10 ᠰᠠᠷ᠎ᠠ ᠶᠢᠨ 13 ᠤ ᠡᠳᠦᠷ ᠠᠴᠠ 14 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ | ᠸᠠᠩ ᠹᠧᠩ ᠰᠧᠨ ᠪᠦᠯᠬᠦᠮ ᠳᠠᠭᠠᠭᠤᠯᠤᠨ ᠠᠨᠾᠦ᠋ᠢ ᠶᠢᠨ ᠷᠦᠢ ᠪᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ | ᠲᠥᠷᠥᠯ ᠵᠦᠢᠯ ᠤᠨ ᠲᠣᠭᠤᠷᠢᠨ ᠳᠤ ᠵᠥᠪᠳᠡᠯᠴᠡᠪᠡ᠃ ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠳᠠᠨ ᠨᠠᠷ ᠣᠷᠣᠯᠴᠠᠪᠠ᠃ | | | | | | ᠸᠠᠩ ᠹᠧᠩ ᠰᠧᠨ ᠨᠠᠷ ᠤᠷᠢᠳ ᠬᠤᠵᠢᠳ ᠠᠨᠾᠦ᠋ᠢ ᠶᠢᠨ ᠷᠦᠢ ᠪᠠᠩ ᠠᠮᠢᠳᠤ ᠪᠣᠳᠠᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠂ ᠦᠢᠯᠡᠳᠬᠦᠨ ᠤ | ᠦᠵᠡᠭᠦᠯᠦᠯᠭᠡ ᠶᠢᠨ ᠣᠷᠳᠣᠨ ᠢ ᠲᠣᠭᠤᠷᠢᠨ ᠦᠵᠡᠵᠦ ᠂ ᠳᠠᠷᠠᠭ᠎ᠠ ᠨᠢ ᠬᠤᠶᠠᠷ ᠲᠠᠯ᠎ᠠ ᠪᠠᠷ ᠢᠶᠠᠨ ᠶᠠᠷᠢᠯᠴᠠᠨ | ᠰᠣᠯᠢᠯᠴᠠᠪᠠ ᠃ ᠶᠠᠷᠢᠯᠴᠠᠬᠤ ᠬᠤᠷᠠᠯ ᠳᠡᠭᠡᠷ᠎ᠡ᠂ ᠸᠠᠩ ᠹᠧᠩ ᠰᠧᠨ ᠠᠴᠠ ᠡᠨᠡ ᠤᠳᠠᠭ᠎ᠠ ᠠᠨᠾᠦ᠋ᠢ ᠶᠢᠨ ᠷᠦᠢ | ᠪᠠᠩ ᠤᠨ ᠠᠮᠢᠳᠤ ᠪᠣᠳᠠᠰ ᠢ ᠵᠣᠯᠭᠠᠭᠤᠯᠤᠨ ᠶᠠᠷᠢᠯᠴᠠᠬᠤ ᠲᠦᠷᠦᠯ ᠵᠦᠢᠯ ᠪᠣᠯ ᠡᠮᠦᠨᠡᠬᠢ ᠬᠤᠭᠤᠴᠠᠭᠠᠨ ᠤ ᠠᠵᠤ | ᠠᠬᠤᠶᠢᠯᠠᠯ ᠤᠨ ᠺᠠᠶᠢᠯᠤ ᠳᠤ ᠬᠦᠷᠴᠦ ᠠᠮᠢᠳᠤ ᠪᠣᠳᠠᠰ ᠤᠨ ᠡᠮ ᠡᠮᠨᠡᠯᠭᠡ ᠶᠢᠨ ᠲᠦᠷᠦᠯ ᠵᠦᠢᠯ ᠢ ᠰᠢᠨᠵᠢᠯᠡᠨ | ᠪᠠᠶᠢᠴᠠᠭᠠᠬᠤ ᠶᠢᠨ ᠦᠷᠭᠦᠯᠵᠢᠯᠡᠯ ᠪᠣᠯᠣᠨ᠎ᠠ ᠂ ᠮᠥᠨᠴᠦ ᠬᠤᠶᠠᠷ ᠲᠠᠯ᠎ᠠ ᠶᠢᠨ ᠨᠢᠭᠲᠠ ᠬᠠᠮᠲᠤᠷᠠᠯᠴᠠᠭ᠎ᠠ ᠶᠢᠨ ᠡᠬᠢᠯᠡᠯᠲᠡ | ᠪᠣᠯᠣᠨ᠎ᠠ ᠃ ᠺᠠᠶᠢᠯᠤ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠬᠥᠭᠵᠢᠭᠦᠯᠬᠦ ᠳᠤ | ᠪᠦᠷᠢᠯᠳᠦᠭᠦᠯᠦᠭᠰᠡᠨ ᠣᠷᠣᠨ ᠪᠠᠶᠢᠷᠢ ᠶᠢᠨ ᠳᠠᠪᠠᠭᠤᠯᠢᠭ ᠂ ᠬᠦᠢᠲᠡᠨ ᠰᠡᠷᠢᠭᠦᠨ ᠠᠭᠤᠷ ᠠᠮᠢᠰᠬᠤᠯ ᠤᠨ ᠨᠥᠬᠦᠴᠡᠯ ᠂ | ᠪᠦᠷᠢᠨ ᠲᠥᠬᠦᠷ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠂ ᠣᠷᠴᠢᠨ ᠲᠣᠭᠤᠷᠢᠨ ᠤ ᠳᠠᠭᠠᠭᠠᠴᠠ ᠂ ᠠᠵᠤ | ᠦᠢᠯᠡᠰ ᠤᠨ ᠰᠢᠯᠵᠢᠯᠲᠡ ᠶᠢᠨ ᠲᠦᠷᠦ ᠶᠢᠨ ᠪᠣᠳᠣᠯᠭ᠎ᠠ ᠶᠢᠨ ᠲᠤᠯᠭᠠᠭᠤᠷᠢᠯᠠᠯ ᠂ ᠠᠵᠤ ᠦᠢᠯᠡᠰ ᠤᠨ ᠠᠵᠢᠯᠴᠢᠨ ᠢ | ᠪᠣᠶᠢᠵᠢᠭᠤᠯᠬᠤ ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠮᠠᠭᠠᠳᠯᠠᠨ ᠲᠣᠭᠲᠠᠭᠠᠬᠤ ᠵᠢᠴᠢ | ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠂ ᠰᠢᠯᠢᠳᠡᠭ ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠤᠨ | ᠦᠢᠯᠡᠴᠢᠯᠡᠭᠡ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠲᠠᠨᠢᠯᠴᠠᠭᠤᠯᠪᠠ᠃ ᠣᠨᠴᠠᠭᠠᠶᠢᠯᠠᠨ᠂ ᠠᠵᠤ ᠠᠬᠤᠶᠢᠯᠠᠯ ᠤᠨ | ᠠᠩᠬᠠᠷᠴᠤ ᠪᠠᠶᠢᠭ᠎ᠠ ᠮᠠᠰᠢᠨ ᠬᠡᠷᠡᠭᠯᠡᠬᠦ ᠶᠢ ᠪᠠᠲᠤᠯᠠᠬᠤ᠂ ᠴᠠᠬᠢᠯᠭᠠᠨ ᠬᠠᠩᠭᠠᠬᠤ ᠦᠨ᠎ᠡ ᠬᠠᠩᠰᠢ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ᠂ ᠬᠠᠲᠠᠭᠤ ᠪᠡᠶᠡᠲᠦ ᠬᠠᠶᠠᠭᠳᠠᠮᠠᠯ ᠪᠣᠳᠠᠰ | ᠠᠶᠤᠯᠲᠠᠢ ᠬᠠᠶᠠᠭᠳᠠᠮᠠᠯ ᠪᠣᠳᠠᠰ ᠵᠢᠴᠢ ᠪᠣᠬᠢᠷ ᠤᠰᠤ ᠶᠢ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠲᠠᠯ᠎ᠠ ᠳᠤ ᠨᠠᠷᠢᠨ | ᠲᠠᠶᠢᠯᠤᠮᠵᠢ ᠪᠠ ᠬᠠᠷᠢᠭᠤᠯᠲᠠ ᠥᠭᠪᠡ᠃ ᠡᠭᠦᠨ ᠤ ᠬᠠᠮᠲᠤ᠂ ᠠᠵᠤ ᠠᠬᠤᠶᠢᠯᠠᠯ ᠤᠨ ᠠᠮᠢᠳᠤ ᠪᠣᠳᠠᠰ ᠤᠨ | ᠢᠰᠬᠡᠯᠲᠡ ᠶᠢᠨ ᠬᠠᠪᠲᠠᠭᠠᠢ ᠬᠡᠰᠡᠭ ᠪᠣᠯᠣᠨ ᠺᠠᠶᠢᠯᠤ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ | ᠬᠥᠭᠵᠢᠭᠦᠯᠬᠦ ᠥᠷᠭᠡᠨ ᠳᠡᠯᠭᠡᠷ ᠬᠠᠮᠲᠤᠷᠠᠯᠴᠠᠭᠠᠨ ᠤ ᠬᠦᠷᠢᠶ᠎ᠡ᠂ ᠨᠢᠭᠲᠠ ᠠᠵᠤ ᠦᠢᠯᠡᠰ ᠤᠨ ᠬᠡᠯᠬᠢᠶ᠎ᠡ ᠵᠡᠷᠭᠡ ᠳᠤ | ᠴᠢᠭᠯᠡᠭᠦᠯᠦᠨ ᠨᠢᠭᠡᠳᠦᠯᠲᠡᠢ ᠬᠠᠮᠲᠤᠷᠠᠯᠴᠠᠭᠠᠨ ᠤ ᠰᠠᠨᠠᠮᠵᠢ ᠲᠠᠢ ᠪᠣᠯᠪᠠ᠃ | | | | | | ᠠᠨᠾᠦ᠋ᠢ ᠮᠤᠵᠢ ᠶᠢᠨ ᠷᠦᠢ ᠪᠠᠩ ᠠᠮᠢᠳᠤ ᠪᠣᠳᠠᠰ ᠤᠨ ᠬᠡᠷᠡᠭ ᠮᠡᠳᠡᠭᠴᠢᠳ ᠤᠨ ᠳᠠᠷᠤᠭ᠎ᠠ ᠶᠢᠨ ᠲᠤᠰᠠᠯᠠᠭᠴᠢ | ᠸᠠᠩ ᠵᠢᠤᠸᠠᠨ ᠵᠢᠤᠸᠠᠨ᠂ ᠳᠡᠳ᠋ ᠶᠡᠷᠦᠩᠬᠡᠢ ᠳᠠᠭᠠᠭᠠᠮᠠᠯ ᠵᠢᠴᠢ ᠲᠥᠷᠥᠯ ᠵᠦᠢᠯ ᠤᠨ ᠮᠡᠷᠭᠡᠵᠢᠯ ᠤᠨ ᠬᠠᠷᠢᠭᠤᠴᠠᠯᠭᠠᠲᠠᠨ | ᠯᠢᠦ ᠪᠥᠸᠧ ᠴᠤᠤ ᠶᠠᠷᠢᠯᠴᠠᠬᠤ ᠬᠤᠷᠠᠯ ᠳᠡᠭᠡᠷ᠎ᠡ ᠲᠤᠰ ᠲᠤᠰ ᠢᠯᠡᠷᠬᠡᠶᠢᠯᠡᠭᠰᠡᠨ ᠨᠢ᠂ ᠡᠮᠦᠨᠡᠬᠢ ᠬᠤᠭᠤᠴᠠᠭᠠᠨ ᠳᠤ | ᠺᠠᠶᠢᠯᠤ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠲᠤ ᠬᠦᠷᠴᠦ ᠲᠤᠬᠠᠢ ᠶᠢᠨ ᠭᠠᠵᠠᠷ | ᠲᠤᠨᠢ ᠪᠠᠶᠢᠴᠠᠭᠠᠯᠲᠠ ᠬᠢᠬᠦ ᠪᠠᠷ ᠳᠠᠮᠵᠢᠭᠠᠳ᠂ ᠺᠠᠶᠢᠯᠤ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ | ᠲᠣᠭᠤᠷᠢᠭ ᠤᠨ ᠠᠵᠤ ᠦᠢᠯᠡᠰ ᠤᠨ ᠪᠦᠯᠦᠭᠯᠡᠯ ᠨᠢ ᠬᠥᠭᠵᠢᠯᠲᠡ ᠶᠢᠨ ᠳᠠᠪᠠᠭᠤᠯᠢᠭ ᠨᠢ ᠢᠯᠡᠷᠬᠡᠢ ᠪᠠᠶᠢᠵᠤ᠂ | ᠦᠢᠯᠡᠳᠪᠦᠷᠢᠯᠡᠯ ᠳᠤ ᠬᠡᠷᠡᠭᠰᠡᠬᠦ ᠤᠰᠤ᠂ ᠴᠠᠬᠢᠯᠭᠠᠨ᠂ ᠠᠭᠤᠷ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠬᠦᠴᠦᠨ | ᠵᠦᠢᠯ ᠨᠢ ᠪᠦᠷᠢᠨ ᠲᠥᠬᠦᠷ ᠪᠠᠶᠢᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠢ ᠬᠥᠭᠵᠢᠭᠦᠯᠬᠦ ᠳᠤ | ᠮᠠᠰᠢ ᠲᠣᠬᠢᠷᠠᠮᠵᠢᠲᠠᠢ ᠪᠠᠶᠢᠨ᠎ᠠ᠃ ᠡᠭᠦᠨ ᠤ ᠬᠠᠮᠲᠤ᠂ ᠺᠣᠮᠫᠠᠨᠢ ᠶᠢᠨ ᠲᠠᠮᠠᠬᠢᠨ ᠠᠰᠢᠯ ᠠᠮᠢᠨ᠂ ᠰᠢᠪᠲᠦᠷᠲᠦ | ᠬᠦᠴᠢᠯ ᠤᠨ ᠲᠥᠷᠥᠯ ᠵᠦᠢᠯ ᠨᠢ ᠺᠠᠶᠢᠯᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ | ᠬᠥᠭᠵᠢᠯᠲᠡ ᠶᠢᠨ ᠳᠡᠭᠡᠳᠦ ᠳᠣᠣᠷᠠᠳᠤ ᠤᠷᠤᠰᠬᠠᠯ ᠳᠤ ᠨᠡᠶᠢᠴᠡᠬᠦ ᠪᠠᠷ ᠪᠠᠷᠠᠬᠤ ᠦᠭᠡᠢ᠂ ᠦᠢᠯᠡᠳᠬᠦᠨ ᠤ | ᠬᠤᠯᠪᠣᠭᠳᠠᠬᠤ ᠬᠡᠮᠵᠢᠶ᠎ᠡ ᠨᠢ ᠴᠦ ᠥᠨᠳᠥᠷ ᠪᠠᠶᠢᠵᠤ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠵᠣᠬᠢᠬᠤ | ᠬᠡᠮᠵᠢᠶ᠎ᠡ ᠪᠠᠷ ᠪᠠᠭᠤᠷᠠᠭᠤᠯᠵᠤ ᠴᠢᠳᠠᠨ᠎ᠠ᠃ ᠲᠠᠷᠠᠭᠠᠴᠢ ᠶᠢᠨ ᠠᠯᠬᠤᠮ ᠳᠤ ᠺᠣᠮᠫᠠᠨᠢ ᠠᠴᠠ ᠺᠠᠶᠢᠯᠤ ᠶᠢᠨ ᠨᠡᠬᠡᠬᠡᠯᠲᠡ ᠶᠢᠨ | ᠲᠤᠭᠤᠷᠢᠭ ᠲᠤ ᠰᠠᠭᠤᠷᠢᠰᠢᠭᠰᠠᠨ ᠲᠦᠷᠦᠯ ᠵᠦᠢᠯ ᠳᠤ ᠴᠢᠭᠯᠡᠭᠦᠯᠦᠨ ᠭᠦᠨᠵᠡᠭᠡᠢ ᠰᠤᠳᠤᠯᠤᠨ ᠲᠥᠯᠥᠪᠵᠢᠭᠦᠯᠵᠦ ᠂ | ᠳᠠᠷᠤᠢ ᠲᠦᠷᠭᠡᠨ ᠪᠦᠯᠬᠦᠮ ᠲᠣᠮᠢᠯᠠᠨ ᠺᠠᠶᠢᠯᠤ ᠳᠤ ᠬᠦᠷᠴᠦ ᠰᠢᠨᠵᠢᠯᠡᠨ ᠪᠠᠶᠢᠴᠠᠭᠠᠵᠤ ᠂ ᠡᠷᠲᠡ ᠭᠡᠷ᠎ᠡ ᠲᠣᠭᠲᠠᠵᠤ | ᠡᠷᠲᠡ ᠪᠦᠲᠦᠭᠡᠨ ᠪᠠᠶᠢᠭᠤᠯᠵᠤ ᠡᠷᠲᠡ ᠦᠢᠯᠡᠳᠪᠦᠷᠢᠯᠡᠯ ᠳᠤ ᠣᠷᠣᠭᠤᠯᠵᠤ ᠡᠷᠲᠡ ᠠᠰᠢᠭ ᠣᠯᠬᠤ ᠶᠢ | ᠪᠡᠶᠡᠯᠡᠭᠦᠯᠬᠦ ᠪᠠᠷ ᠴᠢᠷᠮᠠᠶᠢᠨ᠎ᠠ ᠃ | ᠣᠶᠢᠯᠠᠭᠠᠭᠰᠠᠨ ᠢᠶᠠᠷ᠂ ᠠᠨᠾᠦ᠋ᠢ ᠶᠢᠨ ᠷᠦᠢ ᠪᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠷᠦᠢ ᠪᠠᠩ ᠠᠮᠢᠳᠤ ᠪᠣᠳᠠᠰ 2004 ᠣᠨ ᠳᠤ ᠪᠠᠶᠢᠭᠤᠯᠤᠭᠳᠠᠭᠰᠠᠨ᠂ ᠰᠤᠳᠤᠯᠤᠨ | ᠨᠡᠭᠡᠭᠡᠬᠦ᠂ ᠦᠢᠯᠡᠳᠪᠦᠷᠢᠯᠡᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠳᠡᠭᠡᠳᠦ ᠰᠢᠨᠵᠢᠯᠡᠬᠦ ᠤᠬᠠᠭᠠᠨ | ᠮᠡᠷᠭᠡᠵᠢᠯ ᠤᠨ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ᠪᠣᠯᠬᠤ ᠪᠥᠭᠡᠳ ᠲᠠᠮᠠᠬᠢᠨ ᠠᠰᠢᠯ ᠠᠮᠢᠨ ︵ᠸᠢᠲ᠋ᠠᠮᠢᠨ B3 | ︶ ᠤ ᠦᠢᠯᠡᠳᠬᠦᠨ ᠤ ᠦᠢᠯᠡᠳᠪᠦᠷᠢᠯᠡᠯ ᠢ ᠭᠤᠣᠯᠳᠠᠯᠭ᠎ᠠ ᠲᠠᠢ ᠡᠷᠭᠢᠯᠡᠳᠡᠭ᠃ ᠪᠦᠷᠢᠨ ᠲᠡᠭᠦᠯᠳᠡᠷ ᠫᠢᠷᠢᠳᠢᠨ ᠠᠵᠤ | ᠦᠢᠯᠡᠰ ᠤᠨ ᠬᠡᠯᠬᠢᠶ᠎ᠡ ᠲᠠᠢ ᠪᠠᠶᠢᠵᠤ᠂ ᠫᠢᠷᠢᠳᠢᠨ ᠦᠢᠯᠡᠳᠪᠦᠷᠢᠯᠡᠬᠦ ᠶᠠᠪᠤᠴᠠ ᠳᠠᠬᠢ ᠳᠠᠭᠠᠯᠲᠠ ᠪᠦᠲᠦᠭᠡᠭᠳᠡᠬᠦᠨ | 3︱ᠮᠧᠲ᠋ᠢᠯ ᠫᠢᠷᠢᠳᠢᠨ ︵ᠸᠢᠲ᠋ᠠᠮᠢᠨ B3︶ ᠢ ᠠᠰᠢᠭᠯᠠᠨ ᠲᠠᠮᠠᠬᠢᠨ ᠠᠰᠢᠯ ᠠᠮᠢᠨ ︵ᠸᠢᠲ᠋ᠠᠮᠢᠨ B3︶ ᠤ | ᠪᠦᠲᠦᠭᠡᠭᠳᠡᠬᠦᠨ ᠢ ᠦᠢᠯᠡᠳᠪᠦᠷᠢᠯᠡᠨ᠎ᠡ᠃ ᠦᠢᠯᠡᠳᠪᠦᠷᠢᠯᠡᠯ ᠤᠨ ᠮᠡᠷᠭᠡᠵᠢᠯ ᠨᠢ ᠪᠦᠷᠢᠨ ᠪᠦᠲᠦᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠵᠧᠵᠢᠶᠠᠩ ᠶᠡᠭᠡ ᠰᠤᠷᠭᠠᠭᠤᠯᠢ︱ᠤᠯᠠᠭᠠᠨ ᠨᠡᠷᠡᠨ ᠬᠠᠮᠲᠤᠷᠠᠨ ᠪᠡᠶ᠎ᠡ ᠪᠠᠨ | ᠳᠠᠭᠠᠭᠠᠵᠤ ᠰᠤᠳᠤᠯᠤᠨ ᠦᠢᠯᠡᠳᠦᠭᠰᠡᠨ ᠪᠦᠬᠦ ᠪᠥᠮᠪᠥᠷᠴᠡᠭ ᠤᠨ ᠲᠡᠷᠢᠭᠦᠨ ᠤ ᠬᠢᠮᠢ︱ᠢᠰᠬᠡᠭᠦᠷ ᠤᠨ ᠲᠡᠰ ᠤᠨ | ᠬᠤᠯᠪᠣᠭᠠᠨ ᠤ ᠲᠠᠮᠠᠬᠢᠨ ᠠᠰᠢᠯ ᠠᠮᠢᠨ ᠤ ᠮᠡᠷᠭᠡᠵᠢᠯ ᠢ ᠬᠡᠷᠡᠭᠯᠡᠨ᠎ᠡ ᠃ ᠲᠠᠮᠠᠬᠢᠨ ᠠᠰᠢᠯ ᠠᠮᠢᠨ ᠢ ᠭᠤᠣᠯᠳᠠᠭᠤ | ᠸᠢᠲ᠋ᠠᠮᠢᠨ ᠤ ᠲᠦᠷᠦᠯ᠂ ᠢᠳᠡᠭᠡᠨ᠂ ᠲᠡᠵᠢᠭᠡᠯ ᠪᠣᠷᠳᠤᠭ᠎ᠠ ᠂ ᠵᠠᠰᠠᠯ ᠴᠢᠮᠡᠭ ᠤᠨ ᠡᠳ᠋ ᠤᠨ ᠨᠡᠮᠡᠯᠲᠡ ᠡᠳ᠋ ᠵᠢᠴᠢ ᠲᠡᠭᠦᠨ ᠤ | ᠨᠡᠶᠢᠯᠡᠯᠭᠡ ᠪᠤᠰᠤᠳ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠭᠳᠡᠬᠦᠨ ᠳᠤ ᠬᠡᠷᠡᠭᠯᠡᠨ᠎ᠡ ᠃ ︵ᠰᠢᠶᠠᠨ ᠤ ᠨᠠᠮ ᠤᠨ | ᠬᠤᠷᠢᠶᠠᠨ ᠤ ᠠᠯᠪᠠᠨ ᠭᠡᠷ ᠠᠴᠠ ᠡᠬᠡ ᠪᠢᠴᠢᠭ ᠬᠠᠩᠭᠠᠨ᠎ᠠ ︶ | |