᠧᠩ ᠬᠤᠸᠠ ᠪᠣᠯᠣᠨ᠎ᠠ ᠂ ᠡᠩ ᠲᠡᠷᠢᠭᠦᠨ ᠳᠤ | ᠤᠯᠠᠨ ᠢᠶᠠᠷ ᠢᠶᠠᠨ ᠬᠤᠳᠠ ᠶᠢᠨ ᠬᠠᠮᠢᠶᠠᠷᠤᠯᠲᠠ ᠪᠣᠯᠣᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ ᠂ ᠥᠨᠥᠳᠥᠷ ᠰᠦᠯᠵᠢᠶᠡᠨ ᠳᠡᠭᠡᠷ᠎ᠡ ᠰᠤᠷᠪᠤᠯᠵᠢᠯᠠᠨ ᠶᠠᠷᠢᠯᠴᠠᠵᠤ ᠂ | ᠰᠦᠯᠵᠢᠶᠡᠨ ᠤ ᠠᠨᠳᠠ ᠨᠠᠷ ᠲᠠᠢ ᠬᠠᠮᠲᠤ ᠪᠠᠷ ᠬᠤᠳᠠ ᠶᠢᠨ ᠬᠠᠮᠢᠶᠠᠷᠤᠯᠲᠠ ᠶᠢᠨ ᠠᠵᠢᠯ ᠤᠨ ᠳᠤᠮᠳᠠᠬᠢ ᠵᠢᠵᠢᠭ | ᠰᠠᠵᠢᠭ ᠵᠦᠢᠯ ᠢ ᠰᠤᠳᠤᠯᠤᠨ ᠶᠠᠷᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ | ᠬᠥᠲᠥᠯᠥᠭᠴᠢ ᠄ ᠣᠲᠣ ᠮᠠᠨ ᠤ ᠰᠢᠶᠠᠨ ᠤ ᠬᠤᠲᠠ ᠶᠢᠨ ᠲᠣᠭᠤᠷᠢᠭ ᠲᠠᠬᠢ ᠬᠤᠲᠠ ᠶᠢᠨ ᠬᠠᠮᠢᠶᠠᠷᠤᠯᠲᠠ ᠶᠢᠨ | ᠲᠠᠯ᠎ᠠ ᠪᠠᠷ ᠬᠢ ᠲᠡᠷᠭᠡ ᠵᠣᠭᠰᠤᠭᠠᠬᠤ ᠳᠤ ᠬᠦᠴᠢᠷ ᠠᠰᠠᠭᠤᠳᠠᠯ ᠢ ᠶᠠᠭᠠᠬᠢᠵᠤ ᠰᠢᠢᠳᠪᠦᠷᠢᠯᠡᠭᠰᠡᠨ ᠪᠣᠶ︖ | ᠴᠢ ᠲᠣᠪᠴᠢᠶᠠᠨ ᠳᠠᠷᠤᠭ᠎ᠠ᠄ ᠠᠵᠤ ᠠᠬᠤᠢ ᠶᠢᠨ ᠬᠥᠭᠵᠢᠯᠲᠡ ᠪᠣᠯᠣᠨ ᠠᠷᠠᠳ ᠤᠨ ᠠᠮᠢᠳᠤᠷᠠᠯ ᠤᠨ | ᠲᠦᠪᠰᠢᠨ ᠤ ᠳᠡᠭᠡᠭᠰᠢᠯᠡᠬᠦ ᠶᠢ ᠳᠠᠭᠠᠯᠳᠤᠨ᠂ ᠮᠠᠨ ᠤ ᠬᠤᠲᠠ ᠶᠢᠨ ᠮᠠᠰᠢᠨ ᠲᠡᠷᠭᠡᠨ ᠤ ᠬᠠᠳᠠᠭᠠᠯᠠᠯᠲᠠ ᠶᠢᠨ ᠬᠡᠮᠵᠢᠶ᠎ᠡ | ᠦᠳᠲᠡᠷ ᠲᠦᠷᠭᠡᠨ ᠨᠡᠮᠡᠭᠳᠡᠵᠦ᠂ ᠲᠡᠷᠭᠡ ᠵᠣᠭᠰᠤᠭᠠᠬᠤ ᠳᠤ ᠬᠦᠴᠢᠷ᠂ ᠲᠡᠷᠭᠡ ᠵᠣᠭᠰᠤᠭᠠᠬᠤ ᠳᠤ ᠡᠮᠬᠢ ᠵᠠᠮᠪᠠᠷᠠᠭ᠎ᠠ | ᠦᠭᠡᠢ ᠠᠰᠠᠭᠤᠳᠠᠯ ᠤᠯᠠᠮ ᠠᠴᠠ ᠤᠯᠠᠮ ᠲᠣᠪᠣᠶᠢᠮ᠎ᠠ ᠪᠣᠯᠵᠤ ᠪᠠᠶᠢᠨ᠎ᠠ᠃ ᠣᠶᠢᠷ᠎ᠠ ᠳᠤ ᠬᠦᠮᠦᠰ ᠪᠠᠰᠠ ᠵᠠᠷᠢᠮ | ᠰᠠᠭᠤᠭᠠᠯᠢ ᠲᠣᠭᠤᠷᠢᠭ ᠤᠨ ᠡᠷᠬᠢᠨ ᠲᠣᠭᠤᠷᠢᠨ ᠳᠤ ᠲᠡᠷᠭᠡ ᠵᠣᠭᠰᠤᠭᠠᠬᠤ ᠭᠠᠵᠠᠷ ᠵᠢᠷᠤᠭᠰᠠᠨ ᠦᠭᠡᠢ᠂ ᠲᠡᠷᠭᠡ | ᠵᠣᠭᠰᠤᠭᠠᠬᠤ ᠳᠤ ᠬᠦᠴᠢᠷ᠂ ᠳᠤᠷ᠎ᠠ ᠪᠠᠷ ᠢᠶᠠᠨ ᠲᠡᠷᠭᠡ ᠵᠣᠭᠰᠤᠭᠠᠬᠤ ᠠᠰᠠᠭᠤᠳᠠᠯ ᠭᠠᠷᠴᠤ ᠪᠠᠶᠢᠨ᠎ᠠ ᠭᠡᠵᠦ | ᠲᠤᠰᠬᠠᠵᠤ ᠪᠠᠶᠢᠨ᠎ᠠ᠂ ᠮᠠᠨ ᠤ ᠲᠣᠪᠴᠢᠶ᠎ᠠ ᠴᠤ ᠡᠨᠡ ᠠᠰᠠᠭᠤᠳᠠᠯ ᠢ ᠨᠡᠯᠢᠶᠡᠳ ᠴᠢᠬᠤᠯᠠᠴᠢᠯᠠᠨ ᠦᠵᠡᠵᠦ᠂ ᠬᠥᠮᠥᠰ ᠢ | ᠵᠣᠬᠢᠶᠠᠨ ᠪᠠᠶᠢᠭᠤᠯᠵᠤ ᠪᠠᠶᠢᠭᠠᠳ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠤᠨ ᠡᠷᠬᠢᠨ ᠲᠣᠭᠤᠷᠢᠨ᠂ | ᠰᠡᠯᠪᠢᠨ ᠵᠠᠰᠠᠭᠰᠠᠨ ᠤ ᠳᠠᠷᠠᠭᠠᠬᠢ ᠵᠠᠮ ᠤᠨ ᠬᠤᠶᠠᠷ ᠲᠠᠯ᠎ᠠ ᠶᠢ ᠲᠡᠮᠲᠡᠷᠢᠨ ᠵᠢᠭᠰᠠᠭᠠᠵᠤ᠂ ᠱᠤᠭᠤᠮ ᠵᠢᠷᠤᠭᠰᠠᠨ ᠦᠭᠡᠢ | ᠲᠡᠷᠭᠡ ᠵᠣᠭᠰᠤᠭᠠᠬᠤ ᠭᠠᠵᠠᠷ ᠢ ᠨᠢᠭᠡᠳᠦᠯᠲᠡᠢ ᠲᠥᠯᠥᠪᠵᠢᠭᠦᠯᠦᠨ ᠱᠤᠭᠤᠮ ᠵᠢᠷᠤᠵᠤ᠂ ᠣᠯᠠᠨ ᠲᠦᠮᠡᠨ ᠤ ᠲᠡᠷᠭᠡ | ᠵᠣᠭᠰᠤᠭᠠᠬᠤ ᠳᠤ ᠲᠥᠬᠦᠮ ᠪᠥᠭᠡᠳ ᠵᠢᠷᠤᠮᠵᠢᠯ ᠲᠠᠢ ᠪᠠᠶᠢᠯᠭᠠᠬᠤ ᠶᠢ ᠪᠠᠲᠤᠯᠠᠵᠤ ᠪᠠᠶᠢᠨ᠎ᠠ᠃ ᠨᠢᠭᠡᠳᠦᠯᠲᠡᠢ ᠪᠠᠷ | ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠦᠨ ᠴᠣᠬᠤᠯᠠᠪᠤᠷᠢᠯᠠᠭᠤᠯᠤᠨᠠ ᠃ | ᠬᠥᠲᠥᠯᠥᠭᠴᠢ᠄ ᠪᠥᠬᠦ ᠬᠤᠲᠠ ᠶᠢᠨ ᠠᠮᠤᠷ ᠲᠦᠪᠰᠢᠨ ᠤ ᠢᠯᠡᠳᠬᠡᠮᠵᠢ ᠪᠣᠯᠣᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠳᠤ᠂ ᠪᠢᠳᠡ ᠪᠣᠯᠪᠠᠰᠤᠨ ᠬᠤᠲᠠ ᠶᠢ ᠪᠦᠲᠦᠭᠡᠨ ᠪᠠᠶᠢᠭᠤᠯᠬᠤ ᠳᠤ ᠶᠠᠮᠠᠷ ᠶᠠᠮᠠᠷ ᠠᠵᠢᠯ ᠤᠳ ᠢ | ᠬᠢᠭᠰᠡᠨ ᠪᠣᠶ︖ | ᠴᠢ ᠲᠣᠪᠴᠢᠶᠠᠨ ᠳᠠᠷᠤᠭ᠎ᠠ ᠄ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠮᠠᠨ ᠤ ᠲᠣᠪᠴᠢᠶ᠎ᠠ ᠬᠤᠲᠠ ᠶᠢᠨ ᠣᠷᠴᠢᠨ ᠲᠣᠭᠤᠷᠢᠨ ᠢ | ᠬᠠᠮᠠᠭᠠᠯᠠᠬᠤ᠂ ᠭᠤᠶᠢᠳᠠ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ᠂ ᠣᠷᠴᠢᠨ ᠲᠣᠭᠤᠷᠢᠨ ᠤ ᠪᠠᠲᠤᠯᠠᠭ᠎ᠠ ᠶᠢ | ᠬᠠᠩᠭᠠᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ | ᠬᠦᠨᠳᠦ ᠴᠢᠬᠤᠯᠠ᠃ ᠨᠢᠭᠡ ᠳᠤ ᠂ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢᠨ ᠬᠠᠮᠢᠶᠠᠷᠤᠯᠲᠠ | ᠬᠠᠮᠠᠭᠠᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ ᠂ ᠬᠤᠳᠠ ᠶᠢᠨ ᠠᠷᠠᠳ ᠲᠤ ᠠᠮᠤᠷ ᠲᠦᠪᠰᠢᠨ ᠂ ᠲᠠᠭᠠᠯᠠᠮᠵᠢᠲᠠᠢ᠂ | ᠭᠤᠶᠤ ᠰᠠᠶᠢᠬᠠᠨ ᠨᠡᠪᠲᠡᠷᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠵᠤ ᠂ ᠬᠤᠳᠠ ᠶᠢᠨ ᠲᠣᠭᠤᠷᠢᠭ ᠤᠨ | ᠵᠠᠮ ᠂ ᠵᠠᠮ ᠤᠨ ᠳ᠋ᠧᠩ ᠵᠡᠷᠭᠡ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ | ᠪᠠ ᠴᠢᠳᠠᠪᠬᠢ ᠶᠢ ᠪᠠᠳᠠᠷᠠᠭᠤᠯᠬᠤ ᠶᠢ ᠪᠦᠬᠦ ᠲᠠᠯ᠎ᠠ ᠪᠠᠷ ᠪᠠᠲᠤᠯᠠᠵᠤ ᠂ ᠮᠠᠨ ᠤ ᠲᠣᠪᠴᠢᠶ᠎ᠠ ᠬᠤᠳᠠ ᠶᠢᠨ ᠶᠠᠪᠤᠳᠠᠯ ᠤᠨ | ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯ ᠤᠨ ᠭᠤᠣᠯᠳᠠᠯᠭ᠎ᠠ ᠶᠢᠨ ᠲᠣᠭᠤᠷᠢᠨ ᠳᠤ ᠂ ᠮᠠᠨ ᠤ ᠰᠢᠶᠠᠨ ᠤ | ᠬᠤᠳᠠ ᠶᠢᠨ ᠳᠦᠷᠢ ᠲᠥᠷᠬᠦ ᠪᠣᠯᠣᠨ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠡᠢ ᠃ ᠬᠤᠶᠠᠷ ᠲᠤ | ᠵᠠᠮ ᠱᠤᠭᠤᠮ ᠤᠨ ᠭᠠᠳᠠᠷᠭᠤ ᠶᠢ ᠬᠠᠮᠠᠭᠠᠯᠠᠬᠤ ᠠᠵᠢᠯ ᠴᠢᠬᠤᠯᠠ ᠪᠠᠶᠢᠷᠢ ᠶᠢ ᠡᠵᠡᠯᠡᠨ᠎ᠡ ᠃ ᠭᠤᠣᠯᠳᠠᠭᠤ ᠵᠠᠮ ᠤᠨ | ᠨᠢᠭᠤᠷ ᠤᠨ ᠲᠡᠭᠰᠢᠯᠡᠯᠲᠡ ᠶᠢᠨ ᠬᠡᠮᠵᠢᠶ᠎ᠡ ᠪᠠ ᠵᠠᠮ ᠤᠨ ᠭᠤᠯᠳᠤᠩ ᠤᠨ ᠬᠠᠮᠠᠭᠠᠯᠠᠯᠲᠠ᠂ ᠵᠠᠮ ᠤᠨ ᠨᠢᠭᠤᠷ ᠤᠨ ᠠᠩ | ᠵᠠᠪᠰᠠᠷ᠂ ᠨᠦᠬᠡ ᠨᠥᠬᠦᠬᠦ ᠵᠡᠷᠭᠡ ᠠᠰᠠᠭᠤᠳᠠᠯ ᠳᠤ ᠬᠠᠮᠠᠭᠠᠯᠠᠯᠲᠠ ᠬᠢᠨ᠎ᠡ᠃ ᠬᠤᠲᠠ ᠶᠢᠨ ᠲᠣᠭᠤᠷᠢᠭ ᠲᠤ᠂ ᠮᠠᠰᠢ | ᠣᠯᠠᠨ ᠶᠠᠪᠠᠭᠠᠨ ᠬᠥᠮᠥᠨ ᠤ ᠵᠠᠮ ᠤᠨ ᠱᠠᠯᠠ ᠶᠢᠨ ᠲᠣᠭᠤᠰᠬ᠎ᠠ ᠨᠢ ᠤᠳᠠᠭᠠᠨ ᠴᠠᠭ᠂ ᠪᠣᠷᠣᠭᠠᠨ ᠤ ᠤᠰᠤᠨ ᠳᠤ | ᠳᠡᠪᠲᠦᠭᠰᠡᠨ᠂ ᠵᠣᠷᠢᠭᠤᠳᠠ ᠡᠪᠳᠡᠷᠡᠭᠰᠡᠨ ᠵᠡᠷᠭᠡ ᠰᠢᠯᠲᠠᠭᠠᠨ ᠠᠴᠠ ᠪᠣᠯᠵᠤ ᠡᠪᠳᠡᠷᠡᠵᠦ ᠰᠤᠯᠠᠷᠠᠭᠠᠳ᠂ ᠬᠤᠲᠠ ᠶᠢᠨ | ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ ᠪᠣᠯᠵᠠᠢ᠃ ᠮᠠᠨ ᠤ ᠲᠣᠪᠴᠢᠶ᠎ᠠ ᠶᠢᠨ ᠠᠵᠢᠯᠲᠠᠳ ᠬᠤᠲᠠ ᠶᠢᠨ | ᠲᠣᠭᠤᠷᠢᠭ ᠲᠠᠬᠢ ᠶᠠᠪᠠᠭᠠᠨ ᠬᠥᠮᠥᠨ ᠤ ᠵᠠᠮ ᠤᠨ ᠭᠠᠳᠠᠷᠭᠤ ᠶᠢᠨ ᠲᠣᠭᠤᠰᠬ᠎ᠠ ᠶᠢᠨ ᠰᠤᠯᠠᠷᠠᠵᠤ ᠡᠪᠳᠡᠷᠡᠭᠰᠡᠨ ᠵᠡᠷᠭᠡ | ᠠᠰᠠᠭᠤᠳᠠᠯ ᠳᠤ ︽ᠲᠣᠣᠷ ᠲᠠᠲᠠᠬᠤ ᠮᠠᠶ᠋ᠢᠭ︾ ᠤᠨ ᠴᠡᠪᠡᠷᠯᠡᠯᠲᠡ ᠬᠢᠵᠦ᠂ ᠶᠠᠪᠤᠵᠤ ᠰᠠᠭᠤᠬᠤ ᠳᠤ ᠬᠠᠷᠰᠢ ᠰᠠᠭᠠᠳ | ᠦᠭᠡᠢ ᠪᠠᠶᠢᠬᠤ ᠶᠢ ᠪᠠᠲᠤᠯᠠᠪᠠ᠃ ᠠᠳᠡ᠂ ᠮᠠᠨ ᠤ ᠲᠣᠪᠴᠢᠶ᠎ᠠ ᠠᠴᠠ ᠥᠷᠭᠡᠨ ᠣᠯᠠᠨ ᠬᠤᠲᠠ ᠶᠢᠨ ᠠᠷᠠᠳ ᠢ | ᠬᠤᠲᠠ ᠶᠢᠨ ᠣᠯᠠᠨ ᠨᠡᠶᠢᠲᠡ ᠶᠢᠨ ᠲᠥᠬᠦᠭᠡᠷᠦᠮᠵᠢ ᠶᠢ ᠤᠬᠠᠮᠰᠠᠷ ᠠᠴᠠ ᠪᠠᠨ ᠬᠠᠶᠢᠷᠠᠯᠠᠨ ᠬᠠᠮᠠᠭᠠᠯᠠᠵᠤ᠂ ᠵᠠᠮ᠂ | ᠶᠠᠪᠠᠭᠠᠨ ᠬᠥᠮᠥᠨ ᠤ ᠵᠠᠮ ᠤᠨ ᠭᠠᠳᠠᠷᠭᠤ ᠶᠢᠨ ᠲᠣᠭᠤᠰᠬ᠎ᠠ ᠵᠡᠷᠭᠡ ᠣᠯᠠᠨ ᠨᠡᠶᠢᠲᠡ ᠶᠢᠨ ᠲᠥᠬᠦᠭᠡᠷᠦᠮᠵᠢ ᠶᠢ | ᠵᠣᠷᠢᠭᠤᠳᠠ ᠡᠪᠳᠡᠬᠦ ᠶᠢ ᠪᠠᠭᠠᠰᠬᠠᠵᠤ᠂ ᠬᠤᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠢᠳᠡ ᠬᠠᠮᠲᠤ ᠪᠠᠷ | ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠵᠤ ᠪᠠᠶᠢᠨ᠎ᠠ᠃ ᠭᠤᠷᠪᠠ ᠳᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ | ᠵᠠᠰᠠᠬᠤ ᠃ ᠬᠤᠲᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠭᠤᠷᠠᠢ ᠲᠠᠯ᠎ᠠ ᠳᠤ ᠴᠢᠭᠯᠡᠭᠦᠯᠦᠨ᠂ | ᠲᠤᠰᠠᠭᠠᠷᠯᠠᠬᠤ ᠪᠦᠰᠡ᠂ ᠠᠷᠢᠭᠤᠨ ᠴᠡᠪᠡᠷ ᠤᠨ ᠬᠠᠶᠢᠷᠴᠠᠭ᠂ ᠬᠤᠭ ᠨᠣᠪᠰᠢ ᠶᠢᠨ ᠬᠠᠶᠢᠷᠴᠠᠭ ᠢ ᠪᠠᠶᠢᠩᠭᠤᠵᠢᠭᠤᠯᠤᠨ | ᠤᠬᠢᠶᠠᠵᠤ ᠴᠡᠪᠡᠷᠯᠡᠨ᠎ᠡ᠃ ᠬᠤᠲᠠ ᠬᠥᠳᠡᠭᠡ ᠶᠢᠨ ᠠᠭᠤᠯᠵᠠᠷ ᠬᠡᠰᠡᠭ ᠤᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠪᠠᠶᠢᠩᠭᠤᠵᠢᠭᠤᠯᠤᠨ ᠬᠠᠮᠢᠶᠠᠷᠴᠤ᠂ ᠬᠠᠶᠠᠬᠳᠠᠮᠠᠯ ᠪᠣᠳᠠᠰ ᠢ ᠱᠦᠭᠦᠵᠦ ᠴᠡᠪᠡᠷᠯᠡᠨ᠎ᠡ᠃ ᠪᠣᠷᠣᠭᠠᠨ ᠤ | ᠤᠰᠤᠨ ᠤ ᠱᠦᠭᠦᠷ ᠨᠢ ᠬᠤᠲᠠ ᠶᠢᠨ ᠵᠠᠮ ᠤᠨ ᠨᠢᠭᠤᠷ ᠤᠨ ᠤᠰᠤ ᠲᠠᠲᠠᠷᠠᠭᠤᠯᠬᠤ ᠭᠤᠣᠯ ᠵᠠᠮ ᠪᠣᠯᠤᠭᠰᠠᠨ ᠤ | ᠬᠤᠪᠢ ᠳᠤ᠂ ᠰᠠᠭᠠᠳ ᠦᠭᠡᠢ ᠨᠡᠪᠲᠡᠷᠡᠬᠦ ᠡᠰᠡᠬᠦ ᠨᠢ ᠬᠤᠷᠠᠭᠰᠠᠨ ᠤᠰᠤᠨ ᠤ ᠬᠠᠳᠠᠭᠠᠯᠠᠬᠤ ᠴᠠᠭ ᠢ ᠲᠣᠭᠲᠠᠭᠠᠵᠤ᠂ | ᠴᠠᠭ ᠲᠤᠬᠠᠢ ᠳᠤᠨᠢ ᠨᠠᠪᠲᠠᠷᠡᠭᠦᠯᠵᠦ ᠴᠡᠪᠡᠷᠯᠡᠬᠦ ᠶᠢ ᠪᠡᠶᠡᠯᠡᠭᠦᠯᠦᠭᠰᠡᠨ ᠪᠠᠶᠢᠨ᠎ᠠ᠃ | ᠬᠥᠲᠥᠯᠥᠭᠴᠢ᠄ ᠮᠠᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠠᠭᠠᠷ | ᠮᠠᠨᠳᠠᠯ ᠤᠨ ᠪᠣᠬᠢᠷᠳᠤᠯ ᠳᠤ ᠴᠢᠭᠯᠡᠭᠦᠯᠦᠨ ᠶᠠᠮᠠᠷ ᠪᠣᠯᠣᠮᠵᠢᠲᠠᠢ ᠠᠷᠭ᠎ᠠ ᠬᠡᠮᠵᠢᠶ᠎ᠡ ᠠᠪᠤᠭᠰᠠᠨ ᠪᠣᠶ︖ | ᠴᠢ ᠲᠣᠪᠴᠢᠶᠠᠨ ᠳᠠᠷᠤᠭ᠎ᠠ ᠄ ᠨᠢᠭᠡ ᠳᠤ ᠂ ᠬᠤᠭ ᠲᠣᠭᠤᠰᠣ ᠶᠢ ᠵᠥᠭᠡᠭᠡᠪᠦᠷᠢᠯᠡᠬᠦ ᠬᠤᠭ ᠲᠣᠭᠤᠰᠣ ᠶᠢ | ᠵᠠᠰᠠᠬᠤ ᠠᠵᠢᠯ ᠢ ᠥᠷᠨᠢᠭᠦᠯᠵᠦ ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ ᠂ ᠰᠥᠨᠢ ᠪᠠᠷ | ᠵᠢᠵᠢᠭᠦᠷᠯᠡᠬᠦ ᠶᠢ ᠪᠠᠷᠢᠮᠲᠠᠯᠠᠵᠤ᠂ ᠰᠢᠪᠠᠷ ᠰᠢᠷᠣᠢ ᠲᠠᠢ ᠵᠠᠮ ᠳᠤ ᠭᠠᠷᠤᠭᠰᠠᠨ ᠂ ᠪᠦᠲᠡᠭᠡᠯᠭᠡ ᠨᠢ ᠴᠢᠩᠭ᠎ᠠ ᠪᠢᠰᠢ᠂ ᠵᠠᠮ | ᠳᠡᠭᠡᠷ᠎ᠡ ᠬᠤᠭ ᠲᠣᠭᠤᠰᠣ ᠶᠢᠨ ᠪᠣᠬᠢᠷᠳᠤᠯ ᠲᠠᠢ ᠬᠤᠭ ᠲᠣᠭᠤᠰᠣ ᠶᠢ ᠵᠥᠭᠡᠭᠡᠪᠦᠷᠢᠯᠡᠬᠦ ᠲᠡᠷᠭᠡ ᠬᠥᠰᠬᠡ ᠶᠢ ᠴᠢᠩᠭ᠎ᠠ | ᠪᠠᠶᠢᠴᠠᠭᠠᠨ᠎ᠠ ᠃ ᠬᠤᠶᠠᠷ ᠲᠤ ᠵᠠᠳᠠᠭᠠᠢ ᠰᠢᠷᠠᠯᠠᠭ᠎ᠠ ᠶᠢᠨ ᠵᠠᠰᠠᠯᠲᠠ ᠶᠢ ᠥᠷᠨᠢᠭᠦᠯᠵᠦ᠂ ᠬᠤᠲᠠ ᠶᠢᠨ ᠲᠣᠭᠤᠷᠢᠭ ᠤᠨ | ᠵᠠᠳᠠᠭᠠᠢ ᠰᠢᠷᠠᠯᠠᠭ᠎ᠠ ᠶᠢᠨ ᠵᠠᠰᠠᠯᠲᠠ ᠶᠢ ᠬᠠᠤᠯᠢ ᠶᠣᠰᠣᠭᠠᠷ ᠴᠡᠭᠴᠡᠯᠡᠨ ᠵᠠᠰᠠᠨ᠎ᠠ᠃ ᠭᠤᠷᠪᠠ ᠳᠤ ᠵᠠᠳᠠᠭᠠᠢ ᠰᠢᠲᠠᠭᠠᠬᠤ | ᠵᠠᠰᠠᠯᠲᠠ ᠶᠢ ᠥᠷᠨᠢᠭᠦᠯᠵᠦ᠂ ᠵᠠᠳᠠᠭᠠᠢ ᠰᠢᠲᠠᠭᠠᠬᠤ ᠬᠤᠭ ᠨᠣᠪᠰᠢ᠂ ᠬᠤᠪᠠᠭ᠋ᠠᠢ ᠨᠠᠪᠴᠢ ᠵᠤᠯᠭᠠᠷᠠᠬᠤ ᠦᠶᠯᠡ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠳᠥᠷᠪᠡ ᠳᠤ᠂ ᠢᠳᠡᠭᠡᠨ ᠤᠮᠳᠠᠭᠠᠨ ᠤ ᠲᠣᠰᠣᠨ ᠣᠲᠤᠭ᠎ᠠ ᠶᠢ | ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠢᠳᠡᠭᠡᠨ ᠤᠮᠳᠠᠭᠠᠨ ᠤ ᠦᠢᠯᠡᠰ ᠲᠤ ᠲᠣᠰᠣᠨ ᠣᠲᠤᠭ᠎ᠠ ᠶᠢ ᠰᠢᠭᠤᠳ | ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠵᠤ᠂ ᠠᠵᠢᠯᠯᠠᠬᠤ ᠲᠠᠰᠤᠭ ᠲᠤ ᠡᠷᠬᠡᠪᠰᠢ ᠲᠣᠰᠣᠨ ᠣᠲᠤᠭ᠎ᠠ ᠶᠢ | ᠴᠡᠪᠡᠷᠰᠢᠭᠦᠯᠬᠦ ᠲᠥᠬᠦᠭᠡᠷᠦᠮᠵᠢ ᠤᠭᠰᠠᠷᠠᠬᠤ ᠬᠡᠷᠡᠭᠲᠡᠢ ᠪᠥᠭᠡᠳ ᠲᠣᠭᠲᠠᠮᠠᠯ ᠬᠤᠭᠤᠴᠠᠭ᠎ᠠ ᠲᠠᠢ ᠪᠠᠷ ᠬᠠᠮᠠᠭᠠᠯᠠᠨ | ᠴᠡᠪᠡᠷᠯᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠢᠳᠡᠭᠡᠨ ᠤᠮᠳᠠᠭᠠᠨ ᠤ ᠦᠢᠯᠡᠰ ᠤᠨ ᠲᠣᠰᠣᠨ ᠣᠲᠤᠭ᠎ᠠ | ᠴᠡᠪᠡᠷᠰᠢᠭᠦᠯᠦᠭᠴᠢ ᠶᠢ ᠭᠦᠢᠴᠡᠳ ᠤᠭᠰᠠᠷᠠᠭᠰᠠᠨ ᠡᠰᠡᠬᠦ᠂ ᠪᠡᠯᠡᠳᠬᠡᠮᠵᠢ ᠲᠥᠬᠦᠭᠡᠷᠦᠮᠵᠢ ᠨᠢ ᠬᠡᠪ ᠤᠨ ᠶᠣᠰᠣᠭᠠᠷ | ᠠᠵᠢᠯᠯᠠᠵᠤ ᠪᠠᠶᠢᠬᠤ ᠡᠰᠡᠬᠦ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠠᠶᠢᠴᠠᠭᠠᠨ᠎ᠠ᠃ | | | | |