ᠡᠮ ᠡᠮᠨᠡᠯᠭᠡ ᠶᠢᠨ ᠳᠠᠭᠠᠳᠬᠠᠯ ᠤᠨ ᠲᠣᠮᠣ ᠠᠰᠠᠷ ᠢ ᠪᠠᠬᠢᠵᠢᠭᠦᠯᠵᠦ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠪᠠᠲᠤᠯᠠᠨ᠎ᠠ
ᠨᠡᠶᠢᠲᠡᠯᠡᠭᠰᠡᠨ ᠴᠠᠭ᠄
2022/9/21
      ᠰᠤᠷᠪᠤᠯᠵᠢᠯᠠᠭᠰᠠᠨ ᠵᠣᠴᠢᠨ᠄ ᠺᠠᠶᠢᠯᠤ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ  ᠰᠥᠩ ᠹᠦ᠋ ᠶᠢᠨ      ᠭᠤᠣᠯ ᠠᠭᠤᠯᠭ᠎ᠠ ᠄ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ ᠂ ᠡᠮ ᠡᠮᠨᠡᠯᠭᠡ ᠶᠢᠨ ᠳᠠᠭᠠᠳᠬᠠᠯ ᠤᠨ ᠭᠠᠷᠳᠠᠨ ᠭᠦᠢᠴᠡᠳᠬᠡᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ ᠂ ᠡᠮ ᠡᠮᠨᠡᠯᠭᠡ ᠶᠢᠨ ᠳᠠᠭᠠᠳᠬᠠᠯ ᠤᠨ ᠭᠠᠷᠳᠠᠨ ᠭᠦᠢᠴᠡᠳᠬᠡᠬᠦ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠠᠬᠢᠭᠤᠯᠵᠤ ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ ᠳᠡᠭᠡᠭᠰᠢᠯᠡᠭᠦᠯᠦᠨ᠎ᠡ ᠃      ᠬᠥᠲᠥᠯᠥᠭᠴᠢ ᠄ ᠰᠥᠩ ᠡᠷᠬᠢᠯᠡᠭᠴᠢ ᠲᠠ ᠰᠠᠶᠢᠨ ᠤᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠨᠡ ᠵᠢᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠳᠥᠭᠦᠮᠴᠢᠯᠡᠯᠲᠡ ᠶᠢ ᠲᠦᠷᠭᠡᠪᠴᠢᠯᠡᠨ ᠠᠬᠢᠭᠤᠯᠬᠤ ᠲᠤᠬᠠᠢ ᠵᠢᠯᠤᠭᠤᠳᠬᠤ ᠰᠠᠨᠠᠯ ᠢ ᠨᠡᠶᠢᠲᠡᠯᠡᠪᠡ᠃ ᠡᠮ ᠡᠮᠨᠡᠯᠭᠡ ᠶᠢᠨ ᠳᠠᠭᠠᠳᠬᠠᠯ ᠨᠢ ᠠᠷᠠᠳ ᠤᠨ ᠠᠮᠢᠳᠤᠷᠠᠯ ᠤᠨ ᠬᠠᠮᠤᠭ ᠤᠨ ᠡᠮᠦᠨ᠎ᠡ ᠹᠷᠣᠨᠲ ᠪᠣᠯᠤᠭᠰᠠᠨ ᠤ ᠬᠤᠪᠢ ᠳᠤ᠂ ᠣᠯᠠᠨ ᠲᠦᠮᠡᠨ ᠤ ᠡᠷᠡᠭᠦᠯ ᠮᠡᠨᠳᠦ ᠳᠤ ᠬᠤᠯᠪᠣᠭᠳᠠᠵᠤ ᠪᠠᠶᠢᠳᠠᠭ᠂ ᠣᠳᠣᠬᠠᠨ ᠳᠤ ᠮᠠᠨ ᠤ ᠰᠢᠶᠠᠨ ᠡᠮ ᠡᠮᠨᠡᠯᠭᠡ ᠶᠢᠨ ᠳᠠᠭᠠᠳᠬᠠᠯ ᠤᠨ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠪᠠᠨ ᠬᠡᠷᠬᠢᠨ ᠳᠡᠭᠡᠭᠰᠢᠯᠡᠭᠦᠯᠵᠦ ᠪᠠᠶᠢᠬᠤ ᠪᠣᠶ︖      ᠰᠦᠩ ᠡᠷᠬᠢᠯᠡᠭᠴᠢ ᠄ ᠡᠨᠡ ᠵᠢᠯ ᠠᠴᠠ ᠨᠠᠰᠢ᠂ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠢ ᠨᠡᠩ ᠰᠠᠶᠢᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠪᠡᠷᠬᠡ ᠠᠰᠠᠭᠤᠳᠠᠯ ᠪᠠ ᠬᠦᠴᠢᠷ ᠠᠰᠠᠭᠤᠳᠠᠯ ᠵᠡᠷᠭᠡ ᠠᠰᠠᠭᠤᠳᠠᠯ ᠢ ᠰᠢᠢᠳᠪᠦᠷᠢᠯᠡᠵᠦ᠂ ᠮᠠᠨ ᠤ ᠲᠣᠪᠴᠢᠶ᠎ᠠ ︽ᠺᠠᠶᠢᠯᠤ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︿ᠣᠶᠢᠷ᠎ᠠ ᠬᠠᠪᠢ ᠳᠠᠭᠠᠨ ᠭᠦᠢᠴᠡᠳᠬᠡᠬᠦ﹀ ᠥᠭᠡᠷᠡᠴᠢᠯᠡᠯᠲᠡ ᠶᠢᠨ ᠪᠣᠭᠤᠮᠳᠠ ᠰᠢᠪᠳᠤᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠂ ︽ᠺᠠᠶᠢᠯᠤ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠶᠢᠰᠨ ᠶᠢᠨ ᠳᠦᠷᠢᠮ ᠤᠨ ᠬᠡᠷᠡᠭᠵᠢᠭᠦᠯᠬᠦ ᠲᠥᠰᠥᠯ︾᠂ ︽ᠺᠠᠶᠢᠯᠤ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ 2022 ᠣᠨ ᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠲᠦᠯᠬᠢᠨ ᠠᠬᠢᠭᠤᠯᠬᠤ ᠲᠥᠰᠥᠯ︾ ᠢ ᠴᠠᠭ ᠲᠤᠬᠠᠢ ᠳᠤᠨᠢ ᠲᠣᠭᠲᠠᠭᠠᠵᠠᠢ᠃ ᠡᠭᠦᠨ ᠤ ᠬᠠᠮᠲᠤ ᠲᠣᠰ ᠲᠣᠰ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ ᠬᠤᠯᠪᠣᠭᠳᠠᠯ ᠪᠦᠬᠦᠢ ᠠᠵᠢᠯᠲᠠᠳ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠵᠦ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡ ᠶᠢ ︽ᠣᠶᠢᠷ᠎ᠠ ᠬᠠᠪᠢ ᠳᠤᠨᠢ ᠭᠦᠢᠴᠡᠳᠬᠡᠬᠦ︾ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠲᠠᠶᠢᠰᠨ ᠶᠢᠨ ᠳᠦᠷᠢᠮ ᠢ ᠬᠡᠷᠡᠭᠵᠢᠭᠦᠯᠬᠦ ᠶᠢᠨ ᠬᠠᠮᠲᠤ ᠡᠯᠧᠺᠲᠷᠣᠨ ᠡᠮ ᠡᠮᠨᠡᠯᠭᠡ ᠶᠢᠨ ᠳᠠᠭᠠᠳᠬᠠᠯ ᠤᠨ ᠭᠡᠷᠡᠴᠢ ᠪᠠᠷᠢᠮᠲᠠ ᠶᠢ ᠠᠮᠢᠯᠠᠭᠤᠯᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠬᠥᠲᠥᠯᠥᠭᠴᠢ ᠄ ᠲᠠᠨ ᠤ ᠰᠠᠶ᠋ᠢ ᠶᠢᠨ ᠳᠤᠷᠠᠳᠤᠭᠰᠠᠨ ︽ᠣᠶᠢᠷ᠎ᠠ ᠬᠠᠪᠢ ᠳᠠᠭᠠᠨ ᠭᠦᠢᠴᠡᠳᠬᠡᠬᠦ︾᠂ ᠶᠡᠷᠦᠩᠬᠡᠶᠢᠯᠡᠭᠰᠡᠨ ᠲᠠᠶᠢᠰᠨ ᠶᠢᠨ ᠳᠦᠷᠢᠮ ᠨᠢ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠢᠳᠡᠪᠬᠢᠵᠢᠭᠦᠯᠬᠦ ᠶᠢ ᠠᠬᠢᠭᠤᠯᠵᠤ ᠪᠠᠶᠢᠨ᠎ᠠ᠂ ᠣᠲᠣ ᠶᠢᠨ ᠠᠬᠢᠴᠠ ᠶᠠᠮᠠᠷ ᠪᠣᠶ︖      ᠰᠥᠩ ᠡᠷᠬᠢᠯᠡᠭᠴᠢ ᠄ ︽ᠣᠶᠢᠷ᠎ᠠ ᠬᠠᠪᠢ ᠳᠠᠭᠠᠨ ᠭᠦᠢᠴᠡᠳᠬᠡᠬᠦ︾ ᠠᠵᠢᠯ ᠨᠢ ᠨᠢᠭᠡᠨᠲᠡ ᠡᠯ᠎ᠡ ᠪᠠᠯᠭᠠᠰᠤ ᠲᠠᠯᠠᠪᠠᠶ ᠳᠤ ᠰᠦᠯᠵᠢᠶ᠎ᠡ ᠪᠠᠶᠢᠭᠤᠯᠬᠤ ᠪᠠ ᠰᠢᠯᠭᠠᠨ ᠲᠤᠷᠰᠢᠬᠤ ᠠᠵᠢᠯ ᠢ ᠪᠡᠶᠡᠯᠡᠭᠦᠯᠵᠦ᠂ ᠲᠦᠷᠦᠭᠦᠸ ᠪᠦᠯᠦᠭ ᠤᠨ 15 ᠵᠦᠢᠯ ᠤᠨ ᠳᠣᠷᠣᠭᠰᠢ ᠪᠠᠭᠤᠯᠭᠠᠬᠤ ᠠᠵᠢᠯ ᠢ ᠬᠡᠪ ᠤᠨ ᠪᠠᠶᠢᠳᠠᠯ ᠢᠶᠠᠷ ᠥᠷᠨᠢᠭᠦᠯᠪᠡ︔ ᠶᠡᠷᠦᠩᠬᠡᠶᠢᠯᠡᠭᠰᠡᠨ ᠲᠠᠶᠢᠰᠨ ᠶᠢᠨ ᠳᠦᠷᠢᠮ ᠳᠤ᠂ ᠣᠳᠣᠬᠠᠨ ᠳᠤ ᠳᠥᠷᠪᠡᠨ ᠶᠡᠷᠦᠩᠬᠡᠶᠢᠯᠡᠭᠰᠡᠨ ᠴᠣᠩᠬᠤ᠂ ᠨᠢᠭᠡ ᠪᠡᠯᠡᠳᠬᠡᠯ ᠴᠣᠩᠬᠤ ᠪᠠ ᠨᠢᠭᠡ ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠶᠢᠨ ᠴᠣᠩᠬᠤ᠂ ᠭᠤᠷᠪᠠᠨ ᠠᠷᠤ ᠲᠠᠯ᠎ᠠ ᠶᠢᠨ ᠬᠢᠨᠠᠨ ᠬᠠᠷᠭᠤᠭᠤᠯᠬᠤ ᠠᠵᠢᠯ ᠤᠨ ᠪᠠᠶᠢᠷᠢ ᠭᠠᠷᠭᠠᠵᠤ᠂ ︽ᠨᠢᠭᠡ ᠡᠭᠦᠳᠡ ᠪᠠᠷ ᠣᠷᠣᠵᠤ᠂ ᠨᠢᠭᠡ ᠨᠣᠮᠧᠷ ᠠᠪᠴᠤ᠂ ᠨᠢᠭᠡ ᠴᠣᠩᠬᠤ ᠪᠠᠷ ᠨᠡᠶᠢᠳᠡᠮ ᠭᠦᠢᠴᠡᠳᠬᠡᠬᠦ᠂ ᠨᠢᠭᠡ ᠥᠷᠲᠡᠭᠡ ᠳᠤ ᠦᠢᠯᠡᠴᠢᠯᠡᠬᠦ᠂ ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ︾ ᠦᠢᠯᠡᠴᠢᠯᠡᠭᠡᠨ ᠤ ᠰᠢᠨ᠎ᠡ ᠵᠠᠭᠪᠤᠷ ᠢ ᠪᠡᠶᠡᠯᠡᠭᠦᠯᠪᠡ︔ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠢᠳᠡᠪᠬᠢᠵᠢᠭᠦᠯᠬᠦ ᠶᠢ ᠠᠬᠢᠭᠤᠯᠬᠤ ᠲᠠᠯ᠎ᠠ ᠪᠠᠷ᠂ ᠮᠠᠨ ᠤ ᠲᠣᠪᠴᠢᠶ᠎ᠠ ᠠᠵᠢᠯᠲᠠᠨ ᠠᠵᠢᠯᠴᠢᠨ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠨᠡᠶᠢᠭᠡᠮ ᠲᠣᠭᠤᠷᠢᠭ᠂ ᠰᠤᠷᠭᠠᠭᠤᠯᠢ᠂ ᠳᠠᠭᠠᠳᠬᠠᠯ ᠳᠤ ᠣᠷᠣᠯᠴᠠᠭᠰᠠᠨ ᠬᠥᠮᠥᠨ ᠬᠡᠷᠡᠭᠯᠡᠬᠦ ᠨᠢᠭᠡᠴᠢ᠂ ᠡᠮ ᠡᠮᠨᠡᠯᠭᠡ ᠶᠢᠨ ᠪᠠᠶᠢᠭᠤᠯᠤᠮᠵᠢ ᠳᠤ ᠭᠦᠨᠵᠡᠭᠡᠶᠢᠷᠡᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠣᠳᠣᠬᠠᠨ ᠳᠤ ᠨᠢᠭᠡᠨᠲᠡ 15.4 ᠲᠦᠮᠡᠨ ᠡᠯᠧᠺᠲᠷᠣᠨ ᠭᠡᠷᠡᠴᠢ ᠪᠠᠷᠢᠮᠲᠠ ᠶᠢ ᠢᠳᠡᠪᠬᠢᠵᠢᠭᠦᠯᠦᠭᠰᠡᠨ ᠪᠠᠶᠢᠨ᠎ᠠ᠃      ᠬᠥᠲᠥᠯᠥᠭᠴᠢ ᠄ ᠲᠣᠮᠣ ᠳ᠋ᠠᠶᠢᠲ᠋ᠠ ᠶᠢᠨ ᠴᠠᠭ ᠦᠶ᠎ᠡ ᠬᠦᠷᠴᠦ ᠢᠷᠡᠬᠦ ᠶᠢ ᠳᠠᠭᠠᠯᠳᠤᠨ᠂ ︽ᠭᠡᠷ ᠠᠴᠠ ᠪᠠᠨ ᠭᠠᠷᠬᠤ ᠦᠭᠡᠢ ᠪᠠᠷ︾ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠨᠢ ᠨᠢᠭᠡᠨᠲᠡ ᠨᠢᠭᠡ ᠵᠦᠢᠯ ᠤᠨ ᠰᠢᠨ᠎ᠡ ᠦᠢᠯᠡᠴᠢᠯᠡᠭᠡᠨ ᠤ ᠵᠠᠭᠪᠤᠷ ᠪᠣᠯᠤᠭᠰᠠᠨ ᠪᠠᠶᠢᠨ᠎ᠠ᠂ ᠮᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠠᠮᠠᠷ ᠶᠠᠮᠠᠷ ᠠᠷᠭ᠎ᠠ ᠵᠠᠮ ᠢᠶᠠᠷ ᠣᠯᠠᠨ ᠲᠦᠮᠡᠨ ᠤ ᠡᠶᠢᠮᠦᠷᠬᠦ ᠬᠡᠷᠡᠭᠴᠡᠭᠡ ᠶᠢ ᠬᠠᠩᠭᠠᠵᠤ ᠳᠡᠶᠢᠯᠬᠦ ᠪᠣᠶ︖      ᠰᠥᠩ ᠡᠷᠬᠢᠯᠡᠭᠴᠢ ᠄ ᠠᠰᠠᠭᠤᠨ ᠯᠠᠪᠯᠠᠬᠤ ᠪᠤᠶᠤ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠠᠶᠢᠭ᠎ᠠ ᠣᠯᠠᠨ ᠲᠦᠮᠡᠨ ᠮᠠᠨ ᠤ ᠠᠰᠠᠭᠤᠨ ᠯᠠᠪᠯᠠᠬᠤ ᠬᠠᠯᠠᠭᠤᠨ ᠤᠲᠠᠰᠤ 0475 ︱ 6213233 ᠶᠢ ᠤᠲᠠᠰᠤᠳᠠᠵᠤ ᠪᠣᠯᠣᠨ᠎ᠠ᠂ ᠪᠠᠰᠠ ᠮᠠᠨ ᠤ ᠲᠣᠪᠴᠢᠶ᠎ᠠ ᠶᠢᠨ ᠨᠡᠶᠢᠲᠡ ᠶᠢᠨ ᠳ᠋ᠤᠭᠠᠷ ᠪᠣᠯᠬᠤ ︽ᠺᠠᠶᠢᠯᠤ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ︾ ᠶᠢ ᠠᠩᠬᠠᠷᠴᠤ ᠪᠣᠯᠣᠨ᠎ᠠ᠂ ᠲᠡᠨᠳᠡ ᠨᠠᠷᠢᠨ ᠲᠣᠳᠣᠷᠬᠠᠢ ᠠᠵᠢᠯᠯᠠᠬᠤ ᠠᠯᠬᠤᠮ ᠳᠠᠷᠠᠭ᠎ᠠ ᠪᠠ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠣᠶ᠃     
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号