ᠬᠥᠮᠥᠨ ᠪᠦᠬᠦᠨ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠮᠤᠷ ᠲᠦᠪᠰᠢᠨ ᠢ ᠡᠵᠡᠮᠳᠡᠬᠦ ᠶᠢ ᠪᠠᠲᠤᠯᠠᠨ᠎ᠠ
ᠨᠡᠶᠢᠲᠡᠯᠡᠭᠰᠡᠨ ᠴᠠᠭ᠄
2022/7/21
ᠬᠥᠮᠥᠨ ᠪᠦᠬᠦᠨ ᠬᠤᠪᠢ ᠬᠥᠮᠥᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠮᠤᠷ ᠲᠦᠪᠰᠢᠨ ᠢ ᠡᠵᠡᠮᠳᠡᠬᠦ ᠶᠢ ᠪᠠᠲᠤᠯᠠᠨ᠎ᠠ      ᠰᠤᠷᠪᠤᠯᠵᠢᠯᠠᠬᠰᠠᠨ ᠵᠣᠴᠢᠨ᠄ ᠺᠠᠶᠢᠯᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠡᠳ᠋ ᠡᠷᠬᠢᠯᠡᠭᠴᠢ  ᠼᠤᠤ ᠯᠢᠶᠠᠩ      ᠺᠠᠶᠢᠯᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠ ᠬᠤᠪᠢ ᠬᠥᠮᠥᠨ ᠤ ᠲᠣᠰ ᠪᠡᠶ᠎ᠡ ᠶᠢᠨ ᠬᠠᠮᠠᠭᠠᠯᠠᠯᠲᠠ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃      1.ᠮᠠᠨ ᠤ ᠰᠢᠶᠠᠨ ᠤ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠥᠨᠳᠥᠷ᠂ ᠳᠤᠮᠳᠠ᠂ ᠳᠣᠣᠷ᠎ᠠ ᠲᠡᠰ ᠤᠨ ᠲᠦᠰᠢᠭᠦᠷᠢᠳᠦ ᠣᠷᠣᠨ ᠠᠴᠠ ᠪᠤᠴᠠᠵᠤ ᠢᠷᠡᠭᠰᠡᠨ ᠬᠥᠮᠥᠰ ᠲᠤ ᠶᠠᠮᠠᠷ ᠶᠠᠮᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠬᠤ ᠪᠤᠶ ︖ᠥᠨᠳᠥᠷ᠂ ᠳᠤᠮᠳᠠ᠂ ᠳᠣᠣᠷ᠎ᠠ ᠲᠡᠰ ᠤᠨ ᠲᠦᠰᠢᠭᠦᠷᠢᠳᠦ ᠣᠷᠣᠨ ᠠᠴᠠ ᠢᠷᠡᠬᠦ ︵ᠪᠤᠴᠠᠬᠤ︶ ᠬᠥᠮᠥᠰ ᠢ ᠪᠠᠶᠢᠭ᠎ᠠ ᠭᠠᠵᠠᠷ ︵ᠵᠣᠷᠢᠭᠰᠠᠨ ᠭᠠᠵᠠᠷ︶ ᠤᠨ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠬᠠᠷᠢᠶ᠎ᠠ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠪᠠ ᠠᠵᠢᠯᠯᠠᠵᠤ ᠪᠠᠶᠢᠭ᠎ᠠ ᠨᠢᠭᠡᠴᠢ ᠳᠤ ᠳᠠᠷᠤᠶᠢᠬᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃      7 ᠡᠳᠦᠷ ᠤᠨ ᠳᠣᠲᠣᠷ᠎ᠠ ᠲᠦᠰᠢᠭᠦᠷᠢᠳᠦ ᠶᠡᠬᠡᠲᠡᠢ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ ᠲᠤ 7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢᠨ 1᠂ 2᠂ 3᠂ 5᠂ 7 ᠡᠳᠦᠷ ᠲᠤ ᠲᠣᠰ ᠲᠣᠰ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠵᠦ᠂ ᠬᠠᠮᠢᠶᠠᠷᠤᠯᠲᠠ ᠶᠢᠨ ᠬᠤᠭᠤᠴᠠᠭ᠎ᠠ ᠶᠢ ᠲᠦᠰᠢᠭᠦᠷᠢᠳᠦ ᠣᠷᠣᠨ ᠠᠴᠠ ᠰᠠᠯᠤᠭᠰᠠᠨ ᠠᠴᠠ ᠡᠬᠢᠯᠡᠵᠦ ᠪᠤᠳᠤᠨ᠎ᠠ᠃      7 ᠡᠳᠦᠷ ᠤᠨ ᠳᠣᠲᠣᠷ᠎ᠠ ᠳᠤᠮᠳᠠ ᠲᠡᠰ ᠤᠨ ᠲᠦᠰᠢᠭᠦᠷᠢᠳᠦ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ ᠲᠤ 7 ᠡᠳᠦᠷ ᠤᠨ ᠭᠡᠷ ᠪᠦᠯᠢ ᠶᠢᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠭᠡᠷ ᠪᠦᠯᠢ ᠶᠢᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠶᠢᠨ 1᠂ 4 ᠪᠠ 7 ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠵᠦ᠂ ᠬᠠᠮᠢᠶᠠᠷᠤᠯᠲᠠ ᠶᠢᠨ ᠬᠤᠭᠤᠴᠠᠭ᠎ᠠ ᠶᠢ ᠲᠦᠰᠢᠭᠦᠷᠢᠳᠦ ᠣᠷᠣᠨ ᠠᠴᠠ ᠰᠠᠯᠤᠭᠰᠠᠨ ᠠᠴᠠ ᠡᠬᠢᠯᠡᠵᠦ ᠪᠤᠳᠤᠨ᠎ᠠ᠃ ᠬᠡᠷᠪᠡ ᠭᠡᠷ ᠲᠡᠭᠡᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯ 7 ᠡᠳᠦᠷ ᠤᠨ ᠳᠣᠲᠣᠷ᠎ᠠ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ ᠃      7 ᠡᠳᠦᠷ ᠤᠨ ᠳᠣᠲᠣᠷ᠎ᠠ ᠬᠢᠵᠢᠭ ᠤᠨ ᠪᠠᠶᠢᠳᠠᠯ ᠭᠠᠷᠤᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠦᠭᠰᠢᠭᠦᠷᠢ ᠪᠠᠭᠠᠲᠠᠢ ᠣᠷᠣᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠬᠥᠮᠥᠰ ᠲᠤ 3 ᠡᠳᠦᠷ ᠤᠨ ᠳᠣᠲᠣᠷ᠎ᠠ ᠬᠤᠶᠠᠷ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠬᠦ ᠶᠢᠨ ᠬᠠᠮᠲᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠢ᠃      2.ᠬᠡᠷᠪᠡ ᠰᠠᠭᠤᠭᠠᠯᠢ ᠠᠷᠠᠳ ᠥᠪᠡᠷ ᠢᠶᠠᠨ ᠨᠢᠭᠲᠠ ᠤᠶᠢᠷᠠᠳᠤᠬᠰᠠᠨ ᠪᠤᠶᠤ ᠲᠡᠳ᠋ ᠨᠢᠬᠲᠠ ᠤᠶᠢᠷᠠᠳᠤᠬᠰᠠᠨ ᠬᠥᠮᠥᠰ ᠲᠠᠢ ᠴᠤᠭᠯᠠᠷᠠᠭᠰᠠᠨ ᠢᠶᠠᠨ ᠮᠡᠳᠡᠪᠡᠯ ᠶᠠᠭᠠᠬᠢᠬᠤ ᠪᠣᠶ︖ᠬᠡᠷᠪᠡ ᠣᠶᠢᠷᠠᠲᠤᠬᠰᠠᠨ ᠪᠣᠯ᠂ ᠰᠠᠨᠠᠭᠠᠴᠢᠯᠠᠭ᠎ᠠ ᠠᠴᠠ ᠪᠠᠨ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠠᠵᠢᠯᠯᠠᠵᠤ ᠪᠠᠶᠢᠭ᠎ᠠ  ᠨᠢᠭᠡᠴᠢ ᠪᠤᠶᠤ ᠰᠠᠭᠤᠭ᠎ᠠ ᠪᠠᠭᠤᠳᠠᠯ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠬᠠᠮᠵᠢᠯᠴᠠᠬᠤ ᠬᠡᠷᠡᠭᠳᠡᠢ᠃ ᠡᠷᠡᠭᠦᠯ ᠮᠡᠨᠳᠦ ᠶᠢ ᠬᠢᠨᠠᠨ ᠬᠡᠮᠵᠢᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠠᠨᠠᠭᠠᠬᠤ ᠤᠬᠠᠭᠠᠨ ᠤ ᠠᠵᠢᠭᠯᠠᠯᠲᠠ ᠶᠢᠨ ᠲᠤᠰᠠᠭᠠᠷᠯᠠᠬᠤ ᠵᠡᠷᠭᠡ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠶᠢᠨ ᠬᠠᠮᠲᠤ᠂ ᠬᠤᠯᠪᠣᠭᠳᠠᠯ ᠪᠦᠬᠦᠢ ᠪᠠᠶᠢᠳᠠᠯ ᠢ ᠦᠨᠡᠨ ᠮᠥᠨ ᠢᠶᠠᠷ ᠬᠠᠩᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠵᠢᠷᠤᠮᠯᠠᠨ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ᠂ ᠲᠥᠪᠯᠡᠷᠡᠭᠦᠯᠦᠨ ᠲᠤᠰᠠᠭᠠᠷᠯᠠᠬᠤ᠂ ᠭᠡᠷ ᠲᠡᠭᠡᠨ ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃      3.ᠮᠠᠨ ᠤ ᠰᠠᠭᠤᠭᠠᠯᠢ ᠠᠷᠠᠳ ᠬᠤᠪᠢ ᠬᠥᠮᠥᠨ ᠡᠳᠦᠷ ᠲᠤᠲᠤᠮ ᠤᠨ ᠥᠪᠡᠷ ᠤᠨ ᠪᠡᠶ᠎ᠡ ᠶᠢᠨ ᠬᠠᠮᠠᠭᠠᠯᠠᠯᠲᠠ ᠪᠠᠨ ᠬᠡᠷᠬᠢᠨ ᠰᠠᠶᠢᠲᠤᠷ ᠬᠢᠬᠦ ᠪᠣᠶ︖      ᠬᠤᠪᠢ ᠬᠥᠮᠥᠨ ᠤ ᠬᠠᠮᠠᠭᠠᠯᠠᠯᠲᠠ ᠶᠢᠨ ᠤᠬᠠᠮᠰᠠᠷ ᠢ ᠴᠠᠭ ᠢᠮᠠᠭᠲᠠ ᠰᠠᠶᠢᠨ ᠪᠠᠶᠢᠯᠭᠠᠵᠤ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠨᠢᠭᠡ ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠢ ᠶᠢ ᠪᠠᠲᠤᠯᠠᠬᠤ ᠰᠠᠶᠢᠨ ᠰᠠᠶᠢᠬᠠᠨ ᠳᠠᠳᠬᠠᠯ ᠢ ᠪᠣᠶ ᠪᠣᠯᠭᠠᠵᠤ᠂ ᠭᠠᠳᠠᠭᠰᠢ ᠭᠠᠷᠬᠤ ᠶᠢ ᠪᠠᠭᠠᠰᠬᠠᠨ᠂ ᠬᠠᠮᠤᠭ ᠰᠠᠶᠢᠨ ᠨᠢ ᠭᠡᠷ ᠲᠡᠭᠡᠨ ᠦᠯᠡᠳᠡᠵᠦ᠂ ᠠᠶᠢᠯ ᠲᠣᠭᠤᠷᠢᠵᠤ ᠪᠣᠯᠬᠤ ᠦᠭᠡᠢ᠂ ᠴᠤᠭᠯᠠᠬᠤ ᠦᠭᠡᠢ ᠂ ᠬᠠᠮᠲᠤ ᠬᠤᠭᠤᠯᠠᠯᠠᠬᠤ ᠦᠭᠡᠢ᠂ ᠣᠪᠣᠭᠠᠷᠠᠬᠤ ᠦᠭᠡᠢ ᠪᠠᠶᠢᠬᠤ ᠬᠡᠷᠡᠭᠲᠡᠢ᠃      4.ᠰᠠᠭᠤᠭᠠᠯᠢ ᠠᠷᠠᠳ ᠲᠤ ᠬᠠᠯᠠᠭᠤᠷᠠᠬᠤ᠂ ᠬᠠᠭᠤᠷᠠᠢ ᠪᠠᠷ ᠬᠠᠨᠢᠶᠠᠬᠤ ᠵᠡᠷᠭᠡ ᠡᠪᠡᠳᠴᠢᠨ ᠤ ᠢᠯᠡᠷᠡᠯ ᠭᠠᠷᠪᠠᠯ ᠬᠡᠷᠬᠢᠨ ᠰᠢᠢᠳᠪᠦᠷᠢᠯᠡᠬᠦ ᠪᠣᠶ︖      ᠬᠡᠷᠪᠡ ᠬᠠᠯᠠᠭᠤᠷᠠᠬᠤ ᠂ ᠬᠠᠭᠤᠷᠠᠢ ᠪᠠᠷ ᠬᠠᠨᠢᠶᠠᠬᠤ ᠂ ᠲᠠᠮᠢᠷᠳᠠᠬᠤ ᠂ ᠬᠤᠭᠤᠯᠠᠢ ᠡᠪᠡᠳᠬᠦ ᠂ ᠦᠨᠦᠷ ᠤᠨ ᠰᠡᠷᠡᠯ ᠮᠠᠭᠤᠳᠠᠬᠤ ᠪᠤᠶᠤ ᠠᠯᠳᠠᠭᠳᠠᠬᠤ ᠂ ᠰᠠᠭᠤᠯᠭᠠᠬᠤ ᠵᠡᠷᠭᠡ ᠡᠪ ᠦᠭᠡᠢ ᠪᠠᠶᠢᠳᠠᠯ ᠢᠯᠡᠷᠡᠪᠡᠯ ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠨᠥᠬᠦᠴᠡᠯ ᠳᠣᠣᠷ᠎ᠠ ᠂ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠳᠤ ᠳᠠᠷᠤᠶᠢᠬᠠᠨ ᠬᠦᠷᠴᠦ ᠡᠷᠡᠭᠦᠯ ᠮᠡᠨᠳᠦ ᠶᠢᠨ ᠪᠠᠶᠢᠴᠠᠭᠠᠯᠲᠠ ᠶᠢ ᠬᠦᠯᠢᠶᠡᠵᠦ ᠂ ᠵᠢᠭᠤᠯᠴᠢᠯᠠᠯ ᠤᠨ ᠲᠡᠦᠬᠡ ᠂ ᠣᠶᠢᠷᠠᠲᠤᠭᠰᠠᠨ ᠲᠡᠦᠬᠡ ᠪᠠᠨ ᠰᠠᠨᠠᠭᠠᠴᠢᠯᠠᠭ᠎ᠠ ᠠᠴᠠ ᠪᠠᠨ ᠮᠡᠳᠡᠭᠳᠡᠵᠦ ᠂ ᠡᠪᠡᠳᠴᠢᠨ ᠦᠵᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠵᠦ ᠂ ᠡᠪᠡᠳᠴᠢᠨ ᠦᠵᠡᠭᠦᠯᠬᠦ ᠦᠶ᠎ᠡ ᠳᠤ ᠡᠮᠴᠢ ᠳᠤ 14 ᠡᠳᠦᠷ ᠤᠨ ᠵᠢᠭᠤᠯᠴᠢᠯᠠᠯ ᠤᠨ ᠣᠷᠣᠰᠢᠨ ᠰᠠᠭᠤᠭᠰᠠᠨ ᠲᠡᠦᠬᠡ ᠪᠠᠨ ᠰᠠᠨᠠᠭᠠᠴᠢᠯᠠᠭ᠎ᠠ ᠠᠴᠠ ᠪᠠᠨ ᠬᠡᠯᠡᠵᠦ ᠥᠭᠬᠦ ᠬᠡᠷᠡᠭᠲᠡᠢ ᠃ ᠬᠠᠯᠠᠭᠤᠷᠠᠭᠰᠠᠨ ᠡᠪᠡᠳᠴᠢᠲᠡᠨ᠂ ᠡᠷᠡᠭᠦᠯ ᠮᠡᠨᠳᠦ ᠶᠢᠨ ᠺᠣᠳ᠋ ︽ᠤᠯᠠᠭᠠᠨ ᠺᠣᠳ᠋︾ ︽ᠰᠢᠷ᠎ᠠ ᠺᠣᠳ᠋︾ ᠵᠡᠷᠭᠡ ᠬᠥᠮᠥᠰ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠰᠠᠨᠠᠭᠠᠴᠢᠯᠠᠭ᠎ᠠ  ᠠᠴᠠ ᠪᠠᠨ ᠬᠠᠮᠵᠢᠯᠴᠠᠨ᠂ ᠬᠠᠯᠳᠠᠪᠤᠷᠢᠯᠠᠯ ᠤᠨ ᠲᠦᠭᠰᠢᠭᠦᠷᠢ ᠶᠢ ᠠᠷᠢᠯᠭᠠᠬᠤ ᠠᠴᠠ ᠡᠮᠦᠨ᠎ᠡ ᠭᠠᠳᠠᠭᠰᠢ ᠶᠠᠪᠤᠬᠤ ᠦᠭᠡᠢ᠂ ᠰᠢᠯᠵᠢᠬᠦ ᠦᠭᠡᠢ᠂ ᠴᠤᠭᠯᠠᠷᠠᠬᠤ ᠦᠭᠡᠢ ᠪᠠᠶᠢᠬᠤ ᠬᠡᠷᠡᠭᠲᠡᠢ᠃
  • ᠮᠠᠨ ᠤ ᠰᠢᠶᠠᠨ ᠳᠤ ᠶᠠᠮᠠᠷ ᠶᠠᠮᠠᠷ ᠦᠯᠢᠭᠡᠷ ᠠᠪᠬᠤ ᠭᠠᠵᠠᠷ ᠭᠠᠷᠭᠠᠭᠰᠠᠨ ᠪᠤᠢ ︖ ᠬᠡᠷᠬᠢᠨ ᠬᠠᠷᠢᠯᠴᠠᠬᠤ ᠪᠤᠢ ︖
  • ᠮᠠᠨ ᠤ ᠰᠢᠶᠠᠨ ᠳᠤ 4 ᠥᠯᠢᠭᠡᠷ ᠠᠪᠬᠤ ᠴᠡᠭ ᠭᠠᠷᠭᠠᠵᠠᠢ᠂ ᠲᠣᠰ ᠲᠣᠰ ᠺᠠᠶᠢᠯᠤ ᠰᠢᠶᠠᠨ ᠤ ᠡᠪᠡᠳᠴᠢᠨ ᠡᠮᠭᠡᠭ
  • ᠰᠡᠷᠭᠡᠶᠢᠯᠡᠨ ᠡᠵᠡᠮᠳᠡᠬᠦ ᠲᠥᠪ ᠤᠨ ᠥᠯᠢᠭᠡᠷ ᠠᠪᠬᠤ ᠴᠡᠭ᠂ ᠺᠠᠶᠢᠯᠤ ᠰᠢᠶᠠᠨ ᠤ ᠡᠮᠨᠡᠯᠭᠡ ᠶᠢᠨ ᠬᠤᠷᠢᠶᠠᠨ ᠤ ᠥᠯᠢᠭᠡᠷ
  • ᠠᠪᠬᠤ ᠴᠡᠭ᠂ ᠺᠠᠶᠢᠯᠤ ᠰᠢᠶᠠᠨ ᠤ ᠬᠢᠲᠠᠳ ᠡᠮᠨᠡᠯᠭᠡ ᠶᠢᠨ ᠬᠤᠷᠢᠶᠠᠨ ᠤ ᠥᠯᠢᠭᠡᠷ ᠠᠪᠬᠤ ᠴᠡᠭ᠂ ᠺᠠᠶᠢᠯᠤ ᠰᠢᠶᠠᠨ ᠤ
  • ᠮᠣᠩᠭᠤᠯ ᠡᠮᠨᠡᠯᠭᠡ ᠶᠢᠨ ᠬᠤᠷᠢᠶᠠᠨ ᠤ ᠥᠯᠢᠭᠡᠷ ᠠᠪᠬᠤ ᠴᠡᠭ ᠪᠠᠶᠢᠵᠦ ᠂ ᠥᠯᠢᠭᠡᠷ ᠠᠪᠬᠤ ᠴᠠᠭ᠄ ᠺᠠᠶᠢᠯᠤ ᠰᠢᠶᠠᠨ ᠤ
  • ᠡᠪᠡᠳᠴᠢᠨ ᠡᠮᠭᠡᠭ ᠰᠡᠷᠭᠡᠶᠢᠯᠡᠨ ᠡᠵᠡᠮᠳᠡᠬᠦ ᠲᠥᠪ 8᠄ 30 ︱ 11᠄ 30᠂ 14᠄ 30 ︱ 17᠄ 30 
  • ᠪᠣᠯᠣᠨ᠎ᠠ︔ ᠰᠢᠶᠠᠨ ᠤ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ
  • ᠬᠤᠷᠢᠶ᠎ᠠ 24 ᠴᠠᠭ ᠤᠨ ᠳᠣᠲᠣᠷ᠎ᠠ ᠦᠯᠢᠭᠡᠷ ᠠᠪᠴᠦ ᠪᠣᠯᠣᠨ᠎ᠠ᠃ ᠮᠡᠳᠡᠭᠦᠯᠦᠯᠳᠡ ᠶᠢᠨ ᠴᠠᠭ᠄ ᠲᠤᠰᠠᠭᠠᠷᠯᠠᠬᠰᠠᠳ ᠂
  • ᠪᠠᠶᠢᠴᠠᠭᠠᠬᠤ ᠠᠵᠢᠯᠲᠠᠨ 6 ᠴᠠᠭ ᠤᠨ ᠳᠣᠲᠣᠷ᠎ᠠ ᠮᠡᠳᠡᠭᠦᠯᠦᠯᠲᠡ ᠭᠠᠷᠴᠦ᠂ ᠪᠤᠰᠤᠳ ᠠᠵᠢᠯᠲᠠᠨ 12 ᠴᠠᠭ ᠤᠨ
  • ᠳᠣᠲᠣᠷ᠎ᠠ ᠮᠡᠳᠡᠭᠦᠯᠦᠯᠲᠡ ᠭᠠᠷᠴᠦ᠂ ︽ᠡᠷᠡᠭᠦᠯ ᠡᠩᠬᠡ ᠲᠦᠩᠯᠢᠶᠣᠣ︾ ᠶᠢᠨ ᠨᠡᠶᠢᠲᠡ ᠶᠢᠨ ᠳ᠋ᠤᠭᠠᠷ ᠢᠶᠠᠷ
  • ᠳᠠᠮᠵᠢᠭᠤᠯᠤᠨ ᠮᠡᠳᠡᠭᠦᠯᠦᠯᠲᠡ ᠪᠠᠨ ᠯᠠᠪᠯᠠᠵᠤ ᠪᠣᠯᠣᠨ᠎ᠠ᠃
  • ᠮᠠᠨ ᠤ ᠰᠢᠶᠠᠨ ᠤ ᠦᠯᠢᠭᠡᠷ ᠠᠪᠬᠤ ᠭᠠᠵᠠᠷ ᠤᠳ ᠤᠨ ᠬᠠᠷᠢᠯᠴᠠᠬᠤ ᠤᠲᠠᠰᠤ ᠄
  • ᠺᠠᠶᠢᠯᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0475 ︱ 6211308
  • ᠺᠠᠶᠢᠯᠤ ᠰᠢᠶᠠᠨ ᠤ ᠡᠮᠨᠡᠯᠭᠡ ᠶᠢᠨ ᠬᠤᠷᠢᠶ᠎ᠠ᠄ 0475 ︱ 2362062
  • ᠺᠠᠶᠢᠯᠤ ᠰᠢᠶᠠᠨ ᠤ ᠬᠢᠲᠠᠳ ᠡᠮᠨᠡᠯᠭᠡ ᠶᠢᠨ ᠬᠤᠷᠢᠶ᠎ᠠ᠄ 0475 ︱ 2362521
  • ᠺᠠᠶᠢᠯᠤ ᠰᠢᠶᠠᠨ ᠤ ᠮᠣᠩᠭᠤᠯ ᠡᠮᠨᠡᠯᠭᠡ ᠶᠢᠨ ᠬᠤᠷᠢᠶ᠎ᠠ᠄ 0475 ︱ 6218222
  •  
  •  
  
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号