ᠮᠠᠨ ᠤ ᠰᠢᠶᠠᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠶᠢᠨ ᠪᠦᠯᠬᠦᠮ ᠴᠦᠩᠴᠢᠩ ᠤᠨ ᠬᠠᠯᠠᠭᠤᠨ ᠲᠣᠭᠤᠭᠠᠨ ᠤ ᠪᠠᠶᠠᠷ ᠲᠤ ᠦᠵᠡᠰᠬᠦᠯᠡᠩ ᠳᠤ ᠣᠷᠣᠯᠴᠠᠪᠠ
ᠨᠡᠶᠢᠲᠡᠯᠡᠭᠰᠡᠨ ᠴᠠᠭ᠄
2023/10/30
      10 ᠰᠠᠷ᠎ᠠ ᠶᠢᠨ 27 ᠤ ᠡᠳᠦᠷ᠂ ᠠᠷᠪᠠᠨ ᠲᠠᠪᠤᠳᠤᠭᠠᠷ ᠬᠤᠭᠤᠴᠠᠭᠠᠨ ᠤ ᠴᠦᠩᠴᠢᠩ ᠤᠨ ᠬᠠᠯᠠᠭᠤᠨ ᠲᠣᠭᠤᠭ᠎ᠠ ᠶᠢᠨ ᠠᠮᠲᠠᠲᠤ ᠢᠳᠡᠭᠡᠨ ᠤ ᠨᠠᠶᠢᠷ ᠴᠦᠩᠴᠢᠩ  ᠤᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ ᠦᠪᠡᠳᠡᠭᠰᠢ ᠶᠡᠭᠡ ᠪᠠᠷ ᠡᠬᠢᠯᠡᠪᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢᠦ ᠶᠠᠩ ᠪᠦᠯᠬᠦᠮ ᠳᠠᠭᠠᠭᠤᠯᠤᠨ ᠦᠵᠡᠰᠬᠦᠯᠡᠩ ᠳᠤ ᠣᠷᠣᠯᠴᠠᠵᠤ᠂ ᠦᠵᠡᠰᠬᠦᠯᠡᠩ ᠳᠤ ᠣᠷᠣᠯᠴᠠᠭᠰᠠᠨ ᠪᠥᠬᠦ ᠤᠯᠤᠰ ᠤᠨ ᠦᠵᠡᠭᠴᠢᠳ ᠲᠤ ᠮᠠᠨ ᠤ ᠰᠢᠶᠠᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢᠶᠠᠨ ᠳᠡᠯᠭᠡᠨ ᠦᠵᠡᠭᠦᠯᠪᠡ᠃ ᠰᠢᠶᠠᠨ  ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠡᠾᠧᠩ᠂ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠂ ᠣᠷᠣᠨ ᠪᠦᠰᠡ  ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠂ ᠯᠦ ᠱᠧᠩ ᠺᠣᠮᠫᠠᠨᠢ ᠂ ᠯᠦ ᠨᠦᠩ ᠺᠣᠮᠫᠠᠨᠢ ᠂ ᠯᠦ ᠶᠤᠸᠠᠨ ᠺᠣᠮᠫᠠᠨᠢ ᠵᠢᠴᠢ ᠬᠡᠰᠡᠭ ᠪᠠᠯᠭᠠᠰᠤ ᠲᠠᠯᠠᠪᠠᠢ ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠠᠮᠲᠤᠪᠠᠷ ᠦᠵᠡᠰᠬᠦᠯᠡᠩ ᠳᠤ ᠣᠷᠣᠯᠴᠠᠪᠠ᠃
      图片11.png
      ᠴᠦᠩᠴᠢᠩ ᠤᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ᠂ ᠮᠠᠨ ᠤ ᠰᠢᠶᠠᠨ ᠤ ᠦᠵᠡᠭᠦᠯᠭᠡ ᠳᠤ ᠣᠷᠣᠯᠴᠠᠬᠤ ᠪᠦᠯᠬᠦᠮ ᠤᠨ ᠬᠢᠨ ︽ᠪᠠᠷᠠᠭᠤᠨ ᠯᠢᠶᠣᠤ ᠾᠧ ᠭᠤᠣᠯ  ᠤᠨ ᠬᠥᠪᠡᠭᠡ᠂ ᠠᠪᠢᠶᠠᠰᠤᠯᠢᠭ ᠺᠠᠶᠢᠯᠤ︾  ᠶᠢᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠶᠢᠨ ᠲᠣᠭᠤᠷᠢᠭ  ᠢ ᠨᠠᠷᠢᠨ ᠨᠢᠮᠪᠠᠢ ᠪᠠᠶᠢᠭᠤᠯᠵᠤ᠂ ᠨᠡᠶᠢᠲᠡ 4 ᠲᠥᠷᠥᠯ ᠤᠨ 10 ᠦᠵᠡᠭᠦᠯᠭᠡ ᠶᠢᠨ ᠣᠷᠣ ᠭᠠᠷᠭᠠᠵᠤ᠂ ᠤᠯᠠᠭᠠᠨ ᠬᠠᠳᠠᠭᠠᠭᠰᠠᠨ ᠯᠠᠵᠤᠤ᠂ ᠯᠠᠵᠤᠤ  ᠶᠢᠨ ᠵᠢᠶᠠᠩ᠂ ᠯᠠᠵᠤᠤ ᠶᠢᠨ ᠨᠤᠨᠳᠠᠭ᠂ ᠠᠮᠲᠠ ᠣᠷᠣᠭᠤᠯᠬᠤ ᠡᠳ᠋᠂ ᠦᠬᠡᠷ ᠬᠤᠨᠢᠨ ᠮᠢᠬ᠎ᠠ ᠵᠢᠴᠢ ᠳᠠᠭᠠᠯᠲᠠ ᠪᠦᠲᠦᠭᠡᠭᠳᠡᠬᠦᠨ᠂ ᠠᠷᠤᠷᠠᠯᠢᠭ  ᠵᠢᠮᠢᠰ᠂ ᠰᠢᠨ᠎ᠡ ᠰᠣᠷᠭᠤᠭ ᠡᠷᠳᠡᠨᠢ ᠰᠢᠰᠢ᠂ ᠰᠧᠯᠧᠨ ᠡᠯᠪᠡᠭ ᠲᠠᠷᠢᠶᠠᠯᠠᠩ ᠤᠨ ᠪᠦᠲᠦᠭᠡᠭᠳᠡᠬᠦᠨ᠂ ᠴᠠᠭᠠᠨ ᠢᠳᠡᠭᠡ᠂ ᠪᠤᠷᠴᠠᠭ ᠤᠨ ᠪᠤᠤᠰᠠ ᠵᠡᠷᠭᠡ 70 ᠭᠠᠷᠤᠢ ᠵᠦᠢᠯ  ᠤᠨ ᠮᠠᠨ ᠤ ᠰᠢᠶᠠᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ  ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠦᠵᠡᠰᠬᠦᠯᠡᠩ  ᠳᠤ ᠣᠷᠣᠯᠴᠠᠭᠰᠠᠨ ᠮᠠᠰᠢ ᠣᠯᠠᠨ ᠠᠵᠤ ᠠᠬᠤᠶᠢᠯᠠᠯ  ᠤᠨ ᠠᠩᠬᠠᠷᠤᠯ ᠢ ᠲᠠᠲᠠᠵᠤ᠂ ᠵᠤᠭᠠᠴᠠᠭᠰᠠᠳ ᠤᠨ ᠪᠡᠶ᠎ᠡ ᠪᠠᠷ ᠢᠶᠠᠨ ᠴᠢᠨᠠᠷ ᠰᠠᠶᠢᠲᠠᠢ ᠺᠠᠶᠢᠯᠤ  ᠶᠢᠨ ᠠᠮᠲᠠ  ᠶᠢ ᠣᠶᠢᠯᠠᠭᠠᠵᠤ᠂ ᠠᠮᠲᠠᠯᠠᠵᠤ᠂ ᠪᠡᠶ᠎ᠡ ᠪᠠᠷ ᠢᠶᠠᠨ ᠮᠡᠳᠡᠷᠡᠵᠦ ᠪᠠᠶᠢᠨ᠎ᠠ᠃ 27  ᠤ ᠡᠳᠦᠷ ᠂ ᠨᠡᠶᠢᠳᠡ 2000 ᠭᠠᠷᠤᠢ ᠬᠥᠮᠥᠨ ᠤᠳᠠᠭ᠎ᠠ ᠶᠢ ᠬᠦᠯᠢᠶᠡᠨ ᠠᠪᠴᠤ ᠂ ᠠᠩᠬ᠎ᠠ ᠠᠯᠬᠤᠮ ᠤᠨ ᠬᠠᠩᠭᠠᠨ ᠪᠣᠷᠣᠯᠠᠭᠤᠯᠬᠤ ᠰᠠᠨᠠᠮᠵᠢ ᠶᠢ 40 ᠬᠤᠪᠢ ᠲᠣᠬᠢᠷᠠᠯᠴᠠᠪᠠ᠃
      图片12.png
      ᠯᠢᠦ ᠶᠠᠩ ᠨᠠᠷ ᠪᠠᠰᠠ ᠪᠤᠰᠤᠳ ᠭᠠᠵᠠᠷ ᠣᠷᠣᠨ᠂ ᠠᠵᠤ ᠠᠬᠤᠶᠢᠯᠠᠯ ᠤᠨ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠡᠯ᠎ᠡ ᠭᠠᠵᠠᠷ  ᠤᠨ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ  ᠶᠢᠨ ᠪᠦᠲᠦᠭᠡᠭᠳᠡᠬᠦᠨ  ᠤ ᠲᠠᠷᠢᠮᠠᠯ  ᠤᠨ ᠵᠠᠭᠪᠤᠷ᠂ ᠨᠠᠷᠢᠯᠢᠭ ᠡᠳ᠋ᠰᠢᠭᠦᠯᠭᠡ᠂ ᠢᠳᠡᠭᠡᠨ  ᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠪᠣᠷᠤᠯᠠᠭᠤᠯᠭ᠎ᠠ ᠬᠠᠩᠭᠠᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ᠂ ᠬᠠᠮᠢᠶ᠎ᠠ ᠪᠦᠬᠦᠢ ᠠᠵᠤ ᠠᠬᠤᠶᠢᠯᠠᠯ  ᠳᠤ ᠺᠠᠶᠢᠯᠤ  ᠶᠢᠨ ᠤᠯᠠᠭᠠᠨ ᠬᠠᠳᠠᠭᠠᠭᠰᠠᠨ ᠯᠠᠵᠤᠤ᠂ ᠠᠷᠤᠷᠠᠯᠢᠭ ᠵᠢᠮᠢᠰ᠂ ᠠᠯᠠᠰᠢᠨ ᠦᠬᠡᠷ ᠵᠡᠷᠭᠡ ᠣᠨᠴᠠᠯᠢᠭᠲᠤ ᠲᠠᠷᠢᠶᠠᠯᠠᠩ  ᠤᠨ ᠪᠦᠲᠦᠭᠡᠭᠳᠡᠬᠦᠨ ᠢ ᠲᠠᠨᠢᠯᠴᠠᠭᠤᠯᠵᠤ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠲᠠᠷᠢᠶᠠᠯᠠᠩ ᠮᠠᠯ ᠠᠵᠤ ᠠᠬᠤᠢ  ᠶᠢᠨ ᠠᠵᠤ ᠦᠢᠯᠡᠰ  ᠤᠨ ᠪᠠᠷᠢᠮᠵᠢᠶᠠᠵᠢᠯᠲᠠ᠂ ᠬᠡᠪᠴᠢᠶᠡᠵᠢᠯᠲᠡ᠂ ᠣᠳᠣᠬᠢᠴᠢᠯᠠᠯᠲᠠ ᠶᠢᠨ ᠬᠥᠭᠵᠢᠯᠲᠡ ᠶᠢᠨ ᠵᠠᠭᠪᠤᠷ ᠢ ᠭᠦᠨᠵᠡᠭᠡᠢ ᠰᠤᠳᠤᠯᠤᠨ ᠶᠠᠷᠢᠯᠴᠠᠬᠤ  ᠶᠢᠨ ᠬᠠᠮᠲᠤ᠂ ᠠᠩᠬ᠎ᠠ ᠠᠯᠬᠤᠮ ᠤᠨ ᠬᠠᠮᠲᠤᠷᠠᠯᠴᠠᠭᠠᠨ ᠤ 3 ᠰᠠᠨᠠᠮᠵᠢ ᠲᠠᠢ ᠪᠣᠯᠪᠠ᠃
      图片13.png
      ᠣᠶᠢᠯᠠᠭᠠᠭᠰᠠᠨ ᠢᠶᠠᠷ᠂ ᠲᠣᠰ ᠤᠳᠠᠭᠠᠨ ᠤ ᠴᠦᠩᠴᠢᠩ ᠤᠨ ᠬᠠᠯᠠᠭᠤᠨ ᠲᠣᠭᠤᠭ᠎ᠠ ᠶᠢᠨ ᠠᠮᠲᠠᠲᠤ ᠢᠳᠡᠭᠡᠨ ᠤ ᠨᠠᠶᠢᠷ  ᠨᠢ ᠪᠥᠬᠦ ᠤᠯᠤᠰ ᠤᠨ ᠬᠡᠪᠴᠢᠶ᠎ᠡ  ᠪᠠᠷ ᠬᠠᠮᠤᠭ  ᠤᠨ ᠶᠡᠭᠡ᠂ ᠦᠵᠡᠭᠦᠯᠭᠡ ᠶᠢᠨ ᠵᠦᠢᠯ ᠢᠶᠠᠷ ᠬᠠᠮᠤᠭ ᠤᠨ ᠪᠦᠷᠢᠨ᠂ ᠨᠥᠯᠥᠭᠡᠯᠡᠬᠦ ᠬᠦᠴᠦᠨ ᠢᠶᠠᠷ ᠬᠠᠮᠤᠭ ᠤᠨ ᠥᠷᠭᠡᠨ ᠬᠠᠯᠠᠭᠤᠨ ᠲᠣᠭᠤᠭ᠎ᠠ  ᠶᠢᠨ ᠠᠵᠤ ᠦᠢᠯᠡᠰ ᠤᠨ ᠦᠵᠡᠰᠬᠦᠯᠡᠩ ᠤᠨ ᠴᠤᠭᠯᠠᠭᠠᠨ ᠪᠣᠯᠤᠭᠰᠠᠨ ᠤ ᠬᠤᠪᠢ ᠳᠤ᠂ 10 ᠲᠦᠮᠡᠨ ᠲᠡᠭᠰᠢ ᠳᠥᠷᠪᠡᠯᠵᠢᠨ ᠮᠧᠲᠷ  ᠤᠨ ᠲᠠᠯᠠᠪᠠᠶ  ᠶᠢ ᠳᠡᠯᠭᠡᠨ ᠦᠵᠡᠭᠦᠯᠵᠦ ᠂ ᠪᠥᠬᠦ ᠤᠯᠤᠰ ᠤᠨ 1000 ᠭᠠᠷᠤᠢ ᠬᠠᠯᠠᠭᠤᠨ ᠲᠣᠭᠤᠭ᠎ᠠ ᠶᠢᠨ ᠠᠵᠤ ᠦᠢᠯᠡᠰ ᠤᠨ ᠬᠡᠯᠬᠢᠶᠡᠵᠢᠭᠰᠡᠨ ᠠᠵᠤ ᠠᠬᠤᠶᠢᠯᠠᠯ ᠢ ᠴᠤᠭᠯᠠᠭᠤᠯᠤᠨ᠂ 50000 ᠭᠠᠷᠤᠢ ᠲᠥᠷᠥᠯ  ᠤᠨ ᠬᠠᠯᠠᠭᠤᠨ ᠲᠣᠭᠤᠭ᠎ᠠ ᠶᠢᠨ ᠣᠨᠴᠠᠯᠢᠭᠲᠤ ᠦᠢᠯᠡᠳᠬᠦᠨ ᠢ ᠳᠡᠯᠭᠡᠨ ᠦᠵᠡᠭᠦᠯᠪᠡ᠃ ︵ ᠪᠢ ᠯᠧ ᠲᠤᠤ ᠂ ᠶᠠᠩ ᠬᠦᠢ ᠴᠢᠶᠠᠩ ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号