ᠶᠠᠨᠲ᠋ᠠᠢ ᠶᠢᠨ ᠹᠠᠩ ᠴᠧᠨ ᠬᠢᠮᠢ ᠶᠢᠨ ᠮᠠᠲ᠋ᠧᠷᠢᠶᠠᠯ ᠤᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠮᠠᠨ ᠤ ᠰᠢᠶᠠᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/11/15
      11 ᠰᠠᠷ᠎ᠠ ᠶᠢᠨ 13 ᠤ ᠡᠳᠦᠷ ᠂ ᠶᠠᠨᠲ᠋ᠠᠢ ᠶᠢᠨ ᠹᠠᠩ ᠴᠧᠨ ᠬᠢᠮᠢ ᠶᠢᠨ ᠮᠠᠲ᠋ᠧᠷᠢᠶᠠᠯ ᠤᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠢᠢ ᠹᠦ᠋ ᠴᠦᠨ ᠨᠠᠷ ᠮᠠᠨ ᠤ ᠰᠢᠶᠠᠨ ᠳᠤ ᠢᠷᠡᠵᠦ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠾᠧᠩ ᠬᠠᠮᠲᠤ ᠪᠠᠷ ᠰᠢᠨᠵᠢᠯᠡᠨ ᠪᠠᠶᠢᠴᠠᠭᠠᠪᠠ᠃
      图片13.png
      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠂ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠲᠦᠩᠯᠢᠶᠣᠣ ᠶᠢᠨ ᠺᠠᠶᠢᠯᠤ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠨᠡᠬᠡᠬᠡᠯᠲᠡ ᠶᠢᠨ ᠲᠤᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠤᠳᠤ ᠶᠢᠨ ᠪᠠᠶᠢᠭ᠎ᠠ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠴᠧᠨ ᠾᠧᠩ ᠲᠦᠩᠯᠢᠶᠣᠣ ᠶᠢᠨ ᠺᠠᠶᠢᠯᠤ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠨᠡᠬᠡᠬᠡᠯᠲᠡ ᠶᠢᠨ ᠲᠤᠭᠤᠷᠢᠭ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠂ ᠡᠨᠧᠷᠭᠢ ᠶᠢᠨ ᠪᠠᠲᠤᠯᠠᠭ᠎ᠠ ᠵᠢᠴᠢ ᠪᠣᠬᠢᠷᠲᠤᠯ ᠬᠠᠶᠠᠭᠳᠠᠮᠠᠯ ᠪᠣᠳᠠᠰ ᠢ ᠰᠢᠢᠳᠪᠦᠷᠢᠯᠡᠭᠰᠡᠨ ᠵᠡᠷᠭᠡ ᠪᠠᠶᠢᠳᠠᠯ ᠢ ᠨᠠᠷᠢᠨ ᠲᠠᠨᠢᠯᠴᠠᠭᠤᠯᠪᠠ᠃
      图片14.png
      ᠶᠠᠷᠢᠯᠴᠠᠬᠤ ᠬᠤᠷᠠᠯ ᠳᠡᠭᠡᠷ᠎ᠡ ᠂ ᠬᠤᠶᠠᠷ ᠲᠠᠯ᠎ᠠ ᠪᠠᠷ ᠢᠶᠠᠨ ᠴᠢᠨᠠᠷ ᠴᠢᠨᠰᠠᠭ᠎ᠠ ᠶᠢ ᠥᠭᠡᠷᠡᠴᠢᠯᠡᠬᠦ ᠰᠦᠯᠢᠶᠥᠦ ᠨᠡᠮᠡᠯᠲᠡ ᠡᠳ᠋ ᠤᠨ ᠲᠦᠷᠦᠯ ᠵᠦᠢᠯ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠂ ᠦᠢᠯᠡᠳᠪᠦᠷᠢᠯᠡᠯ ᠤᠨ ᠤᠷᠠᠯᠠᠯ ᠂ ᠠᠦ᠋ᠲ᠋ᠣᠴᠢᠯᠠᠭᠰᠠᠨ ᠲᠥᠬᠦᠭᠡᠷᠦᠮᠵᠢ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ ᠂ ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠤᠷᠢᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠭᠴᠢ ᠠᠴᠠ ᠲᠦᠷᠦᠯ ᠵᠦᠢᠯ ᠤᠨ ᠪᠣᠯᠣᠮᠵᠢᠲᠤ ᠴᠢᠨᠠᠷ ᠤᠨ ᠲᠤᠬᠠᠢ ᠰᠤᠳᠤᠯᠤᠨ ᠮᠠᠭᠠᠳᠯᠠᠯᠲᠠ ᠬᠢᠪᠡ︔ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠠᠵᠤ ᠦᠢᠯᠡᠰ ᠤᠨ ᠬᠥᠭᠵᠢᠯᠲᠡ ᠶᠢᠨ ᠪᠦᠯᠦᠭᠵᠢᠯ ᠤᠨ ᠲᠥᠪᠯᠡᠷᠡᠭᠰᠡᠨ ᠳᠠᠪᠠᠭᠤᠯᠢᠭ ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠳᠡᠭᠡᠳᠦ ᠬᠡᠮᠵᠢᠶ᠎ᠡ ᠪᠠᠷ ᠦᠨᠡᠯᠡᠪᠡ ᠃ ᠳᠠᠷᠠᠭᠠᠴᠢ ᠶᠢᠨ ᠠᠯᠬᠤᠮ ᠳᠤ ᠂ ᠬᠤᠶᠠᠷ ᠲᠠᠯ᠎ᠠ ᠪᠠᠷ ᠢᠶᠠᠨ ᠴᠢᠨᠠᠷ ᠢ ᠥᠭᠡᠷᠡᠴᠢᠯᠡᠬᠦ ᠰᠦᠯᠢᠶᠥᠦ ᠶᠢᠨ ᠲᠦᠷᠦᠯ ᠵᠦᠢᠯ ᠤᠨ ᠲᠣᠭᠤᠷᠢᠨ ᠳᠤ ᠬᠡᠯᠡᠯᠴᠡᠭᠡ ᠬᠢᠨ᠎ᠡ᠃ ︵ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠡᠬᠡ ᠪᠢᠴᠢᠭ ᠬᠠᠩᠭᠠᠪᠠ︶  
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号