10 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ︽ᠪᠠᠷᠠᠭᠤᠨ ᠯᠢᠶᠣᠤ ᠾᠧ ᠭᠤᠣᠯ ᠤᠨ ᠬᠥᠪᠡᠭᠡᠨ | ᠳᠠᠬᠢ · ᠠᠪᠢᠶᠠᠰᠤᠯᠢᠭ ᠺᠠᠶᠢᠯᠦ︾ 2023 ᠣᠨ ᠤ ᠥᠪᠥᠷ ᠮᠣᠩᠭᠤᠯ ᠤᠨ ᠺᠠᠶᠢᠯᠦ ᠰᠢᠶᠠᠨ ᠪᠣᠬᠢᠷᠲᠤᠯ ᠦᠭᠡᠢ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠠᠷᠠᠭᠤᠨ ᠡᠮᠦᠨᠡᠲᠦ ᠣᠷᠣᠨ ᠳᠤ ᠣᠷᠣᠭᠤᠯᠬᠤ ᠶᠠᠷᠢᠯᠴᠠᠬᠤ ᠬᠤᠷᠠᠯ | ᠴᠦᠩᠴᠢᠩ ᠬᠤᠲᠠ ᠶᠢᠨ ᠰᠢᠶᠠᠨ ᠲᠤᠸ ᠣᠯᠠᠨ ᠤᠯᠤᠰ ᠤᠨ ᠲᠤᠭ᠎ᠠ ᠪᠠᠷᠢᠮᠲᠠ ᠶᠢᠨ ᠬᠥᠨᠳᠡᠢ ᠳᠤ ᠬᠤᠷᠠᠯᠳᠤᠪᠠ᠃ ᠰᠢᠶᠠᠨ | ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢᠦ ᠶᠠᠩ ᠶᠠᠷᠢᠯᠴᠠᠬᠤ ᠬᠤᠷᠠᠯ ᠳᠤ | ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠾᠧᠩ | ᠬᠤᠷᠠᠯ ᠡᠷᠭᠢᠯᠡᠪᠡ᠃ | | | | | | ᠯᠢᠦ ᠶᠠᠩ ᠵᠢᠭᠠᠭᠰᠠᠨ ᠨᠢ᠂ ᠺᠠᠶᠢᠯᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠲᠠᠯ᠎ᠠ ᠲᠠᠢ᠂ ᠬᠠᠷᠢᠴᠠᠭᠤᠯᠤᠭᠰᠠᠨ | ᠳᠠᠪᠠᠭᠤᠯᠢᠭ ᠳᠣᠪᠣᠶᠢᠮ᠎ᠠ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠰᠠᠶᠢᠨ᠂ ᠶᠠᠰᠤ ᠴᠢᠨᠠᠷ ᠰᠢᠯᠢᠳᠡᠭ᠂ ᠭᠠᠷᠤᠯᠲᠠ | ᠥᠨᠳᠥᠷ᠂ ᠬᠥᠭᠵᠢᠯᠲᠡ ᠶᠢᠨ ᠪᠠᠶᠢᠳᠠᠯ ᠴᠢᠩᠭ᠎ᠠ ᠬᠦᠴᠦᠲᠡᠢ᠂ ᠭᠡᠪᠡᠴᠦ ᠠᠵᠤ ᠦᠢᠯᠡᠰ ᠤᠨ ᠬᠡᠯᠬᠢᠶ᠎ᠡ ᠣᠬᠤᠷ᠂ ᠳᠡᠭᠡᠳᠦ | ᠲᠡᠰ ᠤᠨ ᠦᠢᠯᠡᠳᠬᠦᠨ ᠴᠥᠭᠡᠨ᠂ ᠨᠡᠮᠡᠯᠲᠡ ᠦᠷᠳᠡᠭ ᠥᠨᠳᠥᠷ ᠪᠢᠰᠢ ᠤᠴᠢᠷ ᠠᠴᠠ ᠲᠤᠰ ᠤᠳᠠᠭ᠎ᠠ ᠶᠢᠨ ᠶᠠᠷᠢᠯᠴᠠᠬᠤ | ᠬᠤᠷᠠᠯ ᠢᠶᠠᠷ ᠠᠵᠠ ᠲᠣᠬᠢᠶᠠᠯ ᠪᠣᠯᠭᠠᠵᠤ᠂ ᠵᠠᠰᠠᠭ ᠵᠠᠬᠢᠷᠭ᠎ᠠ ᠣᠷᠣᠨ ᠨᠤᠲᠤᠭ ᠠᠵᠤ ᠠᠬᠤᠶᠢᠯᠠᠯ ᠤᠨ ᠣᠯᠣᠯᠴᠠᠭ᠎ᠠ | ᠬᠠᠮᠲᠤᠷᠠᠯᠴᠠᠭᠠᠨ ᠤ ᠬᠥᠭᠦᠷᠭᠡ ᠪᠠᠶᠢᠭᠤᠯᠵᠤ᠂ ᠰᠢᠨ᠎ᠡ ᠣᠶᠢᠯᠠᠭᠠᠭᠳᠠᠬᠤᠨ᠂ ᠰᠢᠨ᠎ᠡ ᠵᠠᠭᠪᠤᠷ᠂ ᠰᠢᠨ᠎ᠡ ᠠᠵᠤ ᠦᠢᠯᠡᠰ᠂ | ᠰᠢᠨ᠎ᠡ ᠡᠵᠡᠩᠨᠡᠯᠲᠡ ᠶᠢᠨ ᠬᠡᠯᠪᠡᠷᠢ ᠶᠢ ᠺᠠᠶᠢᠯᠤ ᠳᠤ ᠠᠪᠴᠢᠷᠠᠵᠤ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ | ᠪᠣᠯᠪᠠᠰᠤᠷᠠᠭᠤᠯᠬᠤ᠂ ᠰᠢᠨ᠎ᠡ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠤᠳᠤ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠨᠡᠩ ᠶᠡᠭᠡ ᠬᠡᠪᠴᠢᠶ᠎ᠡ᠂ ᠨᠡᠩ ᠭᠦᠨ | ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ᠃ ᠺᠠᠶᠢᠯᠤ ᠰᠢᠶᠠᠨ ᠨᠡᠩ ᠢᠯᠡᠭᠦᠦ ᠬᠠᠷᠠᠭᠠᠯᠵᠠᠯ | ᠦᠵᠡᠭᠦᠯᠬᠦ ᠲᠦᠷᠦ ᠶᠢᠨ ᠪᠣᠳᠣᠯᠭ᠎ᠠ᠂ ᠨᠡᠩ ᠰᠢᠯᠢᠳᠡᠭ ᠦᠢᠯᠡᠴᠢᠯᠡᠭᠡ᠂ ᠨᠡᠩ ᠭᠤᠶᠤ ᠰᠠᠶᠢᠬᠠᠨ ᠣᠷᠴᠢᠨ ᠲᠣᠭᠤᠷᠢᠨ ᠤ | ᠪᠠᠲᠤᠯᠠᠪᠤᠷᠢ ᠶᠢᠨ ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠲᠦᠷᠭᠡᠨ ᠪᠠᠶᠢᠭᠤᠯᠵᠤ᠂ ᠰᠠᠶᠢᠲᠤᠷ ᠬᠥᠭᠵᠢᠭᠦᠯᠬᠦ ᠪᠣᠯᠣᠨ᠎ᠠ᠃ | ᠳᠤᠮᠳᠠᠳᠤ ᠤᠯᠤᠰ ᠤᠨ ᠲᠣᠯᠣᠭᠠᠶᠢᠯᠠᠭᠴᠢ ᠠᠵᠤ ᠠᠬᠤᠶᠢᠯᠠᠯ ᠤᠨ ᠨᠡᠶᠢᠭᠡᠮᠯᠢᠭ ᠤᠨ ᠯᠠᠵᠤᠤ ᠶᠢᠨ ᠲᠤᠰᠬᠠᠢ ᠵᠥᠪᠯᠡᠯ | ᠤᠨ ᠳᠠᠷᠤᠭ᠎ᠠ᠂ ᠺᠠᠶᠢᠯᠤ ᠶᠢᠨ ᠤᠯᠠᠭᠠᠨ ᠬᠠᠳᠠᠭᠠᠭᠰᠠᠨ ᠯᠠᠵᠤᠤ ᠶᠢᠨ ᠲᠠᠷᠢᠮᠠᠯ ᠤᠨ ᠦᠢᠯᠡᠰ ᠥᠨᠢ ᠤᠳᠠᠭᠠᠨ ᠲᠡᠦᠬᠡ ᠲᠠᠢ᠂ | ᠪᠦᠲᠦᠭᠡᠭᠳᠡᠬᠦᠨ ᠤ ᠶᠠᠰᠤ ᠴᠢᠨᠠᠷ ᠳᠠᠪᠠᠭᠤᠯᠢᠭ᠂ ᠠᠵᠤ ᠦᠢᠯᠡᠰ ᠤᠨ ᠢᠷᠡᠭᠡᠳᠦᠢ ᠥᠷᠭᠡᠨ ᠠᠭᠤᠳᠠᠮ ᠶᠤᠮ᠂ ᠺᠠᠶᠢᠯᠤ | ᠰᠢᠶᠠᠨ ᠯᠠᠵᠤᠤ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠶᠡᠬᠡᠪᠡᠷ ᠠᠬᠢᠭᠤᠯᠬᠤ ᠬᠡᠷᠡᠭᠲᠡᠢ᠂ ᠨᠡᠶᠢᠭᠡᠮᠯᠢᠭ᠂ | ᠬᠤᠳᠠᠯᠳᠤᠭᠠᠨ ᠤ ᠡᠪᠯᠡᠯ ᠥᠩᠭᠡᠷᠡᠭᠰᠡᠨ ᠲᠠᠢ ᠪᠠᠨ ᠠᠳᠠᠯᠢ ᠪᠠᠷ ᠺᠠᠶᠢᠯᠤ ᠶᠢ ᠬᠠᠯᠠᠮᠵᠢᠯᠠᠨ ᠳᠡᠮᠵᠢᠵᠦ᠂ ᠪᠦᠬᠦ ᠤᠯᠤᠰ ᠤᠨ | ᠯᠠᠵᠤᠤ ᠶᠢᠨ ᠠᠵᠤ ᠦᠢᠯᠡᠰ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ ᠬᠤᠷᠠᠯ | ᠳᠤ ᠣᠷᠣᠯᠴᠠᠭᠰᠠᠨ ᠬᠦᠨᠳᠦᠲᠦ ᠵᠣᠴᠢᠳ ᠪᠣᠯᠣᠨ ᠠᠵᠤ ᠠᠬᠤᠶᠢᠯᠠᠯᠲᠠᠳ ᠢᠯᠡᠷᠬᠡᠶᠢᠯᠡᠭᠰᠡᠨ ᠨᠢ᠂ ᠤᠯᠠᠭᠠᠨ ᠬᠠᠳᠠᠭᠠᠭᠰᠠᠨ | ᠯᠠᠵᠤᠤ᠂ ᠠᠯᠠᠰᠢᠨ ᠦᠬᠡᠷ᠂ ᠵᠢᠮᠢᠰ ᠢᠶᠠᠷ ᠲᠥᠯᠥᠭᠡᠯᠡᠭᠦᠯᠦᠭᠰᠡᠨ ᠺᠠᠶᠢᠯᠤ ᠶᠢᠨ ᠣᠨᠴᠠᠯᠢᠭᠲᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠨᠢ ᠲᠣᠪᠣᠶᠢᠮ᠎ᠠ ᠳᠠᠪᠠᠭᠤᠯᠢᠭ ᠣᠨᠴᠠᠯᠢᠭ ᠲᠠᠢ ᠪᠠᠶᠢᠵᠤ᠂ ᠠᠮᠲᠠ ᠣᠷᠣᠭᠤᠯᠬᠤ ᠡᠳ᠋ | ᠪᠣᠯᠪᠠᠰᠤᠷᠠᠭᠤᠯᠬᠤ᠂ ᠮᠢᠬᠠᠨ ᠢᠳᠡᠭᠡᠨ ᠤ ᠬᠠᠩᠭᠠᠯᠭ᠎ᠠ᠂ ᠬᠦᠢᠲᠡᠨ ᠬᠡᠯᠬᠢᠶᠡᠲᠦ ᠬᠥᠮᠥᠷᠭᠡᠯᠡᠯᠲᠡ ᠡᠳ᠋ ᠪᠠᠷᠠᠭᠠᠨ ᠤ ᠭᠦᠢᠯᠭᠡᠭᠡ | ᠵᠡᠷᠭᠡ ᠲᠠᠯ᠎ᠠ ᠪᠠᠷ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠪᠠᠶᠢᠳᠠᠭ᠂ ᠣᠶᠢᠷ᠎ᠠ ᠶᠢᠨ ᠬᠤᠭᠤᠴᠠᠭᠠᠨ ᠳᠤ | ᠺᠠᠶᠢᠯᠤ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠨᠠᠩ ᠣᠯᠠᠨ ᠬᠥᠭᠵᠢᠯᠲᠡ ᠶᠢᠨ ᠬᠠᠮᠲᠤᠷᠠᠯᠴᠠᠭ᠎ᠠ ᠶᠢ ᠡᠷᠢᠯᠬᠢᠯᠡᠵᠦ᠂ | ᠬᠥᠭᠵᠢᠯᠲᠡ ᠶᠢ ᠬᠠᠮᠲᠤ ᠪᠠᠷ ᠰᠦᠪᠡᠭᠴᠢᠯᠡᠵᠦ᠂ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ᠃ | ᠬᠤᠷᠠᠯ ᠳᠡᠭᠡᠷ᠎ᠡ ᠪᠠᠰᠠ ᠴᠦᠩᠴᠢᠩ ᠬᠤᠳᠠ · ᠺᠠᠶᠢᠯᠤ ᠰᠢᠶᠠᠨ ᠤ ᠯᠠᠵᠤᠤ ᠶᠢᠨ ᠲᠤᠰᠬᠠᠢ ᠮᠡᠷᠭᠡᠵᠢᠯᠲᠡᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠷᠳᠡᠭᠡ ᠪᠠᠶᠢᠭᠤᠯᠤᠭᠳᠠᠬᠤ ᠶᠣᠰᠣᠯᠠᠯ ᠶᠠᠪᠤᠭᠤᠯᠵᠤ᠂ ᠯᠢᠦ ᠶᠠᠩ | ᠲᠤᠰᠬᠠᠢ ᠮᠡᠷᠭᠡᠵᠢᠯᠲᠡᠨ ᠤ ᠲᠥᠯᠥᠭᠡᠯᠡᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ | | | | | | ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠴᠧᠨ ᠡᠾᠧᠩ ᠱᠠᠩᠬᠠᠢ ᠶᠢᠨ ᠰᠢᠶᠠᠨ ᠹᠧᠩ ᠲᠠᠷᠢᠶᠠᠯᠠᠩ ᠤᠨ | ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠠᠮᠢᠳᠤ ᠪᠣᠳᠠᠰ ᠤᠨ ᠪᠠᠺᠲ᠋ᠧᠷᠢᠲᠦ ᠪᠣᠷᠳᠣᠭᠤᠷ ᠦᠢᠯᠡᠳᠪᠦᠷᠢᠯᠡᠵᠦ ᠡᠳ᠋ᠰᠢᠭᠦᠯᠬᠦ | ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠰᠢᠶᠠᠨ ᠤ ᠯᠠᠵᠤᠤ ᠦᠢᠯᠡᠳᠪᠦᠷᠢᠯᠡᠵᠦ ᠪᠣᠷᠣᠯᠠᠭᠤᠯᠬᠤ | ᠨᠡᠶᠢᠭᠡᠮᠯᠢᠭ ᠨᠢ ᠴᠦᠩᠴᠢᠩ ᠬᠤᠳᠠ ᠶᠢᠨ ᠬᠠᠲᠠᠭᠠᠭᠰᠠᠨ ᠯᠠᠵᠤᠤ ᠪᠣᠷᠣᠯᠠᠭᠤᠯᠬᠤ ᠨᠡᠶᠢᠭᠡᠮᠯᠢᠭ᠂ ᠲᠢᠶᠠᠨᠵᠢᠨ ᠤ ᠨᠢᠩ ᠡᠾᠧ | ᠶᠢᠨ ᠶᠤᠸᠠᠢ ᠴᠤᠸᠠᠨ ᠢᠳᠡᠭᠡᠨ ᠤ ᠬᠢᠵᠠᠭᠠᠷᠲᠤ ᠺᠣᠮᠫᠠᠨᠢ ᠲᠠᠢ ᠬᠠᠲᠠᠭᠠᠭᠰᠠᠨ ᠯᠠᠵᠤᠤ ᠬᠤᠳᠠᠯᠳᠤᠨ ᠠᠪᠬᠤ ᠪᠣᠷᠣᠯᠠᠭᠤᠯᠬᠤ | ᠬᠠᠮᠲᠤᠷᠠᠯᠴᠠᠭᠠᠨ ᠤ ᠵᠥᠪᠯᠡᠯᠴᠡᠭᠡᠷ ᠪᠣᠯᠣᠨ ᠯᠠᠵᠤᠤ ᠬᠤᠳᠠᠯᠳᠤᠨ ᠠᠪᠬᠤ ᠪᠣᠷᠣᠯᠠᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ | ᠲᠣᠭᠲᠠᠪᠠ᠃ | | | | | | ᠲᠤᠰ ᠤᠳᠠᠭᠠᠨ ᠤ ᠶᠠᠷᠢᠯᠴᠠᠬᠤ ᠬᠤᠷᠠᠯ ᠳᠤ ᠳᠤᠮᠳᠠᠳᠤ ᠤᠯᠤᠰ ᠤᠨ ᠲᠣᠯᠣᠭᠠᠶᠢᠯᠠᠭᠴᠢ ᠠᠵᠤ ᠠᠬᠤᠶᠢᠯᠠᠯ ᠤᠨ | ᠨᠡᠶᠢᠭᠡᠮᠯᠢᠭ ᠤᠨ ᠯᠠᠵᠤᠤ ᠶᠢᠨ ᠲᠤᠰᠬᠠᠢ ᠵᠥᠪᠯᠡᠯ᠂ ᠱᠠᠨᠳᠦ᠋ᠩ ᠤᠨ ᠯᠠᠵᠤᠤ ᠶᠢᠨ ᠨᠡᠶᠢᠭᠡᠮᠯᠢᠭ᠂ ᠴᠦᠩᠴᠢᠩ ᠤᠨ ᠯᠠᠵᠤᠤ | ᠶᠢᠨ ᠨᠡᠶᠢᠭᠡᠮᠯᠢᠭ᠂ ᠽᠦᠨ ᠯᠠ ᠪᠦᠯᠦᠭᠯᠡᠯ᠂ ᠱᠠᠩᠬᠠᠢ ᠶᠢᠨ ᠰᠢᠶᠠᠨ ᠹᠧᠩ ᠲᠠᠷᠢᠶᠠᠯᠠᠩ᠂ ᠨᠢᠩ ᠾᠧ ᠶᠢᠨ ᠶᠤᠸᠠᠢ ᠴᠤᠸᠠᠨ | ᠵᠡᠷᠭᠡ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠡᠷᠭᠡ 50 ᠭᠠᠷᠤᠢ | ᠬᠥᠮᠥᠨ ᠣᠷᠣᠯᠴᠠᠪᠠ᠃ | ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠂ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠯᠦ ᠱᠧᠩ ᠺᠣᠮᠫᠠᠨᠢ᠂ ᠯᠦ ᠨᠦᠩ | ᠺᠣᠮᠫᠠᠨᠢ᠂ ᠯᠦ ᠶᠤᠸᠠᠨ ᠺᠣᠮᠫᠠᠨᠢ᠂ ᠯᠠᠵᠤᠤ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠡᠶᠢᠭᠡᠮᠯᠢᠭ ᠵᠡᠷᠭᠡ ᠰᠠᠯᠠᠭ᠎ᠠ ᠮᠥᠴᠢᠷ | ᠂ ᠨᠡᠶᠢᠭᠡᠮᠯᠢᠭ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ ︵ | ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠠᠴᠠ ᠡᠬᠡ ᠪᠢᠴᠢᠭ ᠬᠠᠩᠭᠠᠪᠠ︶ | |