ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠬᠦᠴᠦᠯᠡᠨ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ
ᠨᠡᠶᠢᠲᠡᠯᠡᠭᠰᠡᠨ ᠴᠠᠭ᠄
2022/8/26
ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠬᠦᠴᠦᠯᠡᠨ ᠠᠬᠢᠭᠤᠯᠵᠤ ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ      ᠰᠤᠷᠪᠤᠯᠵᠢᠯᠠᠭᠰᠠᠨ ᠵᠣᠴᠢᠨ᠄ ᠺᠠᠶᠢᠯᠤ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ   ᠯᠤᠸᠠᠨ ᠶᠦᠩ ᠶᠢᠨ       ᠭᠤᠣᠯ ᠠᠭᠤᠯᠭ᠎ᠠ ᠄ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠤᠯᠠᠮ ᠴᠢᠨᠠᠭᠰᠢᠳᠠ ᠠᠬᠢᠭᠤᠯᠵᠤ ᠂ ᠡᠬᠢ ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠵᠤ ᠂ ᠰᠤᠷᠤᠭᠴᠢ ᠨᠢᠭᠡᠪᠦᠷᠢ ᠶᠢᠨ ᠡᠷᠬᠡ ᠲᠡᠭᠰᠢ ᠪᠠᠷ ᠰᠤᠷᠭᠠᠨ ᠬᠥᠮᠦᠵᠢᠯ ᠬᠦᠷᠳᠡᠬᠦ ᠡᠷᠬᠡ ᠶᠢ ᠬᠠᠮᠠᠭᠠᠯᠠᠵᠤ ᠂ ᠬᠡᠦᠬᠡᠳ ᠨᠢᠭᠡᠪᠦᠷᠢ ᠳᠤ ᠡᠷᠬᠡ ᠲᠡᠭᠰᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠵᠦ ᠂ ᠡᠶ᠎ᠡ ᠵᠣᠬᠢᠴᠠᠩᠭᠤᠢ ᠡᠮᠬᠢ ᠳᠢᠭᠯᠢᠮ ᠲᠠᠢ ᠰᠤᠷᠭᠠᠨ ᠬᠥᠮᠦᠵᠢᠯ ᠤᠨ ᠣᠷᠴᠢᠨ ᠲᠣᠭᠤᠷᠢᠨ ᠢ ᠡᠭᠦᠳᠴᠦ ᠂ ᠪᠦᠬᠦ ᠪᠠᠭᠰᠢ ᠶᠢᠨ ᠠᠵᠢᠯ ᠤᠨ ᠢᠳᠡᠪᠬᠢᠵᠢᠯ ᠢ ᠭᠦᠢᠴᠡᠳ ᠲᠠᠶᠢᠴᠢᠯᠠᠵᠦ ᠂ ᠺᠠᠶᠢᠯᠤ ᠶᠢᠨ ᠰᠤᠷᠭᠠᠨ ᠬᠥᠮᠦᠵᠢᠯ ᠤᠨ ᠡᠶ᠎ᠡ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ ᠃      ᠰᠤᠷᠪᠤᠯᠵᠢᠯᠠᠭᠴᠢ ᠄ ᠪᠠᠰᠠ ᠨᠢᠭᠡ ᠵᠢᠯ ᠤᠨ ᠰᠤᠷᠤᠯᠭ᠎ᠠ ᠡᠬᠢᠯᠡᠬᠦ ᠤᠯᠠᠷᠢᠯ ᠪᠣᠯᠬᠤ ᠳᠤ᠂ ᠰᠣᠷᠣᠭᠴᠢ ᠶᠢᠨ ᠰᠤᠷᠭᠠᠭᠤᠯᠢ ᠳᠤ ᠣᠷᠣᠬᠤ᠂ ᠠᠩᠭᠢ ᠬᠤᠪᠢᠶᠠᠬᠤ ᠪᠣᠯ ᠪᠣᠶ ᠪᠦᠬᠦᠢ ᠭᠡᠷ ᠤᠨ ᠠᠬᠠᠮᠠᠳ ᠤᠨ ᠬᠠᠮᠤᠭ ᠤᠨ ᠰᠡᠳᠬᠢᠯ ᠲᠠᠯᠪᠢᠵᠤ ᠪᠠᠶᠢᠭ᠎ᠠ ᠠᠰᠠᠭᠤᠳᠠᠯ ᠮᠥᠨ᠂ ︽ᠢᠯᠡ ᠪᠠᠷ ᠰᠣᠷᠣᠭᠴᠢ ᠡᠯᠰᠡᠬᠦ︾ ︽ᠲᠡᠩᠴᠡᠭᠦᠷᠢ ᠲᠠᠢ ᠠᠩᠭᠢ ᠬᠤᠪᠢᠶᠠᠬᠤ︾ ᠨᠢ ᠬᠡᠦᠬᠡᠳ ᠢ ᠲᠡᠩᠴᠡᠭᠦᠷᠢ ᠲᠠᠢ ᠣᠷᠴᠢᠨ ᠲᠣᠭᠤᠷᠢᠨ ᠳᠤ ᠡᠷᠡᠭᠦᠯ ᠢᠶᠠᠷ ᠥᠰᠬᠡᠨ ᠪᠣᠶᠢᠵᠢᠭᠤᠯᠵᠤ ᠴᠢᠳᠠᠨ᠎ᠠ ᠭᠡᠵᠦ ᠬᠡᠯᠡᠵᠦ ᠪᠣᠯᠣᠨ᠎ᠠ᠂ ᠲᠡᠭᠡᠪᠡᠯ ︽ᠢᠯᠡ ᠪᠠᠷ ᠰᠣᠷᠣᠭᠴᠢ ᠡᠯᠰᠡᠬᠦ︾ ︽ᠲᠡᠩᠴᠡᠭᠦᠷᠢ ᠲᠠᠢ ᠠᠩᠭᠢ ᠬᠤᠪᠢᠶᠠᠬᠤ︾ ᠨᠢ ᠶᠠᠮᠠᠷ ᠠᠴᠢ ᠬᠤᠯᠪᠣᠭᠳᠠᠯ ᠲᠠᠢ ᠪᠣᠶ︖      ᠯᠤᠸᠠᠨ ᠲᠣᠪᠴᠢᠶᠠᠨ ᠳᠠᠷᠤᠭ᠎ᠠ ᠄ ᠡᠭᠦᠨ ᠤ ᠭᠤᠣᠯ ᠤᠳᠬ᠎ᠠ ᠠᠭᠤᠯᠭ᠎ᠠ ᠪᠣᠯ ᠢᠯᠡ ᠪᠠᠷ ᠰᠤᠷᠤᠭᠴᠢ ᠡᠯᠰᠡᠬᠦ᠂ ᠲᠡᠩᠴᠡᠭᠦᠷᠢᠲᠡᠢ ᠠᠩᠭᠢ ᠬᠤᠪᠢᠶᠠᠬᠤ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠠᠭᠰᠢ ᠶᠢᠨ ᠡᠬᠢ ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠵᠤ ᠂ ᠰᠤᠷᠭᠠᠭᠤᠯᠢ ᠰᠣᠩᠭᠤᠬᠤ ᠠᠩᠭᠢ ᠰᠣᠩᠭᠤᠬᠤ ᠠᠰᠠᠭᠤᠳᠠᠯ ᠢ ᠦᠨᠳᠦᠰᠦᠨ ᠠᠴᠠ  ᠨᠢ ᠰᠢᠢᠳᠪᠦᠷᠢᠯᠡᠵᠦ ᠂ ᠬᠡᠦᠬᠡᠳ ᠨᠢᠭᠡᠪᠦᠷᠢ ᠳᠤ ᠲᠥᠪ ᠭᠤᠣᠯᠴᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠪᠠᠷ ᠴᠢᠷᠮᠠᠶᠢᠵᠤ ᠂ ᠪᠦᠬᠦ ᠪᠠᠭᠰᠢ ᠶᠢᠨ ᠠᠵᠢᠯ ᠤᠨ ᠢᠳᠡᠪᠬᠢᠵᠢᠯ ᠢ ᠲᠠᠶᠢᠴᠢᠯᠠᠨ ᠂ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠰᠤᠷᠭᠠᠨ ᠬᠥᠮᠦᠵᠢᠯ ᠤᠨ ᠣᠷᠴᠢᠨ ᠨᠥᠬᠦᠴᠡᠯ ᠢ ᠡᠭᠦᠳᠦᠨ ᠪᠠᠶᠢᠭᠤᠯᠵᠤ ᠂ ᠰᠤᠷᠤᠭᠴᠢᠳ ᠲᠤ ᠰᠢᠯᠢᠳᠡᠭ ᠰᠠᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠷᠬᠡ ᠲᠡᠭᠰᠢ ᠪᠠᠷ ᠡᠳ᠋ᠯᠡᠭᠦᠯᠬᠦ ᠪᠥᠭᠡᠳ ᠰᠤᠷᠭᠠᠨ ᠬᠥᠮᠦᠵᠢᠯ ᠤᠨ ᠡᠶ᠎ᠡ ᠵᠣᠬᠢᠴᠠᠯ ᠲᠠᠢ ᠬᠥᠭᠵᠢᠯᠲᠡ ᠳᠤ ᠴᠦ ᠠᠰᠢᠭᠲᠠᠢ ᠪᠣᠯᠭᠠᠬᠤ ᠬᠡᠷᠡᠭᠲᠡᠢ ᠃ ︽ᠢᠯᠡ ᠪᠠᠷ ᠰᠣᠷᠣᠭᠴᠢ ᠡᠯᠰᠡᠬᠦ︾ ︽ᠲᠡᠩᠴᠡᠭᠦᠷᠢ ᠲᠠᠢ ᠠᠩᠭᠢ ᠬᠤᠪᠢᠶᠠᠬᠤ︾ ᠪᠣᠯ ᠰᠤᠷᠭᠠᠨ ᠬᠥᠮᠦᠵᠢᠯ ᠤᠨ ᠭᠤᠥᠯᠴᠢ ᠪᠠᠶᠢᠬᠤ ᠶᠢ ᠠᠬᠢᠭᠤᠯᠬᠤ᠂ ᠠᠷᠠᠳ ᠣᠯᠠᠨ ᠳᠤ ᠨᠠᠩ ᠬᠠᠨᠤᠮᠵᠢᠲᠠᠶ ᠰᠤᠷᠭᠠᠨ ᠬᠥᠮᠦᠵᠢᠯ ᠢ ᠡᠷᠭᠢᠯᠡᠬᠦ ᠴᠢᠬᠤᠯᠠ ᠠᠷᠭ᠎ᠠ ᠬᠡᠮᠵᠢᠶ᠎ᠡ ᠮᠥᠨ᠃      ᠰᠤᠷᠪᠤᠯᠵᠢᠯᠠᠭᠴᠢ ᠄ ︽ᠢᠯᠡ ᠪᠠᠷ ᠰᠣᠷᠣᠭᠴᠢ ᠡᠯᠰᠡᠬᠦ︾ ᠪᠠ ︽ᠲᠡᠩᠴᠡᠭᠦᠷᠢ ᠲᠠᠢ ᠠᠩᠭᠢ ᠬᠤᠪᠢᠶᠠᠬᠤ︾ ᠶᠢ ᠪᠣᠳᠠᠲᠠᠢ ᠪᠠᠷ ᠬᠡᠷᠬᠢᠨ ᠬᠡᠷᠡᠭᠵᠢᠭᠦᠯᠦᠭᠰᠡᠨ ᠪᠣᠶ︖      ᠯᠤᠸᠠᠨ ᠲᠣᠪᠴᠢᠶᠠᠨ ᠳᠠᠷᠤᠭ᠎ᠠ ᠄ ︽ᠢᠯᠡ ᠪᠠᠷ ᠰᠣᠷᠣᠭᠴᠢ ᠡᠯᠰᠡᠬᠦ︾ ᠠᠵᠢᠯ ᠤᠨ ᠲᠤᠬᠠᠢ ᠪᠣᠯ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠣᠯᠠᠨ ᠤᠳᠠᠭ᠎ᠠ ᠪᠠᠭ ᠤᠨ ᠬᠤᠷᠠᠯ ᠬᠤᠷᠠᠯᠳᠤᠭᠤᠯᠵᠤ ᠰᠣᠷᠣᠭᠴᠢ ᠡᠯᠰᠡᠬᠦ ᠠᠵᠢᠯ ᠤᠨ ᠬᠡᠷᠡᠭᠵᠢᠭᠦᠯᠬᠦ ᠲᠥᠰᠥᠯ ᠢ ᠰᠤᠳᠤᠯᠤᠭᠰᠠᠨ ᠪᠥᠭᠡᠳ ᠰᠢᠶᠠᠨ ᠤ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠣᠷᠣᠭᠴᠢ ᠡᠯᠰᠡᠬᠦ ᠠᠵᠢᠯ ᠤᠨ ᠶᠡᠷᠦᠩᠬᠡᠢ ᠱᠠᠭᠠᠷᠳᠠᠯᠭ᠎ᠠ ᠶᠣᠰᠣᠭᠠᠷ᠂ ABCDE ᠶᠢ ᠭᠡᠷ ᠪᠠᠶᠢᠰᠢᠩ ᠲᠠᠢ ᠡᠷᠦᠬᠡ ᠂ ᠳᠡᠭᠡᠳᠦᠰ ᠤᠨ ᠭᠡᠷ ᠪᠠᠶᠢᠰᠢᠩ ᠲᠠᠢ ᠡᠷᠦᠬᠡ᠂ ᠭᠡᠷ ᠳᠦᠷᠢᠶᠡᠰᠦᠯᠡᠭᠰᠡᠨ ᠡᠷᠦᠬᠡ᠂ ᠭᠡᠷ ᠪᠠᠶᠢᠰᠢᠩ ᠲᠠᠢ ᠭᠠᠳᠠᠨ᠎ᠠ ᠡᠷᠦᠬᠡ᠂ ᠭᠡᠷ ᠳᠦᠷᠢᠶᠡᠰᠦᠯᠡᠭᠰᠡᠨ ᠭᠠᠳᠠᠨ᠎ᠠ ᠡᠷᠦᠬᠡ ᠵᠡᠷᠭᠡ ᠲᠠᠪᠤᠨ ᠲᠥᠷᠥᠯ ᠢᠶᠠᠷ ᠰᠣᠷᠣᠭᠴᠢ ᠡᠯᠰᠡᠨ᠎ᠡ᠃ ᠡᠭᠦᠨ ᠤ ᠬᠠᠮᠲᠤ ᠨᠡᠶᠢᠭᠡᠮ ᠲᠣᠭᠤᠷᠢᠭ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ ᠪᠦᠬᠦᠢ ᠦᠨᠡᠮᠯᠡᠯ ᠢ ᠬᠠᠮᠲᠤ ᠪᠠᠷ ᠪᠠᠶᠢᠴᠠᠭᠠᠨ ᠰᠢᠯᠭᠠᠵᠤ᠂ ᠬᠤᠯᠪᠣᠭᠳᠠᠯ ᠪᠦᠬᠦᠢ ᠦᠨᠡᠮᠯᠡᠯ᠂ ᠭᠡᠷᠡᠴᠢᠯᠡᠯ ᠤᠨ ᠦᠨᠡᠨ ᠪᠣᠳᠠᠲᠠᠢ ᠪᠠᠶᠢᠬᠤ ᠶᠢ ᠦᠨᠡᠨ ᠬᠦ ᠪᠠᠲᠤᠯᠠᠵᠤ᠂ ︽ᠢᠯᠡ ᠪᠠᠷ ᠰᠣᠷᠣᠭᠴᠢ ᠡᠯᠰᠡᠬᠦ︾ ᠶᠢ ᠢᠯᠡ ᠲᠣᠳᠣ ᠪᠠᠶᠢᠯᠭᠠᠬᠤ ᠶᠢ ᠦᠨᠡᠨ ᠬᠦ ᠪᠠᠲᠤᠯᠠᠪᠠ ᠃      ︽ᠠᠩᠭᠢ ᠶᠢ ᠲᠡᠩᠴᠡᠭᠦᠷᠢᠲᠡᠢ ᠬᠤᠪᠢᠶᠠᠬᠤ︾ ᠠᠵᠢᠯ ᠤᠨ ᠲᠤᠬᠠᠢ ᠪᠣᠯ᠄ ᠪᠥᠬᠦ ᠰᠢᠶᠠᠨ ᠤ ᠡᠯ᠎ᠡ ᠰᠤᠷᠭᠠᠭᠤᠯᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢᠨ ᠣᠷᠣᠨ ᠲᠤᠭ᠎ᠠ ᠳᠤ ᠨᠠᠶᠢᠳᠠᠭᠰᠠᠨ ᠠᠩᠭᠢ ᠬᠤᠪᠢᠶᠠᠬᠤ ᠵᠥᠭᠡᠯᠡᠨ ᠲᠣᠨᠤᠭ ᠢ ᠬᠡᠷᠡᠭᠯᠡᠨ ᠲᠣᠬᠢᠶᠠᠯᠳᠤᠯ ᠢᠶᠠᠷ ᠪᠠᠶᠢᠷᠢ ᠲᠣᠮᠢᠯᠠᠬᠤ ᠠᠷᠭ᠎ᠠ ᠮᠠᠶ᠋ᠢᠭ ᠢᠶᠠᠷ ᠠᠩᠭᠢ ᠶᠢ ᠲᠡᠩᠴᠡᠭᠦᠷᠢᠲᠡᠢ ᠬᠤᠪᠢᠶᠠᠨ᠎ᠠ᠃ ᠡᠭᠦᠨ ᠳᠤ ︽ᠡᠯ᠎ᠡ ᠠᠩᠭᠢ ᠶᠢᠨ ᠬᠥᠮᠥᠨ ᠤ ᠲᠤᠭ᠎ᠠ᠂ ᠬᠦᠢᠰᠦ ᠶᠢᠨ ᠢᠯᠭᠠᠯ ᠤᠨ ᠬᠠᠷᠢᠴᠠᠯ ᠵᠡᠷᠭᠡ ᠲᠠᠯ᠎ᠠ ᠪᠠᠷ ᠬᠠᠷᠢᠴᠠᠩᠭᠤᠢ ᠪᠠᠷ ᠲᠡᠩᠴᠡᠭᠦᠷᠢᠲᠡᠢ ᠪᠠᠶᠢᠬᠤ︾ ᠵᠠᠷᠴᠢᠮ ᠢ ᠢᠯᠡᠷᠡᠭᠦᠯᠬᠦ ᠬᠡᠷᠡᠭᠲᠡᠢ᠃ ᠰᠤᠷᠭᠠᠭᠤᠯᠢ ᠠᠴᠠ ᠲᠣᠬᠢᠷᠠᠭᠤᠯᠤᠭᠰᠠᠨ ᠠᠩᠭᠢ ᠶᠢᠨ ᠲᠤᠭ᠎ᠠ ᠶᠢ ᠦᠨᠳᠦᠰᠦᠯᠡᠨ᠂ ︽ᠲᠡᠩᠴᠡᠭᠦᠯᠦᠨ ᠲᠣᠬᠢᠷᠠᠭᠤᠯᠬᠤ᠂ ᠪᠦᠲᠦᠴᠡ ᠶᠢ ᠵᠦᠢ ᠵᠣᠬᠢᠰᠲᠠᠢ ᠪᠠᠶᠢᠯᠭᠠᠬᠤ︾ ᠵᠠᠷᠴᠢᠮ ᠢᠶᠠᠷ ᠠᠩᠭᠢ ᠶᠢᠨ ᠡᠷᠬᠢᠯᠡᠭᠴᠢ ᠶᠢ ᠲᠣᠭᠲᠠᠭᠠᠬᠤ ᠶᠢᠨ ᠬᠠᠮᠲᠤ ᠵᠣᠬᠢᠬᠤ ᠬᠢᠴᠢᠶᠡᠯ ᠤᠨ ᠪᠠᠭᠰᠢ ᠶᠢᠨ ᠳᠤᠭᠤᠶᠢᠯᠠᠩ ᠢ ᠲᠣᠬᠢᠷᠠᠭᠤᠯᠤᠨ᠎ᠠ᠃ ᠠᠩᠭᠢ ᠬᠤᠪᠢᠶᠠᠬᠤ ᠵᠥᠭᠡᠯᠡᠨ ᠲᠣᠨᠤᠭ ᠢᠶᠠᠷ ᠠᠩᠭᠢ ᠬᠤᠪᠢᠶᠠᠵᠤ ᠪᠠᠷᠠᠭᠰᠠᠨ ᠤ ᠳᠠᠷᠠᠭ᠎ᠠ᠂ ᠠᠩᠭᠢ ᠶᠢᠨ ᠡᠷᠬᠢᠯᠡᠭᠴᠢ ᠠᠴᠠ ᠪᠠᠶᠢᠭ᠎ᠠ ᠬᠢᠴᠢᠶᠡᠯ ᠤᠨ ᠪᠠᠭᠰᠢ ᠶᠢᠨ ᠳᠤᠭᠤᠶᠢᠯᠠᠩ ᠢ ᠲᠥᠯᠥᠭᠡᠯᠡᠨ ᠣᠯᠠᠨ ᠤ ᠡᠮᠦᠨ᠎ᠡ ᠰᠣᠷᠣᠭᠴᠢ ᠶᠢᠨ ᠠᠩᠭᠢ ᠬᠤᠪᠢᠶᠠᠭᠰᠠᠨ ᠤ ᠳᠠᠷᠠᠭᠠᠬᠢ ᠳ᠋ᠤᠭᠠᠷᠯᠠᠯ ᠢ ᠰᠣᠩᠭᠤᠨ ᠠᠪᠴᠤ᠂ ᠠᠩᠭᠢ ᠬᠤᠪᠢᠶᠠᠪᠠᠯ ᠳᠠᠷᠤᠢ ᠳᠠᠭᠤᠰᠬᠠᠨ᠎ᠠ᠃ᠰᠤᠷᠪᠤᠯᠵᠢᠯᠠᠭᠴᠢ ᠄ ︽ᠲᠡᠩᠴᠡᠭᠦᠷᠢ ᠲᠠᠢ ᠪᠠᠷ ᠠᠩᠭᠢ ᠬᠤᠪᠢᠶᠠᠬᠤ︾ ᠶᠠᠪᠤᠴᠠ ᠶᠢ ᠢᠯᠡ ᠪᠣᠯᠭᠠᠨ᠎ᠠ ᠤᠤ︖      ᠯᠤᠸᠠᠨ ᠲᠣᠪᠴᠢᠶᠠᠨ ᠳᠠᠷᠤᠭ᠎ᠠ ᠄ ᠠᠩᠭᠢ ᠬᠤᠪᠢᠶᠠᠬᠤ ᠶᠠᠪᠤᠴᠠ ᠶᠢ ᠢᠯᠡ ᠪᠠᠷ ᠶᠠᠪᠤᠬᠳᠠᠭᠤᠯᠤᠨ᠎ᠠ᠃ ᠠᠩᠭᠢ ᠬᠤᠪᠢᠶᠠᠭᠰᠠᠨ ᠲᠤᠬᠠᠢ ᠶᠢᠨ ᠲᠠᠯᠠᠪᠤᠷ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯᠲᠠᠨ᠂ ᠰᠣᠷᠣᠭᠴᠢ ᠶᠢᠨ ᠲᠥᠯᠥᠭᠡᠯᠡᠭᠴᠢ᠂ ᠭᠡᠷ ᠤᠨ ᠠᠬᠠᠮᠠᠳ ᠤᠨ ᠲᠥᠯᠥᠭᠡᠯᠡᠭᠴᠢ᠂ ᠪᠠᠭᠰᠢ ᠶᠢᠨ ᠲᠥᠯᠥᠭᠡᠯᠡᠭᠴᠢ ᠵᠡᠷᠭᠡ ᠶᠢᠨ ᠬᠠᠮᠲᠤ ᠶᠢᠨ ᠣᠷᠣᠯᠴᠠᠭ᠎ᠠ ᠪᠠ ᠬᠢᠨᠠᠯᠲᠠ ᠶᠢᠨ ᠳᠣᠣᠷ᠎ᠠ ᠶᠠᠪᠤᠭᠳᠠᠭᠤᠯᠬᠤ ᠶᠢᠨ ᠬᠠᠮᠲᠤ ᠪᠥᠬᠦ ᠶᠠᠪᠤᠴᠠ ᠳᠤ ᠳᠦᠷᠰᠦ ᠰᠢᠩᠭᠡᠭᠡᠵᠦ᠂ ᠬᠢᠨᠠᠨ ᠡᠵᠡᠮᠳᠡᠨ᠎ᠡ᠃      ᠰᠤᠷᠪᠤᠯᠵᠢᠯᠠᠭᠴᠢ ᠄ ᠭᠡᠷ ᠤᠨ ᠠᠬᠠᠮᠠᠳ ᠠᠩᠭᠢ ᠬᠤᠪᠢᠶᠠᠭᠰᠠᠨ ᠦᠷ᠎ᠡ ᠳ᠋ᠦᠩ ᠢ ᠬᠠᠮᠤᠭ ᠠᠴᠠ ᠢᠯᠡᠭᠦᠦ ᠠᠩᠬᠠᠷᠳᠠᠭ᠂ ᠬᠡᠰᠡᠭ ᠬᠤᠭᠤᠴᠠᠭ᠎ᠠ ᠥᠩᠭᠡᠷᠡᠭᠰᠡᠨ ᠤ ᠳᠠᠷᠠᠭ᠎ᠠ ᠥᠭᠡᠷᠡᠴᠢᠯᠡᠯᠲᠡ ᠲᠠᠢ ᠪᠣᠯᠣᠨ᠎ᠠ ᠤᠤ ᠦᠭᠡᠢ ᠤᠤ  ︖      ᠯᠤᠸᠠᠨ ᠲᠣᠪᠴᠢᠶᠠᠨ ᠳᠠᠷᠤᠭ᠎ᠠ ᠄ ᠠᠩᠭᠢ ᠪᠠᠨ ᠲᠡᠩᠴᠡᠭᠦᠯᠦᠨ ᠬᠤᠪᠢᠶᠠᠬᠤ ᠪᠠᠷ ᠳᠠᠮᠵᠢᠭᠠᠳ ᠠᠩᠭᠢ ᠨᠤᠭᠤᠳ ᠢᠶᠠᠨ ᠲᠣᠭᠲᠠᠭᠠᠴᠢᠪᠠᠯ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠠᠩᠭᠢ ᠪᠠᠨ ᠳᠠᠬᠢᠨ ᠬᠤᠪᠢᠶᠠᠵᠤ ᠪᠣᠯᠬᠤ ᠦᠭᠡᠢ᠂ ᠰᠤᠷᠤᠭᠴᠢᠳ ᠢ ᠶᠠᠮᠠᠷ ᠴᠤ ᠰᠢᠯᠲᠠᠭ ᠢᠶᠠᠷ ᠠᠩᠭᠢ ᠠᠴᠠ ᠰᠢᠯᠵᠢᠭᠦᠯᠵᠦ ᠪᠣᠯᠬᠤ ᠦᠭᠡᠢ ᠃ ᠡᠭᠦᠨ ᠳᠤ ᠭᠡᠷ ᠤᠨ ᠠᠬᠠᠮᠠᠳ᠂ ᠰᠣᠷᠣᠭᠴᠢ ᠪᠠ ᠳᠡᠭᠡᠳᠦ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠶᠢ ᠰᠤᠷᠭᠠᠭᠤᠯᠢ ᠠᠴᠠ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃      ᠰᠤᠷᠪᠤᠯᠵᠢᠯᠠᠭᠴᠢ ᠄ ᠰᠤᠷᠭᠠᠭᠤᠯᠢ ᠳᠤ ᠣᠷᠣᠬᠤ ᠨᠠᠰᠤᠨ ᠤ ᠲᠠᠯ᠎ᠠ ᠪᠠᠷ ᠱᠠᠭᠠᠷᠳᠠᠯᠭ᠎ᠠ ᠲᠠᠢ ᠤᠤ︖      ᠯᠤᠸᠠᠨ ᠲᠣᠪᠴᠢᠶᠠᠨ ᠳᠠᠷᠤᠭ᠎ᠠ ᠄ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠶᠢᠨ ᠲᠣᠭᠲᠠᠭᠠᠯ ᠢ ᠦᠨᠳᠦᠰᠦᠯᠡᠪᠡᠯ᠂ ᠪᠦᠬᠦᠯᠢ ᠵᠢᠷᠭᠤᠭᠠᠨ ᠨᠠᠰᠤ ᠭᠦᠷᠦᠭᠰᠡᠨ ᠬᠡᠦᠬᠡᠳ ᠤᠨ ᠡᠴᠢᠭᠡ ᠡᠬᠡ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠲᠡᠭᠦᠨ ᠢ ᠰᠤᠷᠭᠠᠭᠤᠯᠢ ᠳᠤ ᠣᠷᠣᠭᠤᠯᠵᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠦᠷᠲᠡᠭᠡᠬᠦ ᠶᠢᠨ ᠬᠠᠮᠲᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠭᠦᠰᠬᠡᠬᠦ ᠬᠡᠷᠡᠭᠲᠡᠢ᠃ 2022 ᠣᠨ ᠤ ᠪᠠᠭ᠎ᠠ ᠰᠤᠷᠭᠠᠭᠤᠯᠢ ᠶᠢᠨ ᠰᠢᠨ᠎ᠡ ᠰᠣᠷᠣᠭᠴᠢ ᠶᠢᠨ ᠪᠦᠬᠦᠯᠢ ᠵᠢᠷᠭᠤᠭᠠᠨ ᠨᠠᠰᠤ ᠭᠡᠳᠡᠭ  ᠨᠢ 2016 ᠣᠨ ᠤ 8 ᠰᠠᠷ᠎ᠠ ᠶᠢᠨ 31 ᠤ ᠡᠳᠦᠷ ᠠᠴᠠ ᠡᠮᠦᠨ᠎ᠡ ᠲᠥᠷᠥᠭᠰᠡᠨ ᠬᠡᠦᠬᠡᠳ ︵8 ᠰᠠᠷ᠎ᠠ ᠶᠢᠨ 31 ᠤ ᠡᠳᠦᠷ ᠪᠠᠭᠲᠠᠨ᠎ᠠ︶ ᠢ ᠵᠢᠭᠠᠵᠤ ᠪᠣᠶ᠂ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢᠨ ᠰᠢᠰᠲ᠋ᠧᠮ ᠳᠤ ᠪᠠᠭ᠎ᠠ ᠰᠤᠷᠭᠠᠭᠤᠯᠢ ᠶᠢᠨ ᠰᠢᠨ᠎ᠡ ᠰᠣᠷᠣᠭᠴᠢ ᠶᠢᠨ ᠰᠤᠷᠭᠠᠭᠤᠯᠢ ᠳᠤ ᠣᠷᠣᠬᠤ ᠨᠠᠰᠤᠨ ᠤ ᠬᠢᠵᠠᠭᠠᠷ ᠲᠣᠭᠲᠠᠭᠠᠵᠤ᠂ ᠪᠦᠬᠦᠯᠢ ᠵᠢᠷᠭᠤᠭᠠᠨ ᠨᠠᠰᠤ ᠬᠦᠷᠬᠦ ᠦᠭᠡᠢ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠠᠷᠢᠶ᠎ᠠ ᠶᠢ ᠳᠡᠩᠰᠡᠯᠡᠵᠦ ᠪᠣᠯᠬᠤ ᠦᠭᠡᠢ᠃   
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号