ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/12/8
      ᠰᠤᠷᠪᠤᠯᠵᠢᠯᠠᠭᠰᠠᠨ ᠵᠣᠴᠢᠨ᠄ ᠰᠤᠷᠪᠤᠯᠵᠢᠯᠠᠭᠰᠠᠨ ᠵᠣᠴᠢᠨ᠄ ᠺᠠᠶᠢᠯᠤ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠢᠦᠢ ᠡᠾᠦ᠋ᠢ ᠯᠢ       ᠭᠤᠣᠯ ᠠᠭᠤᠯᠭ᠎ᠠ ᠄ ᠲᠥᠷᠥᠯ ᠵᠦᠢᠯ ᠢ ᠬᠢᠨᠠᠨ ᠵᠥᠪᠰᠢᠶᠡᠷᠡᠵᠦ ᠳᠠᠩᠰᠠᠯᠠᠭᠤᠯᠬᠤ ᠴᠠᠭ ᠤᠨ ᠬᠢᠵᠠᠭᠠᠷ ᠢ ᠵᠦᠢ ᠵᠣᠬᠢᠰᠲᠠᠢ ᠪᠠᠭᠠᠰᠬᠠᠨ ᠬᠡᠷᠡᠭ ᠡᠷᠭᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾ ᠲᠠᠪᠴᠠᠩ ᠤᠨ ᠬᠡᠷᠡᠭᠯᠡᠯᠲᠡ ᠶᠢ ᠢᠳᠡᠪᠬᠢᠲᠡᠢ ᠠᠬᠢᠭᠤᠯᠵᠤ᠂ ᠺᠠᠶᠢᠯᠤ ᠰᠢᠶᠠᠨ ᠤ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠤᠨ ᠡᠷᠴᠢᠮ ᠢ ᠴᠢᠩᠭᠠᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ  ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃       ᠬᠥᠲᠥᠯᠥᠭᠴᠢ᠄ ᠢᠦᠢ ᠡᠷᠬᠢᠯᠡᠭᠴᠢ ᠲᠠ ᠰᠠᠶᠢᠨ ᠤᠤ᠂ ᠲᠥᠷᠥᠯ ᠵᠦᠢᠯ ᠢ ᠬᠢᠨᠠᠨ ᠵᠥᠪᠰᠢᠶᠡᠷᠡᠵᠦ ᠳᠠᠩᠰᠠᠯᠠᠭᠤᠯᠬᠤ ᠲᠠᠯ᠎ᠠ ᠪᠠᠷ᠂ ᠣᠳᠣᠬᠠᠨ ᠳᠤ ᠮᠠᠨ ᠤ ᠰᠢᠶᠠᠨ ᠶᠠᠮᠠᠷ ᠠᠷᠭ᠎ᠠ ᠪᠠᠷ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠠᠶᠢᠬᠤ ᠪᠣᠶ︖      ᠢᠦᠢ ᠡᠷᠬᠢᠯᠡᠭᠴᠢ ᠄ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠠ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠲᠠᠪᠴᠠᠩ ᠤᠨ ᠬᠡᠷᠡᠭᠯᠡᠯᠲᠡ ᠶᠢ ᠴᠢᠩᠭᠠᠳᠬᠠᠵᠤ᠂ ᠰᠦᠯᠵᠢᠶᠡᠨ ᠳᠡᠭᠡᠷ᠎ᠡ ᠭᠦᠢᠴᠡᠳᠬᠡᠬᠦ᠂ ᠨᠢᠭᠤᠷ ᠵᠣᠯᠭᠠᠬᠤ ᠦᠭᠡᠢ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠤᠯᠠᠮ ᠨᠢᠭᠡ ᠠᠯᠬᠤᠮ ᠪᠣᠭᠤᠨᠢᠰᠬᠠᠵᠤ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠣᠰ ᠨᠢᠭᠡᠴᠢ ᠶᠢᠨ ᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠴᠢᠩᠭᠠᠳᠬᠠᠬᠤ ᠪᠠᠷ ᠳᠠᠮᠵᠢᠭᠤᠯᠤᠨ᠂ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ᠂ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠵᠦᠭᠯᠡᠭᠦᠷ᠂ ᠠᠵᠢᠯ ᠶᠠᠪᠤᠳᠠᠯ ᠭᠦᠢᠴᠡᠳᠬᠡᠬᠦ ᠶᠠᠪᠤᠴᠠ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ᠂ ᠬᠡᠷᠡᠭᠰᠡᠬᠦ ᠮᠠᠲ᠋ᠧᠷᠢᠶᠠᠯ ᠢ ᠡᠮᠬᠢᠯᠡᠨ ᠳᠢᠭᠯᠡᠵᠦ᠂ ᠨᠢᠭᠡ ᠯᠡ ᠤᠳᠠᠭ᠎ᠠ ᠳᠤ ᠮᠡᠳᠡᠭᠳᠡᠬᠦ ᠳᠦᠷᠢᠮ ᠢ ᠬᠡᠷᠡᠭᠵᠢᠭᠦᠯᠬᠦ ᠪᠠ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠢᠯᠡ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠡᠶᠢᠲᠡᠯᠡᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠰᠢᠨᠡᠳᠬᠡᠪᠡ᠃ᠬᠥᠲᠥᠯᠥᠭᠴᠢ ᠄ ︽ ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾ ᠶᠢᠨ ᠲᠠᠪᠴᠠᠩ ᠤᠨ ᠬᠡᠷᠡᠭᠯᠡᠯᠲᠡ ᠶᠢ ᠬᠡᠷᠬᠢᠨ ᠠᠬᠢᠭᠤᠯᠬᠤ ᠲᠤᠬᠠᠢ ᠥᠪᠡᠷ ᠤᠨ ᠬᠢᠬᠦ ᠠᠷᠭ᠎ᠠ ᠪᠠᠨ ᠶᠠᠷᠢᠭᠠᠳ ᠦᠭᠭᠦᠨ᠎ᠡ ᠤᠤ︖      ᠢᠦᠢ ᠡᠷᠬᠢᠯᠡᠭᠴᠢ ᠄ ᠨᠢᠭᠡᠳᠦᠭᠡᠷ ᠲᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠭᠤᠯᠬᠤ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ︽ ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾ ᠬᠤᠶᠠᠷ ᠬᠡᠮᠵᠢᠯᠲᠦ ᠺᠣᠳ᠋ ᠪᠠ ᠳᠠᠩᠰᠠᠯᠠᠬᠤ ᠶᠠᠪᠤᠴᠠ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ᠂ ᠬᠡᠷᠡᠭ ᠡᠷᠭᠢᠯᠡᠬᠦ ᠲᠢᠩᠬᠢᠮ ᠤᠨ ᠴᠣᠩᠬᠤᠨ ᠳᠤ ᠲᠠᠯᠪᠢᠵᠤ᠂ ᠰᠢᠨ᠎ᠡ ᠪᠠᠷ ᠡᠷᠭᠢᠯᠡᠭᠰᠡᠨ ᠠᠵᠤ ᠠᠬᠤᠶᠢᠯᠠᠯ ᠪᠣᠯᠣᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ︽ ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾ ᠲᠠᠪᠴᠠᠩ ᠢ ᠣᠶᠢᠯᠠᠭᠠᠭᠤᠯᠵᠤ᠂ ᠴᠠᠭ ᠲᠤᠬᠠᠢ ᠳᠤᠨᠢ ᠬᠥᠲᠥᠯᠥᠨ ᠵᠢᠯᠤᠭᠤᠳᠴᠤ ᠳᠠᠩᠰᠠᠯᠠᠭᠤᠯᠬᠤ ᠶᠢᠨ ᠬᠠᠮᠲᠤ ᠰᠠᠯᠠᠭ᠎ᠠ ᠮᠥᠴᠢᠷ ᠤᠨ ᠵᠣᠬᠢᠴᠠᠭᠤᠯᠬᠤ ᠬᠤᠷᠠᠯ ᠬᠤᠷᠠᠯᠳᠤᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠲᠤᠷᠠᠨ ᠬᠦᠴᠦᠯᠡᠵᠦ᠂ ᠲᠣᠰ ᠨᠢᠭᠡᠴᠢ ᠶᠢᠨ ᠢᠶᠠᠨ ᠬᠠᠷᠢᠭᠤᠴᠠᠵᠤ ᠪᠠᠶᠢᠭ᠎ᠠ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠤ ᠤᠬᠠᠭᠤᠯᠬᠤ ᠪᠠ ᠵᠣᠯᠭᠠᠭᠤᠯᠤᠨ ᠳᠠᠩᠰᠠᠯᠠᠭᠤᠯᠵᠤ᠂ ︽ ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾ ᠳᠠᠩᠰᠠᠯᠠᠯᠲᠠ ᠶᠢᠨ ᠨᠣᠷᠮ᠎ᠠ ᠶᠢ ᠨᠡᠮᠡᠭᠳᠡᠭᠦᠯᠦᠨ᠂ ︽ ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠲᠦᠯᠬᠢᠨ ᠠᠬᠢᠭᠤᠯᠬᠤ ᠳᠤ ᠲᠥᠬᠦᠮ ᠦᠵᠡᠭᠦᠯᠦᠨ᠎ᠡ᠃ ᠬᠤᠶᠠᠳᠤᠭᠠᠷ ᠲᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠲᠠᠶᠢᠯᠪᠤᠷᠢᠯᠠᠨ᠎ᠠ᠃ ︽ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾ ᠶᠢᠨ ᠬᠡᠷᠡᠭᠯᠡᠭᠡᠨ ᠤ ᠲᠠᠪᠴᠠᠩ ᠳᠡᠭᠡᠷ᠎ᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠨᠡᠶᠢᠲᠡᠯᠡᠬᠦ ᠶᠢᠨ ᠬᠠᠮᠲᠤ ᠴᠠᠭ ᠲᠤᠬᠠᠢ ᠳᠤᠨᠢ ᠰᠢᠨᠡᠳᠬᠡᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠳᠤ ᠨᠠᠷᠢᠨ ᠲᠠᠶᠢᠯᠤᠮᠵᠢ ᠪᠠ ᠲᠠᠶᠢᠯᠪᠤᠷᠢᠯᠠᠯᠲᠠ ᠬᠢᠵᠦ᠂ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠣᠶᠢᠯᠠᠭᠠᠯᠲᠠ ᠳᠤ ᠲᠥᠬᠦᠮ ᠦᠵᠡᠭᠦᠯᠬᠦ ᠬᠡᠮᠵᠢᠶ᠎ᠡ ᠶᠢ ᠨᠡᠮᠡᠭᠳᠡᠭᠦᠯᠦᠨ᠎ᠡ᠃ ᠭᠤᠷᠪᠠᠳᠤᠭᠠᠷ ᠲᠤ ᠠᠵᠤ ᠠᠬᠤᠶᠢᠯᠠᠯ ᠤᠨ ᠲᠤᠰᠬᠠᠭᠰᠠᠨ ᠭᠤᠮᠣᠳᠠᠯ ᠱᠠᠭᠠᠷᠳᠠᠯᠭ᠎ᠠ ᠶᠢ ᠲᠣᠬᠢᠲᠠᠢ ᠰᠢᠢᠳᠪᠦᠷᠢᠯᠡᠨ᠎ᠡ ᠃ ᠠᠵᠤ ᠠᠬᠤᠶᠢᠯᠠᠯ ᠤᠨ ᠲᠤᠰᠬᠠᠭᠰᠠᠨ ᠰᠠᠨᠠᠯ ᠭᠤᠮᠣᠳᠠᠯ ᠱᠠᠭᠠᠷᠳᠠᠯᠭ᠎ᠠ ᠶᠢᠨ ᠪᠠᠶᠢᠳᠠᠯ ᠳᠤ ᠴᠢᠭᠯᠡᠭᠦᠯᠦᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠡᠷᠡ ᠳᠠᠷᠤᠢ ᠳᠤᠨᠢ ᠠᠵᠤ ᠠᠬᠤᠶᠢᠯᠠᠯ ᠳᠤ ᠨᠠᠷᠢᠨ ᠲᠣᠳᠣᠷᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠲᠠᠶᠢᠯᠪᠤᠷᠢᠯᠠᠯᠲᠠ ᠬᠢᠵᠦ᠂ ︽ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾ ᠶᠢᠨ ᠲᠠᠪᠴᠠᠩ ᠤᠨ ᠵᠠᠭᠠᠯᠳᠤᠯᠭ᠎ᠠ ᠶᠢᠨ ᠮᠠᠲ᠋ᠧᠷᠢᠶᠠᠯ ᠢ ᠭᠥᠯᠢᠶᠡᠨ ᠠᠪᠤᠭᠰᠠᠨ ᠢ ᠲᠤᠰᠬᠠᠭᠰᠠᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠵᠤ ᠪᠣᠳᠠᠲᠠᠢ ᠪᠠᠷ ᠳᠠᠭᠠᠭᠠᠨ ᠭᠦᠢᠴᠡᠳᠬᠡᠭᠦᠯᠦᠨ᠎ᠡ᠃ ᠲᠣᠭᠲᠠᠭᠰᠠᠨ ᠴᠠᠭ ᠤᠨ ᠳᠣᠲᠣᠷ᠎ᠠ ᠠᠵᠤ ᠠᠬᠤᠶᠢᠯᠠᠯ ᠲᠠᠢ ᠴᠠᠭ ᠲᠤᠬᠠᠢ ᠳᠤᠨᠢ ᠨᠡᠪᠲᠡᠷᠡᠯᠴᠡᠬᠦ ᠶᠢᠨ ᠬᠠᠮᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠠᠵᠤ ᠠᠬᠤᠶᠢᠯᠠᠯ ᠤᠨ ᠲᠤᠰᠬᠠᠭᠰᠠᠨ ᠭᠤᠮᠣᠳᠠᠯ ᠱᠠᠭᠠᠷᠳᠠᠯᠭ᠎ᠠ ᠶᠢ ᠢᠳᠡᠪᠬᠢᠲᠡᠢ ᠰᠢᠢᠳᠪᠦᠷᠢᠯᠡᠵᠦ ᠬᠠᠷᠢᠭᠤᠯᠲᠠ ᠥᠭᠬᠦ ᠬᠡᠷᠡᠭᠲᠡᠢ᠃       ᠬᠥᠲᠥᠯᠥᠭᠴᠢ ᠄ ᠺᠠᠶᠢᠯᠤ ᠰᠢᠶᠠᠨ ᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠬᠡᠷᠬᠢᠨ ᠠᠬᠢᠭᠤᠯᠬᠤ ᠪᠣᠶ︖      ᠢᠦᠢ ᠡᠷᠬᠢᠯᠡᠭᠴᠢ ᠄ ᠺᠠᠶᠢᠯᠤ ᠰᠢᠶᠠᠨ ᠤ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠳᠡᠭᠡᠳᠦ ᠱᠠᠲᠤᠨ ᠤ ᠰᠠᠯᠠᠭ᠎ᠠ ᠮᠥᠴᠢᠷ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠥᠷᠨᠢᠭᠦᠯᠬᠦ ᠳᠤ ᠴᠦ ᠡᠯ᠎ᠡ ᠰᠠᠯᠠᠭ᠎ᠠ ᠮᠥᠴᠢᠷ ᠤᠨ ᠳᠡᠮᠵᠢᠯᠭᠡ ᠪᠠ ᠬᠠᠮᠵᠢᠯᠴᠠᠭ᠎ᠠ ᠠᠴᠠ ᠰᠠᠯᠵᠤ ᠴᠢᠳᠠᠬᠤ ᠦᠭᠡᠢ ᠶᠤᠮ᠃ 2022 ᠣᠨ ᠳᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠂ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠥᠮᠦᠵᠢᠯ ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠣᠭᠤᠷᠢᠨ ᠳᠤ ᠵᠠᠷᠢᠮ ᠰᠢᠨ᠎ᠡ ᠶᠢ ᠡᠭᠦᠳᠬᠦ ᠴᠢᠨᠠᠷᠲᠠᠢ ᠠᠵᠢᠯ ᠢ ᠭᠤᠣᠯᠳᠠᠯᠭ᠎ᠠ ᠲᠠᠢ ᠥᠷᠨᠢᠭᠦᠯᠪᠡ ᠃ ᠡᠭᠦᠨ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ ᠃      ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠄ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠨᠢ ᠮᠠᠨ ᠤ ᠰᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠨᠢᠭᠡᠨ ᠴᠢᠬᠤᠯᠠ ᠠᠭᠤᠯᠭ᠎ᠠ ᠪᠣᠯᠤᠭᠰᠠᠨ ᠤ ᠬᠤᠪᠢ ᠳᠤ᠂ ᠮᠠᠨ ᠤ ᠨᠢᠭᠡᠴᠢ ᠰᠢᠶᠠᠨ ᠤ ᠬᠤᠳᠠᠯᠳᠤᠭ᠎ᠠ ᠡᠵᠡᠩᠨᠡᠬᠦ ᠠᠯᠪᠠᠨ ᠭᠡᠷ ᠲᠠᠢ ᠢᠳᠡᠪᠬᠢᠲᠡᠢ ᠬᠠᠮᠵᠢᠯᠴᠠᠨ ︽ᠺᠠᠶᠢᠯᠤ ᠰᠢᠶᠠᠨ ᠤ ᠢᠲᠡᠭᠡᠮᠵᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠤᠭᠤᠮᠲᠠ ᠰᠢᠪᠳᠤᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠭᠰᠡᠨ ᠪᠥᠭᠡᠳ ᠲᠥᠰᠥᠯ ᠤᠨ ᠠᠭᠤᠯᠭ᠎ᠠ ᠶᠢᠨ ᠶᠣᠰᠣᠭᠠᠷ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠥᠪ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠨᠢᠭᠡᠴᠢ ᠶᠢ ᠵᠣᠬᠢᠴᠠᠭᠤᠯᠤᠨ ᠲᠣᠬᠢᠷᠠᠭᠤᠯᠵᠤ ᠲᠣᠰ ᠨᠢᠭᠡᠴᠢ ᠶᠢᠨ ᠢᠶᠠᠨ ᠠᠵᠢᠯ ᠤᠨ ᠡᠭᠦᠷᠭᠡ ᠶᠢ ᠪᠡᠶᠡᠯᠡᠭᠦᠯᠪᠡ︔ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠬᠢᠭᠡᠳ ᠵᠠᠬ᠎ᠠ ᠳᠡᠯᠭᠡᠭᠦᠷ ᠤᠨ ᠲᠣᠪᠴᠢᠶ᠎ᠠ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠳᠬᠡᠯ ᠤᠨ ᠮᠡᠳᠡᠭᠡ ᠵᠠᠩᠭᠢ ᠶᠢ ᠴᠤᠭᠯᠠᠭᠤᠯᠬᠤ ᠪᠠ ᠮᠡᠳᠡᠭᠦᠯᠦᠨ ᠬᠦᠷᠭᠡᠬᠦ ᠠᠵᠢᠯ ᠢ ᠦᠷᠭᠦᠯᠵᠢᠯᠡᠨ ᠥᠷᠨᠢᠭᠦᠯᠵᠦ᠂ ︽ᠬᠤᠶᠠᠷ ᠢ ᠲᠠᠰᠢᠷᠠᠮ ᠳᠤ ᠨᠢ ᠰᠤᠭᠤᠴᠢᠵᠦ᠂ ᠨᠢᠭᠡ ᠶᠢ ᠢᠯᠡ ᠪᠣᠯᠭᠠᠬᠤ︾᠂ ︽ᠬᠤᠶᠠᠷ ᠢ ᠢᠯᠡ ᠨᠡᠶᠢᠲᠡᠯᠡᠬᠦ︾ ᠮᠡᠳᠡᠭᠡ ᠵᠠᠩᠭᠢ ᠶᠢᠨ ᠲᠠᠪᠴᠠᠩ ᠭᠡᠬᠦ ᠡᠨᠡ ᠬᠤᠶᠠᠷ ᠲᠥᠷᠥᠯ ᠤᠨ ᠮᠡᠳᠡᠭᠡ ᠵᠠᠩᠭᠢ ᠳᠤ ᠲᠦᠰᠢᠭᠯᠡᠨ ᠭᠠᠳᠠᠭᠰᠢ ᠢᠯᠡ ᠨᠡᠶᠢᠲᠡᠯᠡᠬᠦ ᠨᠢ ᠵᠠᠰᠠᠭ ᠤᠨ ᠣᠷᠳᠣᠨ ᠤ ᠠᠵᠢᠯ ᠤᠨ ᠦᠷ᠎ᠡ ᠪᠦᠲᠦᠮᠵᠢ ᠶᠢᠨ ᠴᠢᠨᠠᠷ ᠪᠠ ᠲᠥᠪ ᠭᠤᠥᠯᠴᠢ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ ᠶᠤᠮ᠃      ᠠᠵᠤ ᠠᠬᠤᠶᠢᠯᠠᠯ ᠤᠨ ᠦᠨᠡᠨᠴᠢ ᠢᠲᠡᠭᠡᠮᠵᠢ᠄ ᠨᠢᠭᠡ ᠳᠤ ᠠᠵᠤ ᠠᠬᠤᠶᠢᠯᠠᠯ ᠢ ᠳᠠᠶᠢᠴᠢᠯᠠᠨ ᠦᠨᠡᠨᠴᠢ ᠢᠲᠡᠭᠡᠮᠵᠢ ᠶᠢᠨ ᠢᠷᠠᠭᠤ ᠠᠯᠳᠠᠷ ᠤᠨ ᠴᠣᠯᠠ ᠶᠢ ᠰᠢᠯᠭᠠᠷᠠᠭᠤᠯᠬᠤ ᠠᠵᠢᠯ ᠳᠤ ᠣᠷᠣᠯᠴᠠᠭᠤᠯᠤᠨ᠎ᠠ᠃ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠮᠠᠨ ᠤ ᠰᠢᠶᠠᠨ ᠤ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠤᠷᠢᠶᠠᠯᠠᠨ ᠵᠣᠬᠢᠶᠠᠨ ᠪᠠᠶᠢᠭᠤᠯᠵᠤ᠂ ︽ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ︶︾ ᠰᠦᠯᠵᠢᠶᠡᠨ ᠳᠡᠭᠡᠷ᠎ᠡ ᠦᠨᠡᠨᠴᠢ ᠢᠲᠡᠭᠡᠮᠵᠢ ᠶᠢᠨ ᠠᠵᠤ ᠠᠬᠤᠶᠢᠯᠠᠯ ᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠵᠦ᠂ ᠣᠳᠣᠬᠠᠨ ᠳᠤ ᠮᠠᠨ ᠤ ᠰᠢᠶᠠᠨ ᠤ 50 ᠰᠢᠬᠠᠮ ᠠᠵᠤ ᠠᠬᠤᠶᠢᠯᠠᠯ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠪᠠ ᠦᠨᠡᠨᠴᠢ ᠢᠲᠡᠭᠡᠮᠵᠢ ᠶᠢᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠤᠨ ᠴᠣᠯᠠ ᠭᠥᠷᠳᠡᠪᠡ︔ ᠰᠢᠶᠠᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠢ ᠬᠠᠮᠵᠢᠨ ︽ᠦᠨᠡᠨᠴᠢ ᠢᠲᠡᠭᠡᠮᠵᠢ ᠶᠢᠨ ᠣᠳᠣᠨ︾ ᠤ ᠤᠬᠠᠭᠤᠯᠭ᠎ᠠ ᠶᠢᠨ ᠠᠵᠢᠯᠯᠠᠭ᠎ᠠ ᠶᠢᠨ ᠰᠢᠯᠭᠠᠷᠠᠭᠤᠯᠤᠯᠲᠠ ᠬᠢᠵᠦ᠂ ᠮᠠᠨ ᠤ ᠨᠢᠭᠡᠴᠢ ᠶᠢᠨ ᠰᠣᠩᠭᠤᠨ ᠬᠦᠷᠭᠡᠭᠰᠡᠨ ᠬᠤᠸᠠ ᠮᠧᠩ ᠺᠠᠢ ᠶᠤᠸᠠᠨ ᠬᠤᠳᠠᠯᠳᠤᠭ᠎ᠠ ᠠᠷᠠᠯᠵᠢᠶᠠᠨ ᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠢᠦᠢ ᠸᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠦᠩᠯᠢᠶᠣᠣ ᠬᠤᠲᠠ ᠶᠢᠨ ︽ᠦᠨᠡᠨᠴᠢ ᠢᠲᠡᠭᠡᠮᠵᠢ ᠶᠢᠨ ᠣᠳᠣᠨ ︵ᠠᠵᠤ ᠠᠬᠤᠶᠢᠯᠠᠯ ᠤᠨ ᠲᠥᠷᠥᠯ︶︾ ᠭᠡᠬᠦ ᠢᠷᠠᠭᠤ ᠠᠯᠳᠠᠷ ᠤᠨ ᠴᠣᠯᠠ ᠶᠢ ᠭᠥᠷᠳᠡᠪᠡ︔ ᠬᠤᠶᠠᠷ ᠲᠤ ᠲᠦᠷᠦ ᠶᠢᠨ ᠪᠣᠳᠣᠯᠭ᠎ᠠ ᠶᠢ ᠤᠬᠠᠭᠤᠯᠬᠤ ᠪᠠ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠦᠨ᠎ᠡ ᠃ ᠰᠦᠯᠵᠢᠶᠡᠨ ᠳᠡᠭᠡᠷᠡᠬᠢ ᠤᠬᠠᠭᠤᠯᠭ᠎ᠠ ᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠤ ᠢᠲᠡᠭᠡᠮᠵᠢ ᠶᠢᠨ ᠺᠠᠶᠢᠯᠤ ᠶᠢᠨ ᠬᠡᠰᠡᠭ᠂ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠮᠡᠳᠡᠭᠳᠡᠯ ᠤᠨ ᠪᠦᠯᠦᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠡᠶᠢᠲᠡ ᠶᠢᠨ ᠳ᠋ᠤᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠨᠡᠶᠢᠲᠡ ᠶᠢᠨ ᠳ᠋ᠤᠭᠠᠷ ᠲᠤ ᠢᠲᠡᠭᠡᠮᠵᠢ ᠶᠢᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠡᠶᠢᠲᠡᠯᠡᠨ᠎ᠡ︔ ᠰᠦᠯᠵᠢᠶᠡᠨ ᠭᠠᠳᠠᠨᠠᠬᠢ ᠤᠬᠠᠭᠤᠯᠭ᠎ᠠ ᠳᠤ ᠭᠤᠣᠯᠳᠠᠭᠤ ᠠᠵᠤ ᠠᠬᠤᠶᠢᠯᠠᠯ ᠳᠤ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠶᠢᠨ ᠬᠠᠮᠲᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠬᠠᠮᠲᠤᠷᠠᠨ ︽ᠬᠤᠳᠠᠯᠳᠤᠭ᠎ᠠ ᠡᠷᠭᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ︾ ᠶᠢ ᠡᠷᠭᠢᠯᠡᠭᠰᠡᠨ ᠪᠥᠭᠡᠳ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠳᠤ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠭᠤᠣᠯ ᠰᠡᠳᠦᠪᠲᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠨ᠎ᠠ᠃      ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠰᠤᠷᠭᠠᠨ ᠬᠥᠮᠦᠵᠢᠯ᠄ ᠠᠯᠪᠠᠨ ᠲᠤᠰᠢᠶᠠᠯᠲᠠᠨ ᠳᠤ ᠦᠨᠡᠨᠴᠢ ᠢᠲᠡᠭᠡᠮᠵᠢ ᠶᠢᠨ ᠰᠤᠷᠭᠠᠨ ᠬᠥᠮᠦᠵᠢᠯ ᠢ ᠪᠠᠭᠲᠠᠭᠠᠭᠰᠠᠨ ᠬᠤᠶᠠᠷ ᠤᠳᠠᠭᠠᠨ ᠤ ᠪᠣᠯᠪᠠᠰᠤᠷᠠᠯ ᠤᠨ ᠬᠤᠷᠠᠯ ᠬᠢᠵᠡᠢ᠃ 2022 ᠣᠨ ᠤ 6 ᠰᠠᠷ᠎ᠠ ᠳᠤ ᠂ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠂ ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠳᠤ ︽ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ︾ ᠭᠤᠣᠯ ᠰᠡᠳᠦᠪᠲᠦ ᠲᠠᠶᠢᠯᠤᠮᠵᠢ ᠥᠷᠨᠢᠭᠦᠯᠪᠡ ︔ 2022 ᠣᠨ ᠤ 10 ᠰᠠᠷ᠎ᠠ ᠳᠤ ᠂ ᠵᠣᠬᠢᠶᠠᠨ ᠪᠠᠶᠢᠭᠤᠯᠬᠤ ᠬᠡᠯᠲᠡᠰ ᠠᠴᠠ 2022 ᠣᠨ ᠤ ᠪᠦᠬᠦ ᠰᠢᠶᠠᠨ ᠤ ᠠᠯᠪᠠᠳᠠᠨ ᠤ ᠮᠡᠳᠡᠯᠭᠡ ᠶᠢᠨ ᠰᠢᠨᠡᠴᠢᠯᠡᠯᠲᠡ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠡᠷᠬᠢᠯᠡᠵᠦ ᠂ ᠰᠦᠯᠵᠢᠶᠡᠨ ᠳᠡᠭᠡᠷᠡᠬᠢ ᠪᠣᠯᠪᠠᠰᠤᠷᠠᠯ ᠢ ᠥᠷᠨᠢᠭᠦᠯᠵᠦ ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠥᠰᠰᠤᠷ ᠤᠨ ᠢᠲᠡᠭᠡᠮᠵᠢ ᠶᠢᠨ ᠪᠠᠶᠢᠭᠤᠯᠤᠯᠲᠠ ᠶᠢᠨ ᠸᠢᠳᠢᠤ᠋ ᠲᠠᠶᠢᠯᠤᠮᠵᠢ ᠶᠢ ᠳᠠᠪᠲᠠᠨ ᠪᠣᠯᠪᠠᠰᠤᠷᠠᠭᠤᠯᠵᠤ ᠰᠤᠷᠤᠯᠴᠠᠬᠤ ᠬᠢᠴᠢᠶᠡᠯ ᠤᠨ ᠨᠢᠭᠡ ᠪᠣᠯᠭᠠᠪᠠ ︔ ᠡᠭᠦᠨ ᠠᠴᠠ ᠭᠠᠳᠠᠨ᠎ᠠ᠂ ᠠᠯᠪᠠᠨ ᠲᠤᠰᠢᠶᠠᠯᠲᠠᠨ ᠢ ᠰᠢᠯᠭᠠᠵᠤ ᠡᠯᠰᠡᠨ ᠬᠡᠷᠡᠭᠯᠡᠬᠦ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠢᠲᠡᠭᠡᠮᠵᠢ ᠶᠢᠨ ᠲᠡᠮᠳᠡᠭᠯᠡᠯ ᠢ ᠨᠢᠭᠡᠳᠦᠯᠲᠡᠢ ᠬᠢᠨᠠᠨ ᠪᠠᠶᠢᠴᠠᠭᠠᠵᠤ᠂ ᠰᠢᠯᠵᠢᠭᠦᠯᠦᠨ ᠲᠣᠮᠢᠯᠠᠭᠰᠠᠨ ᠬᠥᠮᠥᠰ ᠤᠨ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠤᠨ ᠮᠡᠳᠡᠭᠡ ᠵᠠᠩᠭᠢ ᠶᠢ ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠠᠴᠠ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠬᠠᠮᠢᠶᠠᠷᠤᠯᠲᠠ ᠶᠢᠨ ᠲᠥᠪ ᠠᠴᠠ ᠪᠠᠶᠢᠴᠠᠭᠠᠨ ᠯᠠᠪᠯᠠᠨ᠎ᠠ᠃   
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号