︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠦ︾ ᠶᠢᠨ 2023 ᠣᠨ ᠤ ᠥᠪᠥᠷ ᠮᠣᠩᠭᠤᠯ ᠤᠨ ᠺᠠᠶᠢᠯᠦ ᠰᠢᠶᠠᠨ ᠤ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/30
      ᠬᠤᠲᠠ ᠶᠢᠨ ᠨᠠᠮ ᠤᠨ ᠬᠤᠷᠢᠶ᠎ᠠ᠂ ᠵᠠᠰᠠᠭ  ᠤᠨ ᠣᠷᠳᠣᠨ  ᠤ ︽ᠲᠥᠷᠥᠯ ᠵᠦᠢᠯ ᠢᠶᠠᠷ ᠭᠤᠣᠯ ᠪᠣᠯᠭᠠᠵᠤ᠂ ᠬᠤᠳᠠᠯᠳᠤᠭᠠᠴᠢᠨ ᠤᠷᠢᠬᠤ ᠪᠠᠷ ᠭᠤᠣᠯ ᠪᠣᠯᠭᠠᠬᠤ︾ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 10 ᠰᠠᠷ᠎ᠠ  ᠶᠢᠨ 28  ᠤ ᠡᠳᠦᠷ᠂ ︽ᠪᠠᠷᠠᠭᠤᠨ ᠯᠢᠶᠣᠤ ᠾᠧ ᠭᠤᠣᠯ  ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠦ︾  ᠶᠢᠨ 2023 ᠣᠨ  ᠤ ᠥᠪᠥᠷ ᠮᠣᠩᠭᠤᠯ  ᠤᠨ ᠺᠠᠶᠢᠯᠦ ᠰᠢᠶᠠᠨ  ᠤ ᠪᠣᠬᠢᠷᠲᠤᠯ ᠦᠭᠡᠢ ᠲᠠᠷᠢᠶᠠᠯᠠᠩ ᠮᠠᠯ  ᠤᠨ ᠠᠰᠢᠭ ᠰᠢᠮ᠎ᠡ  ᠶᠢᠨ ᠪᠦᠲᠦᠭᠡᠭᠳᠡᠬᠦᠨ  ᠤ ᠲᠤᠰᠬᠠᠢ ᠰᠡᠳᠦᠪᠲᠦ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠬᠤᠷᠠᠯ ᠠᠷᠪᠠᠨ ᠲᠠᠪᠤᠳᠤᠭᠠᠷ ᠬᠤᠭᠤᠴᠠᠭᠠᠨ  ᠤ ᠴᠦᠩᠴᠢᠩ  ᠤᠨ ᠬᠠᠯᠠᠭᠤᠨ ᠲᠣᠭᠤᠭ᠎ᠠ  ᠶᠢᠨ ᠠᠮᠲᠠᠲᠤ ᠢᠳᠡᠭᠡᠨ  ᠤ ᠪᠠᠶᠠᠷ  ᠤᠨ ᠬᠤᠭᠤᠴᠠᠭᠠᠨ  ᠳᠤ ᠶᠠᠪᠤᠭᠳᠠᠵᠤ᠂ ᠺᠠᠶᠢᠯᠦ ᠶᠢᠨ ᠣᠨᠴᠠᠯᠢᠭᠲᠤ ᠪᠦᠲᠦᠭᠡᠭᠳᠡᠬᠦᠨ ᠢ ᠲᠠᠨᠢᠯᠴᠠᠭᠤᠯᠵᠤ᠂ ︽ ᠠᠪᠢᠶᠠᠰᠤᠯᠢᠭ ᠺᠠᠶᠢᠯᠦ︾  ᠶᠢᠨ ᠨᠠᠷᠠᠲᠤ ᠲᠡᠮᠳᠡᠭᠲᠦ  ᠶᠢ ᠬᠠᠩᠭᠢᠨᠠᠭᠤᠯᠪᠠ᠂ ᠰᠢᠶᠠᠨ ᠤ ᠨᠠᠮ ᠤᠨ ᠬᠤᠷᠢᠶᠠᠨ  ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠯᠢᠦ ᠶᠠᠩ ᠲᠤᠰᠬᠠᠢ ᠰᠡᠳᠦᠪᠲᠦ ᠲᠠᠨᠢᠯᠴᠠᠭᠤᠯᠭ᠎ᠠ ᠬᠢᠵᠦ᠂ ᠰᠢᠶᠠᠨ ᠤ ᠵᠠᠰᠠᠭ ᠤᠨ ᠣᠷᠳᠣᠨ  ᠤ ᠳᠡᠳ᠋ ᠳᠠᠷᠤᠭ᠎ᠠ ᠴᠧᠨ ᠾᠧᠩ ᠲᠠᠨᠢᠯᠴᠠᠭᠤᠯᠭ᠎ᠠ ᠶᠢᠨ ᠬᠤᠷᠠᠯ ᠢ ᠡᠷᠭᠢᠯᠡᠪᠡ᠃
      图片1.png
      ᠬᠤᠷᠠᠯ ᠳᠡᠭᠡᠷ᠎ᠡ᠂ ᠯᠢᠦ ᠶᠠᠩ ᠡᠷᠳᠡᠨᠢ ᠰᠢᠰᠢ᠂ ᠤᠯᠠᠭᠠᠨ ᠬᠠᠳᠠᠭᠠᠭᠰᠠᠨ ᠯᠠᠵᠤᠤ᠂ ᠠᠯᠠᠰᠢᠨ ᠦᠬᠡᠷ᠂ ᠣᠶ ᠵᠢᠮᠢᠰ᠂ ᠰᠣᠶᠣᠯ ᠵᠢᠭᠤᠯᠴᠢᠯᠠᠯ ᠤᠨ ︽ᠲᠠᠪᠤᠨ ᠶᠡᠭᠡ ᠠᠵᠤ ᠦᠢᠯᠡᠰ︾  ᠤᠨ ᠡᠬᠢ ᠪᠠᠶᠠᠯᠢᠭ  ᠤᠨ ᠳᠠᠪᠠᠭᠤᠯᠢᠭ ᠤᠨ ᠲᠣᠭᠤᠷᠢᠨ  ᠳᠤ ᠲᠠᠨᠢᠯᠴᠠᠭᠤᠯᠪᠠ᠃ ᠯᠢᠦ ᠶᠠᠩ ᠵᠢᠭᠠᠭᠰᠠᠨ ᠨᠢ᠂ ᠺᠠᠶᠢᠯᠤ ᠰᠢᠶᠠᠨ ᠤ ᠪᠠᠶᠢᠭᠠᠯᠢ  ᠶᠢᠨ ᠡᠬᠢ ᠪᠠᠶᠠᠯᠢᠭ ᠡᠯᠪᠡᠭ ᠳᠡᠯᠪᠡᠭ᠂ ᠡᠳ᠋ ᠭᠠᠷᠤᠯᠲᠠ ᠡᠯᠪᠡᠭ ᠪᠠᠶᠠᠯᠢᠭ᠂ ᠳᠤᠮᠳᠠᠳᠤ ᠤᠯᠤᠰ  ᠤᠨ ᠣᠨᠴᠠᠯᠢᠭ  ᠲᠠᠢ ᠲᠠᠷᠢᠶᠠᠯᠠᠩ  ᠤᠨ ᠪᠦᠲᠦᠭᠡᠭᠳᠡᠬᠦᠨ  ᠤ ᠳᠠᠪᠠᠭᠤᠯᠢᠭ ᠣᠷᠣᠨ᠂ ᠥᠪᠥᠷ ᠮᠣᠩᠭᠤᠯ  ᠤᠨ ᠵᠡᠭᠦᠨ ᠬᠡᠰᠡᠭ  ᠤᠨ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ  ᠶᠢᠨ ᠠᠵᠤ ᠦᠢᠯᠡᠰ  ᠤᠨ ᠴᠢᠬᠤᠯᠠ ᠰᠠᠭᠤᠷᠢᠨ ᠭᠠᠵᠠᠷ ᠪᠣᠯᠣᠨ᠎ᠠ᠂ ᠠᠵᠤ ᠦᠢᠯᠡᠰ  ᠤᠨ ᠰᠠᠭᠤᠷᠢ ᠰᠠᠶᠢᠨ ᠂ ᠦᠢᠯᠡᠳᠬᠦᠨ  ᠤ ᠶᠠᠰᠤ ᠴᠢᠨᠠᠷ ᠥᠨᠳᠥᠷ ᠂ ᠰᠠᠭᠤᠷᠢ ᠢᠵᠢ ᠪᠦᠷᠢᠳᠦᠭᠰᠡᠨ  ᠨᠢ ᠴᠢᠩᠭ᠎ᠠ ᠂ ᠦᠢᠯᠡᠴᠢᠯᠡᠭᠡᠨ  ᠤ ᠪᠠᠲᠤᠯᠠᠭ᠎ᠠ ᠰᠢᠯᠢᠳᠡᠭ ᠪᠠᠶᠢᠨ᠎ᠠ ᠂ ᠲᠤᠰ ᠤᠳᠠᠭ᠎ᠠ  ᠶᠢᠨ ᠬᠠᠯᠠᠭᠤᠨ ᠲᠣᠭᠤᠭ᠎ᠠ ᠶᠢᠨ ᠠᠮᠲᠠᠲᠤ ᠢᠳᠡᠭᠡᠨ  ᠤ ᠨᠠᠶᠢᠷ ᠂ ᠲᠤᠰ ᠤᠳᠠᠭ᠎ᠠ  ᠶᠢᠨ ᠲᠤᠰᠬᠠᠢ ᠰᠡᠳᠦᠪᠲᠦ ᠲᠠᠨᠢᠯᠴᠠᠭᠤᠯᠭ᠎ᠠ  ᠪᠠᠷ ᠠᠵᠠ ᠲᠣᠬᠢᠶᠠᠯ ᠪᠣᠯᠭᠠᠵᠤ ᠂ ᠠᠵᠤ ᠦᠢᠯᠡᠰ  ᠤᠨ ᠬᠡᠯᠬᠢᠶ᠎ᠡ  ᠶᠢ ᠴᠢᠨᠠᠭᠰᠢᠳᠠ ᠤᠷᠲᠤᠳᠬᠠᠵᠤ ᠂ ᠰᠢᠨ᠎ᠡ  ᠶᠢ ᠡᠭᠦᠳᠬᠦ ᠬᠡᠯᠬᠢᠶ᠎ᠡ  ᠶᠢ ᠨᠥᠬᠦᠪᠦᠷᠢᠯᠡᠵᠦ ᠂ ᠦᠷᠳᠡᠭ  ᠤᠨ ᠬᠡᠯᠬᠢᠶ᠎ᠡ  ᠶᠢ ᠳᠡᠭᠡᠭᠰᠢᠯᠡᠭᠦᠯᠵᠦ ᠂ ᠮᠠᠯ ᠠᠵᠤ ᠠᠬᠤᠢ ᠲᠠᠷᠢᠶᠠᠯᠠᠩ  ᠤᠨ ᠠᠵᠤ ᠦᠢᠯᠡᠰ ᠤᠨ ᠨᠡᠩ ᠰᠠᠶᠢᠨ ᠨᠡᠩ ᠲᠦᠷᠭᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠃
      图片2.png
      ᠲᠣᠰ ᠤᠳᠠᠭᠠᠨ  ᠤ ᠲᠠᠨᠢᠯᠴᠠᠭᠤᠯᠭ᠎ᠠ ᠶᠢᠨ ᠬᠤᠷᠠᠯ  ᠳᠤ ᠪᠥᠬᠦ ᠤᠯᠤᠰ  ᠤᠨ ᠡᠯ᠎ᠡ ᠭᠠᠵᠠᠷ ᠤᠨ 30 ᠭᠠᠷᠤᠢ ᠨᠡᠶᠢᠭᠡᠮᠯᠢᠭ᠂ ᠠᠵᠤ ᠠᠬᠤᠶᠢᠯᠠᠯ ᠣᠷᠣᠯᠴᠠᠵᠤ᠂ ᠦᠵᠡᠰᠬᠦᠯᠡᠩ  ᠳᠤ ᠣᠷᠣᠯᠴᠠᠭᠰᠠᠨ ᠡᠯ᠎ᠡ ᠨᠢᠭᠡᠴᠢ᠂ ᠵᠤᠭᠠᠴᠠᠭᠰᠠᠳ  ᠤᠨ 200 ᠭᠠᠷᠤᠢ ᠬᠥᠮᠥᠨ ᠤᠳᠠᠭ᠎ᠠ  ᠶᠢᠨ ᠦᠵᠡᠭᠦᠯᠭᠡ ᠶᠢᠨ ᠲᠠᠨᠢᠯᠴᠠᠭᠤᠯᠭ᠎ᠠ  ᠶᠢᠨ ᠬᠤᠷᠠᠯ  ᠢ ᠲᠣᠭᠤᠷᠢᠨ ᠦᠵᠡᠪᠡ᠃ ︵ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠠᠴᠠ ᠡᠬᠡ ᠪᠢᠴᠢᠭ ᠬᠠᠩᠭᠠᠪᠠ︶  
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号