ᠰᠤᠷᠪᠤᠯᠵᠢᠯᠠᠬᠰᠠᠨ ᠴᠠᠭ᠄ 2023 ᠣᠨ ᠤ 11 ᠰᠠᠷ᠎ᠠ ᠶᠢᠨ 17 ᠤ ᠡᠳᠦᠷ | ᠰᠤᠷᠪᠤᠯᠵᠢᠯᠠᠭᠰᠠᠨ ᠵᠣᠴᠢᠨ᠄ ᠺᠠᠶᠢᠯᠤ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ ᠫᠠᠨ ᠰᠢᠤᠸᠠᠢ ᠸᠧᠨ | ᠭᠤᠤᠯ ᠠᠭᠤᠯᠭ᠎ᠠ᠄ ᠵᠡᠮᠳᠡᠭᠴᠦᠳ ᠪᠣᠯ ᠨᠢᠭᠡᠨ ᠣᠨᠴᠠᠭᠠᠶ ᠬᠦᠴᠢᠷᠳᠡᠯ ᠲᠠᠢ ᠬᠠᠮᠲᠤᠯᠢᠭ ᠮᠥᠨ ᠪᠣᠯᠬᠤᠷ | ᠣᠨᠴᠠᠭᠠᠶ ᠠᠩᠬᠠᠷᠤᠯ ᠬᠠᠷᠠᠭᠠᠯᠵᠠᠯ ᠦᠵᠡᠭᠦᠯᠬᠦ ᠬᠡᠷᠡᠭᠲᠡᠢ᠃ ᠥᠷᠭᠡᠨ ᠤᠯᠠᠨ ᠵᠡᠮᠳᠡᠭᠴᠦᠳ ᠢ ᠠᠮᠤᠷ ᠲᠠᠶᠢᠪᠤᠩ ᠠᠵᠤ | ᠲᠦᠷᠦᠵᠤ ᠂ ᠢᠳᠡᠵᠦ ᠡᠮᠦᠰᠬᠦ ᠳᠡᠭᠡᠨ ᠵᠣᠪᠠᠭ᠋ᠤ ᠦᠭᠡᠢ ᠂ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠭᠤᠯᠬᠤ ᠪᠣᠯ | ᠮᠠᠨ ᠤ ᠨᠠᠮ ᠤᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ | ᠴᠢᠬᠤᠯᠠ ᠢᠯᠡᠷᠡᠯ ᠮᠥᠨ ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠵᠠᠶᠢᠯᠠᠰᠢ ᠦᠭᠡᠢ ᠱᠠᠭᠠᠷᠳᠠᠯᠭ᠎ᠠ | ᠮᠥᠨ ᠃ | | ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ ᠡᠨᠡ ᠪᠣᠯ ᠺᠠᠶᠢᠯᠤ | ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠶᠢᠨ ᠫᠷᠣᠭ᠍ᠷᠠᠮ ᠪᠣᠯᠣᠨ᠎ᠠ᠃ | ᠪᠢᠳᠡᠨ ᠤ ᠤᠷᠢᠵᠤ ᠠᠪᠴᠢᠷᠠᠭᠰᠠᠨ ᠰᠣᠷᠪᠤᠯᠵᠢᠯᠠᠭ᠎ᠠ ᠶᠢᠨ ᠵᠣᠴᠢᠨ ᠪᠣᠯ ᠺᠠᠶᠢᠯᠤ ᠰᠢᠶᠠᠨ ᠤ ᠵᠡᠮᠳᠡᠭᠴᠦᠳ ᠤᠨ | ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠬᠡᠷᠡᠭ ᠡᠷᠬᠢᠯᠡᠭᠴᠢᠳ ᠤᠨ | ᠳᠡᠳ᠋ ᠳᠠᠷᠤᠭ᠎ᠠ ᠫᠠᠨ ᠰᠢᠤᠸᠠᠢ ᠸᠧᠨ ᠨᠥᠬᠦᠷ ᠪᠣᠯᠣᠨ᠎ᠠ ᠃ ᠥᠨᠥᠳᠥᠷ ᠤᠨ ᠰᠣᠷᠪᠤᠯᠵᠢᠯᠠᠭ᠎ᠠ ᠶᠢᠨ ᠭᠤᠣᠯ ᠠᠭᠤᠯᠭ᠎ᠠ | ᠪᠣᠯ ᠪᠦᠬᠦ ᠰᠢᠶᠠᠨ ᠤ ᠵᠡᠮᠳᠡᠭ ᠨᠠᠶᠢᠵᠠ ᠨᠠᠷ ᠤᠨ ᠬᠠᠮᠤᠭ ᠠᠴᠠ ᠢᠯᠡᠭᠦᠦ ᠠᠩᠬᠠᠷᠴᠤ ᠪᠠᠶᠢᠭ᠎ᠠ ᠬᠡᠳᠦᠨ | ᠠᠰᠠᠭᠤᠳᠠᠯ ᠳᠤ ᠬᠠᠷᠢᠭᠤᠯᠲᠠ ᠥᠭᠬᠦ ᠶᠠᠪᠤᠳᠠᠯ ᠪᠣᠯᠣᠨ᠎ᠠ ᠃ | ᠫᠠᠨ ᠳᠡᠳ᠋ ᠳᠠᠷᠤᠭ᠎ᠠ ᠄ ᠬᠥᠲᠥᠯᠥᠭᠴᠢ ᠰᠠᠶᠢᠨ ᠤᠤ ︕ ᠥᠷᠭᠡᠨ ᠤᠯᠠᠨ ᠰᠦᠯᠵᠢᠶᠡᠨ ᠤ ᠠᠨᠳᠠ ᠨᠠᠷ | ᠰᠠᠶᠢᠨ ᠪᠠᠶᠢᠵᠠᠭᠠᠨ᠎ᠠ ᠤᠤ ︕ ᠪᠢ ᠪᠣᠯ ᠺᠠᠶᠢᠯᠤ ᠰᠢᠶᠠᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠡᠷᠡᠭ | ᠡᠷᠬᠢᠯᠡᠭᠴᠢᠳ ᠤᠨ ᠳᠡᠳ᠋ ᠳᠠᠷᠤᠭ᠎ᠠ ᠫᠠᠨ ᠰᠢᠤᠸᠠᠢ ᠸᠧᠨ ᠪᠣᠯᠣᠨ᠎ᠠ ᠂ ᠡᠩ ᠲᠡᠷᠢᠭᠦᠨ ᠳᠤ ᠤᠯᠠᠨ ᠢᠶᠠᠷ ᠢᠶᠠᠨ ᠮᠠᠨ ᠤ | ᠰᠢᠶᠠᠨ ᠤ ᠵᠡᠮᠳᠡᠭᠴᠦᠳ ᠤᠨ ᠦᠢᠯᠡᠰ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ ᠂ ᠥᠨᠥᠳᠥᠷ | ᠰᠦᠯᠵᠢᠶᠡᠨ ᠳᠡᠭᠡᠷ᠎ᠡ ᠰᠤᠷᠪᠤᠯᠵᠢᠯᠠᠨ ᠶᠠᠷᠢᠯᠴᠠᠵᠤ ᠂ ᠤᠯᠠᠨ ᠲᠠᠢ ᠬᠠᠮᠲᠤ ᠪᠠᠷ ᠵᠡᠮᠳᠡᠭᠴᠦᠳ ᠤᠨ ᠠᠩᠬᠠᠷᠴᠤ ᠪᠠᠶᠢᠭ᠎ᠠ | ᠵᠠᠷᠢᠮ ᠠᠰᠠᠭᠤᠳᠠᠯ ᠢ ᠰᠤᠳᠤᠯᠤᠨ ᠶᠠᠷᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ | ᠬᠥᠲᠥᠯᠥᠭᠴᠢ ᠄ ᠫᠠᠨ ᠬᠡᠷᠡᠭ ᠡᠷᠬᠢᠯᠡᠭᠴᠢᠳ ᠤᠨ ᠳᠠᠷᠤᠭ᠎ᠠ ᠶᠢ ᠤᠷᠢᠵᠤ ᠵᠡᠮᠳᠡᠭᠴᠦᠳ ᠤᠨ ᠦᠨᠡᠮᠯᠡᠯ ᠤᠨ | ᠦᠢᠯᠡᠳᠦᠯ ᠢ ᠳᠥᠭᠦᠮᠬᠡᠨ ᠲᠠᠨᠢᠯᠴᠠᠭᠤᠯᠤᠨ᠎ᠠ ᠤᠤ ︖ | ᠫᠠᠨ ᠳᠡᠳ᠋ ᠳᠠᠷᠤᠭ᠎ᠠ ᠄ ᠵᠡᠮᠳᠡᠭᠴᠦᠳ ᠤᠨ ᠦᠨᠡᠮᠯᠡᠯ ᠤᠨ ᠪᠥᠬᠦ ᠨᠡᠷᠡᠶᠢᠳᠦᠯ ᠨᠢ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠦᠨᠡᠮᠯᠡᠯ︾ ᠪᠣᠯᠣᠨ᠎ᠠ᠂ ᠣᠲᠣ ᠭᠤᠷᠪᠠᠳᠤᠭᠠᠷ ᠦᠶ᠎ᠡ ᠶᠢᠨ ᠺᠠᠷᠲ | ᠮᠠᠶ᠋ᠢᠭ ᠤᠨ ᠵᠡᠮᠳᠡᠭᠴᠦᠳ ᠤᠨ ᠦᠨᠡᠮᠯᠡᠯ ᠢ ᠲᠠᠷᠬᠠᠭᠠᠵᠤ ᠪᠠᠶᠢᠨ᠎ᠠ᠂ ᠡᠭᠦᠨ ᠢ ᠬᠤᠭᠤᠴᠠᠭ᠎ᠠ ᠨᠢ ᠥᠩᠭᠡᠷᠡᠭᠰᠡᠨ ᠦᠭᠡᠢ | ᠬᠤᠶᠠᠳᠤᠭᠠᠷ ᠦᠶ᠎ᠡ ᠶᠢᠨ ᠵᠡᠮᠳᠡᠭᠴᠦᠳ ᠤᠨ ᠦᠨᠡᠮᠯᠡᠯ ᠲᠠᠢ ᠬᠠᠮᠲᠤ ᠳᠤᠨᠢ ᠬᠡᠷᠡᠭᠯᠡᠵᠦ ᠪᠣᠯᠣᠨ᠎ᠠ᠃ ᠥᠪᠡᠷᠲᠡᠭᠡᠨ | ᠵᠠᠰᠠᠬᠤ ᠣᠷᠣᠨ ᠤ ᠵᠢᠭᠠᠨ ᠲᠣᠭᠲᠠᠭᠠᠭᠰᠠᠨ ᠴᠡᠭ ᠲᠣᠭᠲᠠᠭᠠᠨ ᠦᠨᠡᠯᠡᠨ ᠲᠣᠭᠲᠠᠭᠠᠬᠤ ᠪᠠᠶᠢᠭᠤᠯᠤᠮᠵᠢ ᠠᠴᠠ | ᠦᠨᠡᠯᠡᠨ ᠲᠣᠭᠲᠠᠭᠠᠵᠤ᠂ ᠵᠡᠮᠳᠡᠭᠴᠦᠳ ᠤᠨ ᠬᠤᠯᠪᠣᠭ᠎ᠠ ᠠᠴᠠ ᠬᠢᠨᠠᠨ ᠬᠠᠷᠭᠤᠭᠤᠯᠵᠤ ᠲᠠᠷᠬᠠᠭᠠᠭᠰᠠᠨ ᠶᠤᠮ᠃ | ᠵᠡᠮᠳᠡᠭᠴᠦᠳ ᠤᠨ ᠦᠨᠡᠮᠯᠡᠯ ᠪᠣᠯ ᠵᠡᠮᠳᠡᠭᠴᠦᠳ ᠵᠢᠴᠢ ᠵᠡᠮᠳᠡᠭᠴᠦᠳ ᠤᠨ ᠲᠥᠷᠥᠯ ᠢᠯᠭᠠᠯ᠂ | ᠵᠡᠮᠳᠡᠭᠴᠦᠳ ᠤᠨ ᠲᠠᠰ ᠢ ᠦᠨᠡᠮᠰᠢᠬᠦ ᠬᠠᠤᠯᠢ ᠶᠣᠰᠣᠨ ᠤ ᠭᠡᠷᠡᠴᠢ ᠪᠠᠷᠢᠮᠲᠠ ᠪᠠᠶᠢᠵᠤ᠂ ᠵᠡᠮᠳᠡᠭᠴᠦᠳ ᠤᠨ ᠤᠯᠤᠰ ᠪᠠ | ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠠᠤᠯᠢ ᠶᠣᠰᠣᠭᠠᠷ | ᠡᠳ᠋ᠯᠡᠬᠦ ᠶᠢᠨ ᠴᠢᠬᠤᠯᠠ ᠦᠨᠳᠦᠰᠦᠯᠡᠯ ᠪᠣᠯᠣᠨ᠎ᠠ᠃ ᠵᠡᠮᠳᠡᠭᠴᠦᠳ ᠢ ᠦᠨᠡᠯᠡᠨ ᠲᠣᠭᠲᠠᠭᠠᠬᠤ ᠪᠠᠷᠢᠮᠵᠢᠶ᠎ᠠ ᠨᠢ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠪᠠᠷᠢᠮᠵᠢᠶ᠎ᠠ ᠶᠢᠨ ︽ᠵᠡᠮᠳᠡᠭᠴᠦᠳ ᠤᠨ ᠵᠡᠮᠳᠡᠭᠴᠦᠳ ᠢ | ᠲᠥᠷᠥᠯ ᠬᠤᠪᠢᠶᠠᠬᠤ ᠪᠠ ᠲᠠᠰ ᠬᠤᠪᠢᠶᠠᠬᠤ︾ ᠪᠣᠯᠣᠨ᠎ᠠ᠂ ᠵᠡᠮᠳᠡᠭᠴᠦᠳ ᠤᠨ ᠦᠨᠡᠮᠯᠡᠯ ᠢ ᠣᠯᠭᠤᠬᠤ ᠠᠵᠢᠯ ᠳᠤ | ᠭᠤᠶᠤᠴᠢᠯᠠᠨ ᠠᠪᠬᠤ ᠰᠠᠶᠢᠨ ᠳᠤᠷ᠎ᠠ ᠠᠴᠠ ᠪᠠᠨ ᠪᠠᠶᠢᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠶᠢ | ᠪᠠᠷᠢᠮᠲᠠᠯᠠᠬᠤ ᠵᠠᠷᠴᠢᠮ ᠢ ᠪᠠᠷᠢᠮᠲᠠᠯᠠᠵᠤ᠂ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠪᠠᠷ ᠳᠠᠮᠵᠢᠭᠤᠯᠵᠤ ᠪᠣᠯᠣᠨ᠎ᠠ᠃ | ᠬᠥᠲᠥᠯᠥᠭᠴᠢ ᠄ ᠵᠡᠮᠳᠡᠭᠴᠦᠳ ᠤᠨ ᠦᠨᠡᠮᠯᠡᠯ ᠢ ᠬᠡᠷᠬᠢᠨ ᠭᠦᠢᠴᠡᠳᠬᠡᠳᠡᠭ ᠪᠣᠶ︖ | ᠫᠠᠨ ᠳᠡᠳ᠋ ᠳᠠᠷᠤᠭ᠎ᠠ ᠄ 1.ᠭᠤᠶᠤᠴᠢᠯᠠᠬᠤ᠄ ᠭᠤᠶᠤᠴᠢᠯᠠᠭᠴᠢ ︵ᠪᠤᠶᠤ ᠬᠠᠤᠯᠢ ᠪᠠᠷ ᠲᠣᠭᠲᠠᠭᠠᠭᠰᠠᠨ ᠬᠢᠨᠠᠨ | ᠬᠠᠮᠠᠭᠠᠯᠠᠭᠴᠢ︶ ᠨᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠬᠤᠪᠢᠶᠠᠷᠢ ᠲᠠᠯᠠᠪᠠᠢ ᠶᠢᠨ ᠵᠡᠮᠳᠡᠭᠴᠦᠳ ᠤᠨ | ᠨᠡᠶᠢᠭᠡᠮᠯᠢᠭ ᠲᠤ ᠦᠨᠡᠮᠯᠡᠯ ᠭᠦᠢᠴᠡᠳᠬᠡᠬᠦ ᠭᠤᠶᠤᠴᠢᠯᠠᠯ ᠭᠠᠷᠭᠠᠵᠤ᠂ ᠭᠤᠶᠤᠴᠢᠯᠠᠬᠤ ᠬᠦᠰᠦᠨᠦᠭᠲᠦ᠂ ᠵᠡᠮᠳᠡᠭ ᠢ | ᠦᠨᠡᠯᠡᠨ ᠲᠣᠭᠲᠠᠭᠠᠬᠤ ᠬᠦᠰᠦᠨᠦᠭᠲᠦ ᠶᠢ ᠦᠨᠡᠨ ᠪᠣᠳᠠᠲᠠᠢ ᠪᠠᠷ ᠲᠠᠭᠯᠠᠨ᠂ ᠲᠣᠰ ᠬᠥᠮᠥᠨ ᠤ ᠰᠠᠭᠤᠭᠠᠯᠢ | ᠠᠷᠠᠳ ᠤᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ ︵ᠮᠤᠵᠢ ᠠᠯᠤᠰᠯᠠᠨ ᠦᠨᠡᠮᠯᠡᠯ ᠭᠦᠢᠴᠡᠳᠬᠡᠬᠦ | ᠬᠥᠮᠥᠰ ᠪᠠᠰᠠ ᠣᠷᠣᠰᠢᠨ ᠰᠠᠭᠤᠬᠤ ᠦᠨᠡᠮᠯᠡᠯ ᠢᠶᠠᠨ ᠲᠤᠰᠢᠶᠠᠬᠤ ᠬᠡᠷᠡᠭᠲᠡᠢ︶᠂ ᠬᠠᠮᠢᠶ᠎ᠠ ᠪᠦᠬᠦᠢ ᠡᠪᠡᠳᠴᠢᠨ | ᠡᠮᠭᠡᠭ ᠢ ᠣᠨᠣᠰᠢᠯᠠᠭᠰᠠᠨ ᠪᠢᠴᠢᠭ ᠪᠠ ᠡᠪᠡᠳᠴᠢᠨ ᠤ ᠵᠢᠱᠢᠶ᠎ᠡ ᠵᠢᠴᠢ 2 ᠬᠤᠪᠢ ᠬᠤᠶᠠᠷ ᠢᠮᠠᠬᠤ ᠶᠢᠨ ᠴᠠᠭᠠᠨ | ᠳᠡᠪᠢᠰᠬᠡᠷ ᠲᠠᠢ ᠣᠶᠢᠷ᠎ᠠ ᠶᠢᠨ ᠬᠤᠭᠤᠴᠠᠭᠠᠨ ᠤ ᠮᠠᠯᠠᠭᠠᠢ ᠦᠭᠡᠢ ᠥᠩᠭᠡᠲᠦ ᠬᠡᠷᠡᠯ ᠵᠢᠷᠤᠭ ᠢ ᠬᠠᠩᠭᠠᠨ᠎ᠠ᠃ ᠣᠶᠤᠨ | ᠤᠬᠠᠭᠠᠨ᠂ ᠣᠶᠤᠨ ᠰᠠᠨᠠᠭᠠᠨ ᠤ ᠲᠥᠷᠥᠯ ᠪᠠ ᠨᠠᠰᠤᠨ ᠳᠤ ᠥᠯᠥ ᠭᠦᠷᠦᠭᠰᠡᠳ ᠤᠨ ᠵᠡᠮᠳᠡᠭ ᠬᠥᠮᠥᠨ ᠤ ᠦᠨᠡᠮᠯᠡᠯ ᠢ | ᠭᠤᠶᠤᠴᠢᠯᠠᠨ ᠭᠦᠢᠴᠡᠳᠬᠡᠬᠦ ᠳᠤ ᠡᠷᠬᠡᠪᠰᠢ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢᠨ ᠭᠡᠷᠡᠴᠢᠯᠡᠬᠦ | ᠮᠠᠲ᠋ᠧᠷᠢᠶᠠᠯ ᠢ ᠬᠠᠮᠲᠤ ᠳᠤᠨᠢ ᠬᠠᠩᠭᠠᠬᠤ ᠬᠡᠷᠡᠭᠲᠡᠢ᠃ | 2.ᠰᠢᠯᠭᠠᠨ ᠲᠣᠭᠲᠠᠭᠠᠬᠤ᠄ ᠭᠤᠶᠤᠴᠢᠯᠠᠭᠴᠢ ᠭᠤᠶᠤᠴᠢᠯᠠᠯ ᠤᠨ ᠬᠦᠰᠦᠨᠦᠭᠲᠦ᠂ ᠵᠡᠮᠳᠡᠭ ᠢ ᠰᠢᠯᠭᠠᠨ | ᠲᠣᠭᠲᠠᠭᠠᠬᠤ ᠬᠦᠰᠦᠨᠦᠭᠲᠦ ᠵᠢᠴᠢ ᠬᠠᠮᠢᠶ᠎ᠠ ᠪᠦᠬᠦᠢ ᠮᠠᠲ᠋ᠧᠷᠢᠶᠠᠯ ᠢᠶᠠᠨ ᠠᠪᠴᠤ᠂ ᠵᠢᠭᠠᠨ ᠲᠣᠭᠲᠠᠭᠠᠭᠰᠠᠨ | ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠪᠡᠶ᠎ᠡ ᠶᠢᠨ ᠬᠢᠷᠢ ᠬᠡᠮ ᠢ ᠨᠤᠲᠠᠯᠠᠬᠤ ᠪᠠ ᠵᠡᠮᠳᠡᠭ ᠢ ᠰᠢᠯᠭᠠᠨ ᠲᠣᠭᠲᠠᠭᠠᠨ᠎ᠠ | ᠂ ᠵᠢᠭᠠᠨ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠵᠡᠮᠳᠡᠭ ᠤᠨ ᠪᠠᠷᠢᠮᠵᠢᠶ᠎ᠠ ᠶᠣᠰᠣᠭᠠᠷ ᠵᠡᠮᠳᠡᠭ ᠤᠨ ᠲᠥᠷᠥᠯ | ᠢᠯᠭᠠᠯ ᠪᠠ ᠵᠡᠷᠭᠡ ᠳᠡᠰ ᠢ ᠰᠢᠯᠭᠠᠨ ᠲᠣᠭᠲᠠᠭᠠᠭᠰᠠᠨ ᠲᠣᠳᠣᠷᠬᠠᠢ ᠳ᠋ᠦᠩᠨᠡᠯᠲᠡ ᠭᠠᠷᠭᠠᠨ᠎ᠠ᠃ ᠵᠡᠮᠳᠡᠭᠴᠦᠳ ᠢ | ᠰᠢᠯᠭᠠᠨ ᠲᠣᠭᠲᠠᠭᠠᠬᠤ ᠠᠵᠢᠯᠲᠠᠨ ᠭᠠᠷ ᠤᠨ ᠦᠰᠦᠭ ᠵᠢᠷᠤᠵᠤ ᠂ ᠰᠢᠯᠭᠠᠨ ᠲᠣᠭᠲᠠᠭᠠᠬᠤ ᠬᠦᠰᠦᠨᠦᠭᠲᠦ ᠶᠢ | ᠲᠠᠭᠯᠠᠬᠤ ᠶᠢᠨ ᠬᠠᠮᠲᠤ ᠠᠯᠪᠠᠨ ᠲᠠᠮᠠᠭ᠎ᠠ ᠪᠠᠨ ᠳᠠᠷᠤᠭᠰᠠᠨ ᠤ ᠳᠠᠷᠠᠭ᠎ᠠ ᠰᠢᠶᠠᠨ ᠤ ᠵᠡᠮᠳᠡᠭᠴᠦᠳ ᠤᠨ ᠬᠤᠯᠪᠣᠭᠠᠨ ᠳᠤ | ᠬᠦᠷᠭᠡᠨ᠎ᠡ ᠃ ᠬᠠᠷᠠᠭ᠎ᠠ ᠂ ᠰᠣᠨᠣᠷ ᠂ ᠦᠭᠡ ᠬᠡᠯᠡ ᠂ ᠮᠥᠴᠢ ᠶᠢ ᠺᠠᠶᠢᠯᠤ ᠰᠢᠶᠠᠨ ᠤ ᠬᠢᠲᠠᠳ ᠡᠮᠨᠡᠯᠭᠡ ᠶᠢᠨ | ᠬᠤᠷᠢᠶᠠᠨ ᠳᠤ ᠭᠠᠷᠠᠭ ᠪᠦᠷᠢ ᠶᠢᠨ ᠲᠦᠷᠪᠡᠨ ᠂ ᠭᠠᠷᠠᠭ ᠤᠨ ᠲᠠᠪᠤᠨ ᠳᠤ ᠰᠢᠯᠭᠠᠨ ᠲᠣᠭᠲᠠᠭᠠᠨ᠎ᠠ ︔ ᠺᠠᠶᠢᠯᠦ ᠶᠢᠨ | ᠡᠾᠦ᠋ᠢ ᠮᠢᠨ ᠡᠷᠡᠭᠦᠯ ᠬᠠᠮᠠᠭᠠᠯᠠᠯ ᠤᠨ ᠡᠮᠨᠡᠯᠭᠡ ᠶᠢᠨ ᠬᠤᠷᠢᠶ᠎ᠠ ᠭᠠᠷᠠᠭ ᠤᠨ ᠲᠠᠪᠤᠨ ᠪᠣᠯᠭᠠᠨ ᠳᠤ ᠣᠶᠤᠨ ᠰᠠᠨᠠᠭᠠᠨ ᠤ | ᠣᠶᠤᠨ ᠴᠢᠳᠠᠪᠤᠷᠢ ᠶᠢ ᠦᠨᠡᠯᠡᠨ ᠲᠣᠭᠲᠠᠭᠠᠵᠤ᠂ ᠲᠦᠩᠯᠢᠶᠣᠣ ᠶᠢᠨ ᠺᠠᠩ ᠠᠨ ᠡᠮᠨᠡᠯᠭᠡ ᠶᠢᠨ ᠬᠤᠷᠢᠶ᠎ᠠ ᠭᠠᠷᠠᠭ ᠤᠨ | ᠬᠤᠶᠠᠷ᠂ ᠭᠠᠷᠠᠭ ᠤᠨ ᠭᠤᠷᠪᠠᠨ ᠳᠤ ᠣᠶᠤᠨ ᠰᠠᠨᠠᠭᠠᠨ ᠤ ᠣᠶᠤᠨ ᠴᠢᠳᠠᠪᠤᠷᠢ ᠶᠢ ᠦᠨᠡᠯᠡᠨ ᠲᠣᠭᠲᠠᠭᠠᠵᠤ᠂ | ᠲᠦᠩᠯᠢᠶᠣᠣ ᠬᠤᠲᠠ ᠶᠢᠨ ᠣᠶᠤᠨ ᠰᠠᠨᠠᠭᠠᠨ ᠤ ᠡᠷᠡᠭᠦᠯ ᠬᠠᠮᠠᠭᠠᠯᠠᠯ ᠤᠨ ᠲᠥᠪ ᠭᠠᠷᠠᠭ ᠤᠨ ᠳᠥᠷᠪᠡᠨ᠂ ᠭᠠᠷᠠᠭ ᠤᠨ | ᠲᠠᠪᠤᠨ ᠳᠤ ᠣᠶᠤᠨ ᠰᠠᠨᠠᠭᠠᠨ ᠤ ᠣᠶᠤᠨ ᠴᠢᠳᠠᠪᠤᠷᠢ ᠶᠢ ᠦᠨᠡᠯᠡᠨ ᠲᠤᠬᠳᠠᠭᠠᠨ᠎ᠠ᠃ ᠬᠠᠤᠯᠢ ᠪᠠᠷ ᠲᠣᠭᠲᠠᠭᠠᠭᠰᠠᠨ | ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ᠃ | 3.ᠢᠯᠡ ᠨᠡᠶᠢᠲᠡᠯᠡᠬᠦ᠄ ᠦᠨᠡᠯᠡᠨ ᠲᠣᠭᠲᠠᠭᠠᠭᠰᠠᠨ ᠦᠷ᠎ᠡ ᠳ᠋ᠦᠩ ᠨᠢ ᠵᠡᠮᠳᠡᠭ ᠤᠨ ᠪᠠᠷᠢᠮᠵᠢᠶ᠎ᠠ ᠳᠤ | ᠨᠡᠶᠢᠴᠡᠭᠰᠡᠨ ᠪᠠᠶᠢᠪᠠᠯ᠂ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠂ ᠬᠤᠪᠢᠶᠠᠷᠢ | ᠲᠠᠯᠠᠪᠠᠢ ᠠᠴᠠ ᠢᠯᠡ ᠨᠡᠶᠢᠲᠡᠯᠡᠵᠦ᠂ ᠢᠯᠡ ᠨᠡᠶᠢᠲᠡᠯᠡᠬᠦ ᠴᠠᠭ ᠬᠤᠭᠤᠴᠠᠭ᠎ᠠ ᠨᠢ ᠲᠠᠪᠤᠨ ᠠᠵᠢᠯᠯᠠᠬᠤ ᠡᠳᠦᠷ ᠠᠴᠠ | ᠳᠤᠲᠠᠭᠤ ᠪᠠᠶᠢᠵᠤ ᠪᠣᠯᠬᠤ ᠦᠭᠡᠢ᠃ ᠭᠤᠶᠤᠴᠢᠯᠠᠭᠴᠢ ᠨᠢ ᠨᠠᠰᠤᠨ ᠳᠤ ᠥᠯᠥ ᠭᠦᠷᠦᠭᠰᠡᠳ ᠪᠠᠶᠢᠪᠠᠯ ᠵᠠᠷᠴᠢᠮ | ᠳᠡᠭᠡᠷ᠎ᠡ ᠪᠠᠨ ᠵᠠᠷᠯᠠᠨ ᠨᠡᠶᠢᠲᠡᠯᠡᠬᠦ ᠦᠭᠡᠢ᠃ | 4.ᠬᠢᠨᠠᠨ ᠬᠠᠷᠭᠤᠭᠤᠯᠬᠤ ᠂ ᠪᠢᠴᠢᠵᠦ ᠣᠷᠣᠭᠤᠯᠬᠤ ᠄ ᠰᠢᠶᠠᠨ ᠤ ᠵᠡᠮᠳᠡᠭᠴᠦᠳ ᠤᠨ ᠬᠤᠯᠪᠣᠭ᠎ᠠ ᠠᠴᠠ | ᠦᠨᠡᠮᠯᠡᠯ ᠠᠪᠬᠤ ᠪᠠᠷ ᠭᠤᠶᠤᠴᠢᠯᠠᠭᠰᠠᠨ ᠮᠠᠲ᠋ᠧᠷᠢᠶᠠᠯ ᠂ ᠵᠡᠮᠳᠡᠭᠴᠦᠳ ᠢ ᠦᠨᠡᠯᠡᠨ ᠲᠣᠭᠲᠠᠭᠠᠭᠰᠠᠨ ᠦᠷ᠎ᠡ ᠳ᠋ᠦᠩ ᠪᠠ | ᠵᠠᠷᠯᠠᠨ ᠨᠡᠶᠢᠲᠡᠯᠡᠭᠰᠡᠨ ᠦᠷ᠎ᠡ ᠳ᠋ᠦᠩ ᠢ ᠬᠢᠨᠠᠨ ᠬᠠᠷᠭᠤᠭᠤᠯᠤᠨ᠎ᠠ ᠂ ᠲᠣᠭᠲᠠᠭᠠᠯ ᠳᠤ ᠨᠡᠶᠢᠴᠡᠪᠡᠯ ᠵᠥᠪᠰᠢᠶᠡᠷᠡᠨ᠎ᠡ ᠃ | ᠡᠭᠦᠨ ᠤ ᠬᠠᠮᠲᠤ ᠵᠡᠮᠳᠡᠭᠴᠦᠳ ᠢ ᠦᠨᠡᠯᠡᠨ ᠲᠣᠭᠲᠠᠭᠠᠬᠤ ᠬᠦᠰᠦᠨᠦᠭ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ | ᠵᠡᠮᠳᠡᠭᠴᠦᠳ ᠤᠨ ᠬᠥᠮᠥᠨ ᠠᠮᠠ ᠶᠢᠨ ᠰᠠᠭᠤᠷᠢ ᠳ᠋ᠠᠶᠢᠲ᠋ᠠ ᠬᠥᠮᠥᠷᠭᠡ ᠳᠤ ᠣᠷᠣᠭᠤᠯᠬᠤ ᠬᠡᠷᠡᠭᠲᠡᠢ ᠃ | 5.ᠦᠨᠡᠮᠯᠡᠯ ᠵᠣᠬᠢᠶᠠᠬᠤ᠂ ᠣᠯᠭᠤᠬᠤ᠄ ᠰᠢᠶᠠᠨ ᠤ ᠵᠡᠮᠳᠡᠭᠴᠦᠳ ᠤᠨ ᠬᠤᠯᠪᠣᠭ᠎ᠠ ᠠᠴᠠ ᠬᠢᠨᠠᠨ | ᠬᠠᠷᠭᠤᠭᠤᠯᠤᠭᠠᠳ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠬᠢᠨᠠᠨ ᠲᠣᠭᠲᠠᠭᠠᠭᠰᠠᠨ ᠡᠳᠦᠷ ᠠᠴᠠ ᠡᠬᠢᠯᠡᠨ 10 | ᠠᠵᠢᠯᠯᠠᠬᠤ ᠡᠳᠦᠷ ᠤᠨ ᠳᠣᠲᠣᠷ᠎ᠠ ᠵᠡᠮᠳᠡᠭᠴᠦᠳ ᠤᠨ ᠦᠨᠡᠮᠯᠡᠯ ᠢ ᠳᠠᠷᠤᠮᠠᠯᠯᠠᠨ᠎ᠠ᠃ ᠦᠨᠡᠯᠡᠨ ᠲᠣᠭᠲᠠᠭᠠᠭᠰᠠᠨ ᠦᠷ᠎ᠡ | ᠳ᠋ᠦᠩ ᠨᠢ ᠵᠡᠮᠳᠡᠭ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠠᠶᠢᠪᠠᠯ ᠰᠢᠢᠳᠪᠦᠷᠢᠯᠡᠵᠦ ᠥᠭᠬᠦ ᠦᠭᠡᠢ ᠃ | ᠵᠡᠮᠳᠡᠭᠴᠦᠳ ᠤᠨ ᠦᠨᠡᠮᠯᠡᠯ ᠢ ᠪᠠᠯᠭᠠᠰᠤ ᠲᠠᠯᠠᠪᠠᠢ ᠂ ᠰᠢᠰᠲ᠋ᠧᠮ ᠤᠨ ᠵᠡᠮᠳᠡᠭᠴᠦᠳ ᠤᠨ ᠬᠤᠯᠪᠣᠭ᠎ᠠ ᠠᠴᠠ ᠬᠠᠷᠢᠭᠤᠴᠠᠨ | ᠠᠪᠬᠤ ᠶᠢᠨ ᠬᠠᠮᠲᠤ ᠵᠣᠬᠢᠶᠠᠨ ᠪᠠᠶᠢᠭᠤᠯᠤᠨ ᠣᠯᠭᠤᠨ᠎ᠠ ᠃ | 6.ᠲᠠᠩᠰᠠ ᠡᠪᠬᠡᠮᠡᠯ ᠳᠤ ᠣᠷᠣᠭᠤᠯᠬᠤ᠄ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ | ᠭᠤᠶᠤᠴᠢᠯᠠᠯ ᠤᠨ ᠬᠦᠰᠦᠨᠦᠭᠲᠦ᠂ ᠰᠢᠯᠭᠠᠨ ᠲᠣᠭᠲᠠᠭᠠᠭᠰᠠᠨ ᠬᠦᠰᠦᠨᠦᠭᠲᠦ᠂ ᠵᠠᠷᠯᠠᠨ ᠨᠡᠶᠢᠲᠡᠯᠡᠭᠰᠡᠨ ᠦᠷ᠎ᠡ ᠳ᠋ᠦᠩ | ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠲᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠣᠷᠳᠣ ᠬᠤᠭᠤᠴᠠᠭ᠎ᠠ ᠪᠠᠷ | ᠬᠠᠳᠠᠭᠠᠯᠠᠨ᠎ᠠ᠃ | ᠬᠥᠲᠥᠯᠥᠭᠴᠢ ᠄ ᠵᠡᠮᠳᠡᠭᠴᠦᠳ ᠤᠨ ᠦᠨᠡᠮᠯᠡᠯ ᠲᠠᠢ ᠪᠣᠯ ᠶᠠᠮᠠᠷ ᠶᠠᠮᠠᠷ ᠨᠥᠬᠦᠪᠦᠷᠢ ᠪᠤᠶᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠬᠤ ᠪᠣᠶ︖ | ᠫᠠᠨ ᠳᠡᠳ᠋ ᠳᠠᠷᠤᠭ᠎ᠠ ᠄ ᠣᠳᠣᠬᠠᠨ ᠳᠤ ᠮᠠᠨ ᠤ ᠰᠢᠶᠠᠨ ᠤ ᠵᠡᠮᠳᠡᠭᠴᠦᠳ ᠲᠤ ᠭᠤᠣᠯᠳᠠᠭᠤ ᠳᠣᠣᠷᠠᠬᠢ | ᠭᠤᠷᠪᠠᠨ ᠵᠦᠢᠯ ᠤᠨ ᠨᠥᠬᠦᠪᠦᠷᠢ ᠣᠯᠭᠤᠨ᠎ᠠ ᠄ | 1.ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ᠄ ᠨᠥᠬᠦᠪᠦᠷᠢ ᠣᠯᠭᠤᠬᠤ ᠡᠲᠡᠭᠡᠳ ᠨᠢ | ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ ᠶᠢᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ ᠳᠡᠰ ᠤᠨ ᠵᠡᠮᠳᠡᠭᠴᠦᠳ ᠪᠣᠯᠣᠨ᠎ᠠ᠃ ᠬᠥᠮᠥᠨ ᠪᠦᠷᠢ ᠰᠠᠷ᠎ᠠ ᠳᠤ 100 ᠲᠥᠭᠦᠷᠢᠭ ᠃ ᠭᠤᠣᠯᠳᠠᠭᠤ | ᠵᠡᠮᠳᠡᠭ ᠠᠴᠠ ᠪᠣᠯᠤᠭᠰᠠᠨ ᠠᠮᠢᠳᠤᠷᠠᠯ ᠤᠨ ᠢᠯᠡᠭᠦᠴᠡ ᠵᠠᠷᠤᠯᠭ᠎ᠠ ᠳᠤ ᠨᠥᠬᠦᠪᠦᠷᠢ ᠥᠭᠭᠦᠨ᠎ᠡ᠃ | 2.ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ᠄ ᠨᠥᠬᠦᠪᠦᠷᠢ ᠭᠥᠷᠳᠡᠬᠦ ᠡᠲᠡᠭᠡᠳ ᠨᠢ | ᠵᠡᠮᠳᠡᠭ ᠤᠨ ᠲᠠᠰ ᠤᠨ ᠨᠢᠭᠡᠳᠦᠭᠡᠷ ᠳᠡᠰ᠂ ᠬᠤᠶᠠᠳᠤᠭᠠᠷ ᠳᠡᠰ ᠪᠠ ᠣᠶᠤᠨ ᠤᠬᠠᠭᠠᠨ᠂ ᠣᠶᠤᠨ ᠤ ᠭᠤᠷᠪᠠᠳᠤᠭᠠᠷ | ᠳᠡᠰ ᠢᠶᠠᠷ ᠬᠢᠨᠠᠨ ᠲᠣᠭᠲᠠᠭᠠᠭᠳᠠᠭᠰᠠᠨ ᠵᠡᠮᠳᠡᠭᠴᠦᠳ ᠪᠣᠯᠣᠨ᠎ᠠ᠃ ᠬᠥᠮᠥᠨ ᠪᠦᠷᠢ ᠰᠠᠷ᠎ᠠ ᠳᠤ 100 ᠲᠥᠭᠦᠷᠢᠭ ᠃ | ᠡᠭᠦᠨ ᠳᠤ ᠵᠡᠮᠳᠡᠭ ᠠᠴᠠ ᠪᠣᠯᠤᠭᠰᠠᠨ ᠠᠰᠠᠷᠠᠮᠵᠢ ᠶᠢᠨ ᠢᠯᠡᠭᠦᠴᠡ ᠵᠠᠷᠤᠯᠭ᠎ᠠ ᠶᠢ ᠨᠥᠬᠦᠪᠦᠷᠢᠯᠡᠵᠦ ᠥᠭᠭᠦᠨ᠎ᠡ᠃ | 3.ᠣᠶᠤᠲᠠᠳ ᠢ ᠮᠦᠩᠭᠦ ᠪᠠᠷ ᠲᠤᠰᠠᠯᠠᠬᠤ᠄ ᠮᠦᠩᠭᠦ ᠪᠠᠷ ᠲᠤᠰᠠᠯᠠᠬᠤ ᠡᠲᠡᠭᠡᠳ ᠨᠢ ᠭᠤᠣᠯᠳᠠᠭᠤ ᠲᠤᠬᠠᠢ ᠶᠢᠨ | ᠵᠢᠯ ᠳᠤ ᠤᠯᠤᠰ ᠠᠷᠠᠳ ᠤᠨ ᠰᠤᠷᠭᠠᠨ ᠬᠥᠮᠦᠵᠢᠯ ᠤᠨ ᠴᠤᠪᠤᠷᠠᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠲᠤᠰᠬᠠᠢ ᠮᠡᠷᠭᠡᠵᠢᠯ ᠤᠨ ᠠᠩᠭᠢ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠵᠡᠮᠳᠡᠭ ᠰᠤᠷᠤᠭᠴᠢᠳ ᠲᠤ ᠨᠢᠭᠡ ᠯᠡ | ᠤᠳᠠᠭ᠎ᠠ ᠶᠢᠨ ᠴᠢᠨᠠᠷᠲᠠᠢ ᠲᠤᠰᠠᠯᠠᠮᠵᠢ ᠦᠵᠡᠭᠦᠯᠦᠨ᠎ᠡ᠃ ᠲᠤᠰᠠᠯᠠᠬᠤ ᠪᠠᠷᠢᠮᠵᠢᠶ᠎ᠠ ᠨᠢ ᠲᠤᠰᠬᠠᠢ ᠮᠡᠷᠭᠡᠵᠢᠯ ᠤᠨ | ᠠᠩᠭᠢ ᠳᠤ 1000 ᠲᠥᠭᠦᠷᠢᠭ\ ᠬᠥᠮᠥᠨ᠂ ᠵᠢᠩᠬᠢᠨᠢ ᠠᠩᠭᠢ ᠳᠤ 2000 ᠲᠥᠭᠦᠷᠢᠭ\ ᠬᠥᠮᠥᠨ᠂ | ᠠᠰᠫᠢᠷᠠᠨᠲ ᠤᠨ ᠰᠤᠳᠤᠯᠬᠤ ᠰᠣᠷᠣᠭᠴᠢ ᠵᠢᠴᠢ ᠲᠡᠭᠦᠨ ᠠᠴᠠ ᠳᠡᠭᠡᠭᠰᠢ 3000 ᠲᠥᠭᠦᠷᠢᠭ\ ᠬᠥᠮᠥᠨ ᠪᠣᠯᠣᠨ᠎ᠠ᠃ | ᠵᠡᠮᠳᠡᠭᠴᠦᠳ ᠤᠨ ᠡᠳ᠋ᠯᠡᠵᠦ ᠳᠡᠶᠢᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠭᠤᠣᠯᠳᠠᠭᠤ ᠳᠣᠣᠷᠠᠬᠢ | ᠬᠡᠳᠦᠨ ᠵᠦᠢᠯ ᠪᠣᠶ᠄ | 1.ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ᠄ ᠮᠠᠨ ᠤ ᠰᠢᠶᠠᠨ ᠤ ᠡᠷᠦᠬᠡ ᠠᠮᠠ ᠶᠢᠨ ᠲᠠᠩᠰᠠ ᠶᠢᠨ | 0︱59 ᠪᠦᠬᠦᠯᠢ ᠨᠠᠰᠤᠨ ᠤ ᠦᠨᠡᠮᠯᠡᠯ ᠲᠠᠢ ᠵᠡᠮᠳᠡᠭᠴᠦᠳ ᠲᠤ ᠥᠪᠡᠷᠲᠡᠭᠡᠨ ᠵᠠᠰᠠᠬᠤ ᠣᠷᠣᠨ ᠠᠴᠠ ᠰᠠᠨᠠᠭᠠᠨ ᠳᠤ | ᠦᠭᠡᠢ ᠰᠢᠷᠬᠠᠲᠤᠯ ᠤᠨ ᠳᠠᠭᠠᠳᠬᠠᠯ ᠢ ᠨᠢᠭᠡᠳᠦᠯᠲᠡᠢ ᠬᠤᠳᠠᠯᠳᠤᠨ ᠠᠪᠴᠦ᠂ ᠳᠠᠭᠠᠳᠬᠠᠯ ᠳᠤ ᠣᠷᠣᠬᠤ ᠺᠣᠮᠫᠠᠨᠢ ᠪᠣᠯ | ᠶᠠᠩ ᠭᠤᠸᠠᠩ ᠡᠳ᠋ ᠬᠥᠷᠥᠩᠭᠡ ᠶᠢᠨ ᠳᠠᠭᠠᠳᠬᠠᠯ ᠤᠨ ᠺᠣᠮᠫᠠᠨᠢ ᠮᠥᠨ᠂ ᠬᠡᠷᠡᠭ ᠮᠡᠳᠡᠭᠦᠯᠬᠦ ᠯᠠᠪᠯᠠᠯᠲᠠ ᠶᠢᠨ ᠤᠲᠠᠰᠤ | 95510 ᠪᠣᠯᠣᠨ᠎ᠠ᠃ | 2.ᠵᠡᠮᠳᠡᠭᠴᠦᠳ ︽ᠬᠠᠶᠢᠷ᠎ᠠ ᠬᠠᠯᠠᠮᠵᠢ ᠶᠢᠨ ᠺᠠᠷᠲ︾ ᠢ ᠭᠦᠢᠴᠡᠳᠬᠡᠭᠰᠡᠨ ᠤ ᠳᠠᠷᠠᠭ᠎ᠠ ᠬᠤᠲᠠ ᠶᠢᠨ | ᠨᠡᠶᠢᠲᠡ ᠶᠢᠨ ᠮᠠᠰᠢᠨ ᠲᠡᠷᠭᠡᠨ ᠳᠤ ᠰᠦᠢᠳᠬᠡᠯ ᠬᠤᠷᠢᠶᠠᠬᠤ ᠦᠭᠡᠢ ᠪᠠᠷ ᠰᠠᠭᠤᠨ᠎ᠠ᠃ | 3.ᠬᠦᠴᠢᠷᠳᠡᠯᠲᠡᠢ ᠵᠡᠮᠳᠡᠭᠴᠦᠳ ᠤᠨ ᠴᠠᠬᠢᠯᠭᠠᠨ ᠬᠤᠳᠠᠯᠳᠤᠨ ᠠᠪᠬᠤ ᠳᠤ ᠵᠠᠷᠢᠮ ᠢ ᠨᠢ ᠬᠠᠰᠤᠵᠤ | ᠬᠡᠯᠲᠦᠷᠢᠭᠦᠯᠦᠨ᠎ᠡ ᠃ | 4.ᠠᠯᠪᠠᠨ ᠠᠴᠠ ᠪᠠᠶᠢᠭᠤᠯᠤᠭᠰᠠᠨ ᠵᠢᠭᠤᠯᠴᠢᠯᠠᠯ ᠤᠨ ᠦᠵᠡᠮᠵᠢ ᠶᠢᠨ ᠭᠠᠵᠠᠷ ᠢ ᠵᠡᠮᠳᠡᠭᠴᠦᠳ ᠲᠤ ᠰᠦᠢᠳᠬᠡᠯ | ᠬᠤᠷᠢᠶᠠᠬᠤ ᠦᠭᠡᠢ ᠪᠠᠷ ᠨᠡᠭᠡᠭᠡᠨ᠎ᠡ ᠃ | 5.ᠡᠯ᠎ᠡ ᠴᠠᠬᠢᠯᠭᠠᠨ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ ᠨᠢ ᠪᠣᠶ ᠪᠦᠬᠦᠢ ᠦᠨᠡᠮᠯᠡᠯ ᠲᠠᠢ | ᠵᠡᠮᠳᠡᠭᠴᠦᠳ ᠤᠨ ᠢᠵᠢ ᠦᠢᠯᠡᠴᠢᠯᠡᠭᠡ ᠳᠤ ᠬᠠᠷᠠᠭᠠᠯᠵᠠᠯ ᠦᠵᠡᠭᠦᠯᠦᠨ᠎ᠡ᠃ | 6.ᠦᠨᠡᠮᠯᠡᠯ ᠲᠠᠢ ᠵᠡᠮᠳᠡᠭᠴᠦᠳ ᠤᠨ ᠡᠷᠡᠭᠦᠯ ᠬᠠᠮᠠᠭᠠᠯᠠᠯ ᠤᠨ ᠵᠠᠷᠤᠳᠠᠯ ᠢ ᠬᠠᠭᠠᠰ ᠢᠶᠠᠷ ᠬᠠᠰᠤᠨ᠎ᠠ᠃ | 7.ᠠᠯᠪᠠᠨ ᠭᠡᠷᠡᠴᠢᠯᠡᠭᠡ ᠶᠢᠨ ᠭᠠᠵᠠᠷ ᠠᠴᠠ ᠬᠦᠨᠳᠦ ᠵᠡᠮᠳᠡᠭᠴᠦᠳ ᠤᠨ ᠠᠯᠪᠠᠨ ᠭᠡᠷᠡᠴᠢᠯᠡᠭᠡ ᠶᠢᠨ | ᠰᠦᠢᠳᠬᠡᠯ ᠢ ᠬᠠᠭᠠᠰ ᠢᠶᠠᠷ ᠬᠠᠰᠤᠨ᠎ᠠ ᠃ | 8.ᠵᠡᠮᠳᠡᠭᠴᠦᠳ ᠲᠡᠮᠦᠷ ᠵᠠᠮ ᠤᠨ 12306APP ᠳᠡᠭᠡᠷ᠎ᠡ ᠠᠴᠠ ᠲᠡᠷᠭᠡᠨ ᠪᠢᠯᠧᠲ ᠬᠤᠳᠠᠯᠳᠤᠨ ᠠᠪᠴᠤ᠂ | ᠪᠢᠯᠧᠲ ᠤᠨ ᠢᠷᠡᠯᠲᠡ ᠭᠦᠢᠴᠡᠳ ᠪᠠᠶᠢᠬᠤ ᠪᠠᠶᠢᠳᠠᠯ ᠳᠣᠣᠷ᠎ᠠ ᠰᠢᠰᠲ᠋ᠧᠮ ᠠᠴᠠ ᠵᠡᠮᠳᠡᠭᠴᠦᠳ ᠲᠤ ᠤᠷᠢᠳᠠᠪᠠᠷ | ᠲᠡᠷᠭᠡᠨ ᠪᠢᠯᠧᠲ ᠬᠠᠩᠭᠠᠨ᠎ᠠ᠃ | ᠳᠡᠭᠡᠷᠡᠬᠢ 11 ᠵᠦᠢᠯ ᠤᠨ ᠨᠥᠬᠦᠪᠦᠷᠢ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠠᠴᠠ ᠭᠠᠳᠠᠨ᠎ᠠ᠂ | ᠵᠡᠮᠳᠡᠭᠴᠦᠳ ᠤᠨ ᠬᠤᠪᠢ ᠬᠥᠮᠥᠨ ᠳᠤ ᠬᠤᠯᠪᠣᠭᠳᠠᠬᠤ ᠨᠥᠬᠦᠪᠦᠷᠢ ᠪᠠ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠳᠤ ᠪᠠᠰᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ᠂ ᠡᠮ | ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠤᠨ ᠨᠥᠬᠦᠪᠦᠷᠢ᠂ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠣᠷᠣᠯᠠᠨ | ᠲᠤᠰᠢᠶᠠᠬᠤ ᠵᠡᠷᠭᠡ ᠶᠢ ᠭᠠᠶᠢᠯᠢ ᠶᠢᠨ ᠶᠠᠪᠤᠳᠠᠯ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠳᠠᠭᠠᠳᠬᠠᠯ ᠵᠡᠷᠭᠡ | ᠰᠠᠯᠠᠭ᠎ᠠ ᠮᠥᠴᠢᠷ ᠠᠴᠠ ᠲᠣᠰ ᠲᠣᠰ ᠪᠣᠳᠠᠲᠠᠢ ᠨᠠᠶᠢᠳᠠᠪᠤᠷᠢᠵᠢᠭᠤᠯᠤᠨ᠎ᠠ᠃ | ᠬᠥᠲᠥᠯᠥᠭᠴᠢ ᠄ ᠡᠯ᠎ᠡ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ | ᠵᠡᠮᠳᠡᠭᠴᠦᠳ ᠢ ᠬᠡᠷᠡᠭᠯᠡᠬᠦ ᠳᠤ ᠶᠠᠮᠠᠷ ᠶᠠᠮᠠᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠣᠶ︖ | ᠫᠠᠨ ᠳᠡᠳ᠋ ᠳᠠᠷᠤᠭ᠎ᠠ ᠄ 1.ᠥᠷᠲᠡᠭ ᠨᠡᠮᠡᠭᠳᠡᠯ ᠤᠨ ᠭᠠᠶᠢᠯᠢ ᠶᠢ ᠬᠠᠰᠤᠵᠤ ᠬᠡᠯᠲᠦᠷᠢᠭᠦᠯᠬᠦ ᠲᠥᠷᠥ ᠶᠢᠨ | ᠪᠣᠳᠣᠯᠭ᠎ᠠ᠄ ᠵᠡᠮᠳᠡᠭᠴᠦᠳ ᠢ ᠲᠥᠪᠬᠢᠨᠡᠭᠦᠯᠬᠦ ᠨᠢᠭᠡᠴᠢ ᠳᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠨᠢᠭᠡᠴᠢ ᠠᠴᠠ | ᠪᠣᠳᠠᠲᠠᠢ ᠲᠥᠪᠬᠢᠨᠡᠭᠦᠯᠦᠭᠰᠡᠨ ᠵᠡᠮᠳᠡᠭᠴᠦᠳ ᠤᠨ ᠬᠥᠮᠥᠨ ᠤ ᠲᠤᠭ᠎ᠠ᠂ ᠬᠢᠵᠠᠭᠠᠷᠯᠠᠭᠰᠠᠨ ᠲᠤᠭ᠎ᠠ ᠶᠢ ᠦᠨᠳᠦᠰᠦᠯᠡᠨ | ᠥᠷᠲᠡᠭ ᠨᠡᠮᠡᠭᠳᠡᠯ ᠤᠨ ᠭᠠᠶᠢᠯᠢ ᠶᠢ ᠳᠠᠷᠤᠢ ᠳᠤᠨᠢ ᠲᠠᠲᠠᠪᠤᠷᠢᠯᠠᠵᠤ ᠳᠠᠷᠤᠢ ᠳᠤᠨᠢ ᠪᠤᠴᠠᠭᠠᠬᠤ ᠪᠤᠶᠤ ᠡᠵᠡᠩᠨᠡᠯᠲᠡ ᠶᠢᠨ | ᠭᠠᠶᠢᠯᠢ ᠶᠢ ᠬᠥᠩᠭᠡᠯᠡᠨ ᠲᠠᠲᠠᠪᠤᠷᠢᠯᠠᠬᠤ ᠶᠢ ᠬᠡᠷᠡᠭᠵᠢᠭᠦᠯᠦᠨ᠎ᠡ᠃ | 2.ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠄ ᠠᠵᠤ | ᠠᠬᠤᠶᠢᠯᠠᠯ ᠠᠴᠠ ᠵᠡᠮᠳᠡᠭ ᠬᠥᠮᠥᠰ ᠢ ᠲᠥᠪᠬᠢᠨᠡᠭᠦᠯᠦᠭᠰᠡᠨ ᠪᠣᠯ ᠵᠡᠮᠳᠡᠭ ᠠᠵᠢᠯᠲᠠᠨ ᠠᠵᠢᠯᠴᠢᠨ ᠳᠤ ᠥᠭᠭᠦᠭᠰᠡᠨ | ᠴᠠᠯᠢᠩ ᠤᠨ ᠶᠣᠰᠣᠭᠠᠷ ᠪᠣᠳᠠᠲᠠᠢ ᠪᠠᠷ ᠰᠠᠭᠤᠯᠭᠠᠨ ᠠᠪᠤᠭᠰᠠᠨ ᠰᠠᠭᠤᠷᠢᠨ ᠳᠡᠭᠡᠷ᠎ᠡ ᠂ ᠭᠠᠶᠢᠯᠢ ᠲᠤᠰᠢᠶᠠᠬᠤ ᠶᠣᠰᠣᠲᠠᠢ | ᠠᠰᠢᠭ ᠣᠷᠣᠯᠭ᠎ᠠ ᠶᠢᠨ ᠲᠤᠭ᠎ᠠ ᠶᠢ ᠪᠤᠳᠤᠬᠤ ᠦᠶ᠎ᠡ ᠳᠤ ᠵᠡᠮᠳᠡᠭ ᠠᠵᠢᠯᠲᠠᠨ ᠠᠵᠢᠯᠴᠢᠨ ᠳᠤ ᠥᠭᠭᠦᠭᠰᠡᠨ | ᠴᠠᠯᠢᠩ ᠤᠨ 100% ᠪᠠᠷ ᠨᠡᠮᠡᠨ ᠪᠤᠳᠤᠵᠤ ᠰᠠᠭᠤᠯᠭᠠᠨ ᠠᠪᠴᠤ ᠪᠣᠯᠣᠨ᠎ᠠ ᠃ | 3.ᠬᠤᠲᠠ ᠪᠠᠯᠭᠠᠰᠤ ᠶᠢᠨ ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠬᠦ ᠲᠥᠷᠥ ᠶᠢᠨ | ᠪᠣᠳᠣᠯᠭ᠎ᠠ ᠄ ᠨᠢᠭᠡ ᠭᠠᠶᠢᠯᠢ ᠲᠤᠰᠢᠶᠠᠬᠤ ᠣᠨ ᠤ ᠳᠣᠲᠣᠷᠠᠬᠢ ᠰᠠᠷ᠎ᠠ ᠪᠦᠷᠢ ᠳᠤᠮᠳᠠᠴᠢ ᠪᠠᠷ ᠪᠣᠳᠠᠲᠠᠢ | ᠲᠥᠪᠬᠢᠨᠡᠭᠦᠯᠦᠭᠰᠡᠨ ᠵᠡᠮᠳᠡᠭᠴᠦᠳ ᠤᠨ ᠠᠵᠢᠯ ᠣᠯᠣᠭᠰᠠᠨ ᠬᠥᠮᠥᠨ ᠤ ᠲᠤᠭ᠎ᠠ ᠶᠢᠨ ᠨᠢᠭᠡᠴᠢ ᠶᠢᠨ ᠠᠵᠢᠯ ᠳᠤ | ᠪᠠᠶᠢᠭ᠎ᠠ ᠠᠵᠢᠯᠲᠠᠨ ᠠᠵᠢᠯᠴᠢᠨ ᠤ ᠶᠡᠷᠦᠩᠬᠡᠢ ᠲᠣᠭᠠᠨ ᠳᠤ ᠡᠵᠡᠯᠡᠬᠦ ᠬᠠᠷᠢᠴᠠᠯ ᠨᠢ 25% ︵ 25% ᠪᠠᠭᠲᠠᠨ᠎ᠠ ︶ | ᠠᠴᠠ ᠥᠨᠳᠥᠷ ᠮᠥᠷᠲᠡᠭᠡᠨ ᠪᠣᠳᠠᠲᠠᠢ ᠲᠥᠪᠬᠢᠨᠡᠭᠦᠯᠦᠭᠰᠡᠨ ᠵᠡᠮᠳᠡᠭᠴᠦᠳ ᠤᠨ ᠲᠤᠭ᠎ᠠ ᠨᠢ 10 ︵ 10 ᠬᠥᠮᠥᠨ | ᠪᠠᠭᠲᠠᠨ᠎ᠠ ︶ ᠠᠴᠠ ᠥᠨᠳᠥᠷ ᠪᠠᠶᠢᠭ᠎ᠠ ᠨᠢᠭᠡᠴᠢ ᠳᠤ ᠪᠣᠯ ᠲᠤᠰ ᠣᠨ ᠤ ᠬᠤᠲᠠ ᠪᠠᠯᠭᠠᠰᠤ ᠶᠢᠨ ᠭᠠᠵᠠᠷ ᠰᠢᠷᠣᠢ | ᠬᠡᠷᠡᠭᠯᠡᠬᠦ ᠭᠠᠶᠢᠯᠢ ᠶᠢ ᠬᠠᠰᠤᠵᠤ ᠲᠠᠲᠠᠪᠤᠷᠢᠯᠠᠬᠤ ᠪᠤᠶᠤ ᠬᠡᠯᠲᠦᠷᠢᠭᠦᠯᠵᠦ ᠪᠣᠯᠣᠨ᠎ᠠ ᠃ | 4.ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠬᠠᠷᠠᠭᠠᠯᠵᠠᠯᠲᠤ ᠲᠥᠷᠥ ᠶᠢᠨ | ᠪᠣᠳᠣᠯᠭ᠎ᠠ᠄ 2023 ᠣᠨ ᠤ 1 ᠰᠠᠷ᠎ᠠ ᠶᠢᠨ 1 ᠤ ᠡᠳᠦᠷ ᠠᠴᠠ 2027 ᠣᠨ ᠤ 12 ᠰᠠᠷ᠎ᠠ ᠶᠢᠨ 31 ᠤ ᠡᠳᠦᠷ | ᠪᠣᠯᠲᠠᠯ᠎ᠠ᠂ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠲᠠᠰ ᠬᠤᠪᠢᠶᠠᠨ ᠬᠠᠰᠤᠵᠤ | ᠲᠤᠰᠢᠶᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠡᠭᠦᠨ ᠳᠤ᠄ ᠬᠥᠮᠥᠨ ᠬᠡᠷᠡᠭᠯᠡᠬᠦ | ᠨᠢᠭᠡᠴᠢ ᠶᠢᠨ ᠵᠡᠮᠳᠡᠭᠴᠦᠳ ᠲᠤ ᠠᠵᠢᠯ ᠣᠯᠭᠤᠬᠤ ᠪᠠᠷ ᠲᠣᠬᠢᠷᠠᠭᠤᠯᠤᠭᠰᠠᠨ ᠬᠠᠷᠢᠴᠠᠯ ᠨᠢ 1% ︵ᠪᠠᠭᠲᠠᠨ᠎ᠠ︶ | ᠠᠴᠠ ᠳᠡᠭᠡᠭᠰᠢ ᠳᠤ ᠬᠦᠷᠦᠭᠰᠡᠨ ᠪᠣᠯᠪᠠᠴᠤ 1.5% ᠶᠢᠨ ᠬᠠᠷᠢᠴᠠᠯ ᠳᠤ ᠬᠦᠷᠦᠭᠰᠡᠨ ᠦᠭᠡᠢ ᠪᠠᠶᠢᠪᠠᠯ᠂ ᠲᠣᠭᠲᠠᠭᠠᠯ | ᠶᠣᠰᠣᠭᠠᠷ ᠲᠤᠰᠢᠶᠠᠬᠤ ᠶᠣᠰᠣᠲᠠᠢ ᠰᠦᠢᠳᠬᠡᠯ ᠤᠨ ᠲᠣᠭᠠᠨ ᠤ 50% ᠪᠠᠷ ᠵᠡᠮᠳᠡᠭᠴᠦᠳ ᠲᠤ ᠠᠵᠢᠯ ᠣᠯᠭᠤᠬᠤ | ᠪᠠᠲᠤᠯᠠᠭ᠎ᠠ ᠶᠢᠨ ᠮᠥᠩᠭᠦ ᠲᠤᠰᠢᠶᠠᠨ᠎ᠠ︔ ᠬᠥᠮᠥᠨ ᠬᠡᠷᠡᠭᠯᠡᠬᠦ ᠨᠢᠭᠡᠴᠢ ᠠᠴᠠ ᠵᠡᠮᠳᠡᠭᠴᠦᠳ ᠲᠤ ᠠᠵᠢᠯ ᠣᠯᠭᠤᠬᠤ | ᠬᠠᠷᠢᠴᠠᠯ ᠨᠢ 1% ᠠᠴᠠ ᠳᠣᠷᠣᠭᠰᠢ ᠪᠠᠶᠢᠪᠠᠯ᠂ ᠲᠣᠭᠲᠠᠭᠠᠯ ᠶᠣᠰᠣᠭᠠᠷ ᠲᠤᠰᠢᠶᠠᠬᠤ ᠶᠣᠰᠣᠲᠠᠢ ᠰᠦᠢᠳᠬᠡᠯ ᠤᠨ | ᠲᠣᠭᠠᠨ ᠤ 90% ᠪᠠᠷ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠲᠤᠰᠢᠶᠠᠨ᠎ᠠ᠃ | ᠬᠥᠲᠥᠯᠥᠭᠴᠢ ᠄ ᠵᠡᠮᠳᠡᠭ ᠬᠥᠮᠥᠨ ᠲᠤᠰᠠᠯᠠᠬᠤ ᠪᠠᠭᠠᠵᠢ ᠬᠡᠷᠡᠭᠰᠡᠯ ᠢ ᠬᠡᠷᠬᠢᠨ ᠭᠤᠶᠤᠴᠢᠯᠠᠬᠤ ᠪᠣᠶ︖ ᠶᠠᠮᠠᠷ | ᠶᠠᠮᠠᠷ ᠲᠤᠰᠠᠯᠠᠬᠤ ᠪᠠᠭᠠᠵᠢ ᠬᠡᠷᠡᠭᠰᠡᠯ ᠢ ᠭᠤᠶᠤᠴᠢᠯᠠᠵᠤ ᠪᠣᠯᠬᠤ ᠪᠣᠶ︖ | ᠫᠠᠨ ᠳᠡᠳ᠋ ᠳᠠᠷᠤᠭ᠎ᠠ ᠄ ᠰᠢᠶᠠᠨ ᠤ ᠵᠡᠮᠳᠡᠭᠴᠦᠳ ᠤᠨ ᠬᠤᠯᠪᠣᠭ᠎ᠠ ᠪᠠᠶᠢᠭᠤᠯᠤᠭᠳᠠᠭᠰᠠᠨ ᠠᠴᠠ ᠨᠠᠰᠢ᠂ ᠨᠠᠷᠢᠯᠢᠭ | ᠣᠨᠣᠴᠠᠲᠠᠢ ᠪᠠᠷ ᠡᠷᠡᠭᠦᠯᠵᠢᠭᠦᠯᠬᠦ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠺᠠᠶᠢᠯᠤ | ᠰᠢᠶᠠᠨ ᠤ ᠡᠷᠦᠬᠡ ᠠᠮᠠ ᠶᠢᠨ ᠲᠠᠩᠰᠠ ᠲᠠᠢ ᠪᠥᠭᠡᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠡᠮᠳᠡᠭᠴᠦᠳ ᠤᠨ ᠦᠨᠡᠮᠯᠡᠯ︾ ᠲᠠᠢ ᠵᠡᠮᠳᠡᠭᠴᠦᠳ ᠵᠡᠮᠳᠡᠭᠴᠦᠳ ᠤᠨ ᠲᠥᠷᠥᠯ ᠢᠯᠭᠠᠯ᠂ ᠵᠡᠷᠭᠡ ᠳᠡᠰ ᠲᠠᠢ | ᠵᠣᠬᠢᠴᠠᠯᠳᠤᠭᠰᠠᠨ ᠦᠨᠳᠦᠰᠦᠨ ᠬᠡᠯᠪᠡᠷᠢ ᠶᠢᠨ ᠲᠤᠰᠠᠯᠠᠬᠤ ᠪᠠᠭᠠᠵᠢ ᠬᠡᠷᠡᠭᠰᠡᠯ ᠢ ᠰᠦᠢᠳᠬᠡᠯ ᠬᠤᠷᠢᠶᠠᠬᠤ ᠦᠭᠡᠢ ᠪᠠᠷ | ᠭᠤᠶᠤᠴᠢᠯᠠᠵᠤ ᠪᠣᠯᠣᠨ᠎ᠠ᠃ ᠭᠤᠶᠤᠴᠢᠯᠠᠭᠴᠢ ᠨᠢ ᠲᠣᠰᠬᠤᠨ ︵ᠨᠡᠶᠢᠭᠡᠮ ᠲᠣᠭᠤᠷᠢᠭ︶ ᠳᠤ ︽ᠵᠡᠮᠳᠡᠭᠴᠦᠳ ᠤᠨ | ᠨᠠᠷᠢᠯᠢᠭ ᠣᠨᠣᠴᠠᠲᠠᠢ ᠪᠠᠷ ᠡᠷᠡᠭᠦᠯᠵᠢᠭᠦᠯᠬᠦ ᠦᠢᠯᠡᠴᠢᠯᠡᠭᠡᠨ ᠤ ᠨᠥᠬᠦᠪᠦᠷᠢ ᠭᠤᠶᠤᠴᠢᠯᠠᠬᠤ ᠶᠢ ᠬᠢᠨᠠᠨ ᠵᠥᠪᠰᠢᠶᠡᠷᠡᠬᠦ | ᠬᠦᠰᠦᠨᠦᠭᠲᠦ︾ ᠶᠢ ᠲᠠᠭᠯᠠᠬᠤ ᠶᠢᠨ ᠬᠠᠮᠲᠤ ᠵᠡᠮᠳᠡᠭᠴᠦᠳ ᠤᠨ ᠪᠡᠶ᠎ᠡ ᠶᠢᠨ ᠦᠨᠡᠮᠯᠡᠯ᠂ ᠵᠡᠮᠳᠡᠭᠴᠦᠳ ᠤᠨ | ᠦᠨᠡᠮᠯᠡᠯ ᠤᠨ ᠪᠠᠭᠤᠯᠭᠠᠪᠤᠷᠢ ᠶᠢ ᠬᠠᠩᠭᠠᠵᠤ᠂ ᠲᠣᠰᠬᠤᠨ ︵ᠨᠡᠶᠢᠭᠡᠮ ᠲᠣᠭᠤᠷᠢᠭ︶ ᠤ ᠲᠤᠰᠬᠠᠢ ᠲᠤᠰᠢᠶᠠᠯᠲᠤ | ᠭᠡᠰᠢᠭᠦᠨ ᠠᠴᠠ ᠪᠠᠯᠭᠠᠰᠤ ᠲᠠᠯᠠᠪᠠᠢ ᠶᠢᠨ ᠵᠡᠮᠳᠡᠭᠴᠦᠳ ᠤᠨ ᠬᠤᠯᠪᠣᠭ᠎ᠠ ᠳᠤ ᠮᠡᠳᠡᠭᠦᠯᠦᠨ ᠬᠦᠷᠭᠡᠵᠦ᠂ ᠪᠠᠯᠭᠠᠰᠤ | ᠲᠠᠯᠠᠪᠠᠢ ᠶᠢᠨ ᠵᠡᠮᠳᠡᠭᠴᠦᠳ ᠤᠨ ᠬᠤᠯᠪᠣᠭ᠎ᠠ ᠶᠢ ᠠᠩᠬ᠎ᠠ ᠬᠢᠨᠠᠭᠰᠠᠨ ᠤ ᠳᠠᠷᠠᠭ᠎ᠠ ᠬᠡᠷᠡᠭᠴᠡᠭᠡ ᠱᠠᠭᠠᠷᠳᠠᠯᠭ᠎ᠠ ᠶᠢᠨ | ᠬᠤᠷᠢᠶᠠᠩᠭᠤᠢ ᠬᠦᠰᠦᠨᠦᠭᠲᠦ ᠶᠢ ᠰᠢᠶᠠᠨ ᠤ ᠵᠡᠮᠳᠡᠭᠴᠦᠳ ᠤᠨ ᠬᠤᠯᠪᠣᠭ᠎ᠠ ᠳᠤ ᠨᠢᠭᠡᠳᠦᠯᠲᠡᠢ ᠮᠡᠳᠡᠭᠦᠯᠦᠨ ᠬᠦᠷᠭᠡᠵᠦ᠂ | ᠰᠢᠶᠠᠨ ᠤ ᠵᠡᠮᠳᠡᠭᠴᠦᠳ ᠤᠨ ᠬᠤᠯᠪᠣᠭ᠎ᠠ ᠶᠢ ᠳᠠᠬᠢᠨ ᠬᠢᠨᠠᠭᠠᠳ ᠬᠢᠷᠢ ᠲᠡᠩᠴᠡᠭᠰᠡᠨ ᠤ ᠳᠠᠷᠠᠭ᠎ᠠ᠂ ᠪᠠᠯᠭᠠᠰᠤ | ᠲᠠᠯᠠᠪᠠᠢ ᠶᠢᠨ ᠵᠡᠮᠳᠡᠭᠴᠦᠳ ᠤᠨ ᠬᠤᠯᠪᠣᠭ᠎ᠠ ᠶᠢ ᠵᠣᠬᠢᠶᠠᠨ ᠪᠠᠶᠢᠭᠤᠯᠤᠨ ᠣᠯᠭᠤᠬᠤ ᠪᠠ ᠲᠣᠬᠢᠷᠠᠭᠤᠯᠤᠨ᠎ᠠ᠃ | ᠮᠦᠴᠢ ᠵᠡᠮᠳᠡᠭ ᠬᠥᠮᠥᠨ ᠬᠦᠷᠳᠦᠲᠦ ᠰᠠᠨᠳᠠᠯᠢ ᠂ ᠲᠠᠶᠠᠭ ᠂ ᠲᠤᠰᠠᠯᠠᠬᠤ ᠵᠢᠶᠠᠰᠠ ᠂ ᠰᠠᠭᠤᠬᠤ ᠳᠤ ᠳᠥᠭᠦᠮ | ᠰᠠᠨᠳᠠᠯᠢ ᠵᠡᠷᠭᠡ ᠶᠢ ᠭᠤᠶᠤᠴᠢᠯᠠᠵᠤ ᠪᠣᠯᠣᠨ᠎ᠠ ︔ ᠬᠠᠷᠠᠭ᠎ᠠ ᠵᠡᠮᠳᠡᠭ ᠬᠥᠮᠥᠨ ᠰᠣᠬᠤᠷ ᠬᠥᠮᠥᠨ ᠤ ᠲᠠᠶᠠᠭ ᠂ | ᠲᠣᠮᠣᠷᠠᠭᠤᠯᠤᠭᠴᠢ ᠰᠢᠯ ᠂ ᠬᠠᠷᠠᠭᠠᠨ ᠳᠤ ᠲᠤᠰᠠᠯᠠᠬᠤ ᠪᠠᠭᠠᠵᠢ ᠵᠡᠷᠭᠡ ᠶᠢ ᠭᠤᠶᠤᠴᠢᠯᠠᠵᠤ ᠪᠣᠯᠣᠨ᠎ᠠ ︔ ᠰᠣᠨᠣᠰᠬᠤ | ᠴᠢᠳᠠᠪᠤᠷᠢ ᠲᠠᠢ ᠵᠡᠮᠳᠡᠭ ᠬᠥᠮᠥᠨ ᠰᠣᠨᠣᠷ ᠲᠤᠳᠤᠤᠡᠬᠠᠭᠤᠷ ᠢ ᠭᠤᠶᠤᠴᠢᠯᠠᠵᠤ ᠪᠣᠯᠣᠨ᠎ᠠ ᠃ | ᠬᠡᠷᠪᠡ ᠵᠡᠮᠳᠡᠭ ᠨᠠᠶᠢᠵᠠ ᠪᠤᠶᠤ ᠬᠥᠮᠥᠨ ᠬᠡᠷᠡᠭᠯᠡᠬᠦ ᠨᠢᠭᠡᠴᠢ ᠠᠴᠠ ᠨᠠᠷᠢᠨ ᠠᠰᠠᠭᠤᠨ ᠯᠠᠪᠯᠠᠬᠤ ᠴᠢᠬᠤᠯᠠᠲᠠᠢ | ᠠᠰᠠᠭᠤᠳᠠᠯ ᠪᠠᠶᠢᠪᠠᠯ ᠪᠢᠳᠡᠨ ᠲᠠᠢ ᠬᠠᠷᠢᠯᠴᠠᠵᠤ ᠪᠣᠯᠣᠨ᠎ᠠ ᠂ ᠬᠠᠷᠢᠯᠴᠠᠬᠤ ᠤᠲᠠᠰᠤ ᠄ 2362375 ᠃ | | |