11 ᠰᠠᠷ᠎ᠠ ᠶᠢᠨ 22 ᠤᠨ ᠡᠳᠦᠷ᠂ ᠵᠢᠶᠠᠩᠰᠤ ᠶᠢᠨ ᠯᠢᠦᠢ ᠭᠠᠩ ᠤᠨ ᠣᠲᠣ ᠦᠶ᠎ᠡ ᠶᠢᠨ ᠲᠠᠷᠢᠶᠠᠯᠠᠩ ᠤᠨ | ᠬᠥᠭᠵᠢᠯᠲᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠠᠩ ᠰᠢᠶᠠᠩ | ᠵᠢᠩ ᠮᠠᠨ ᠤ ᠰᠢᠶᠠᠨ ᠳᠤ ᠬᠦᠷᠴᠦ ᠠᠵᠢᠯ ᠪᠠᠶᠢᠴᠠᠭᠠᠪᠠ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠵᠧᠦ ᠱᠦᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | | | | | | | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠬᠥᠳᠡᠭᠡ ᠠᠵᠤ ᠠᠬᠤᠢ ᠶᠢᠨ | ᠬᠥᠭᠵᠢᠯᠲᠡ ᠶᠢᠨ ᠰᠠᠭᠤᠷᠢ ᠵᠢᠴᠢ ᠲᠥᠬᠦᠭᠡᠷᠦᠮᠵᠢᠲᠦ ᠬᠥᠳᠡᠭᠡ ᠠᠵᠤ ᠠᠬᠤᠢ ᠶᠢᠨ ᠠᠵᠤ ᠦᠢᠯᠡᠰ ᠤᠨ | ᠬᠥᠭᠵᠢᠯᠲᠡ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠨᠠᠷᠢᠨ ᠰᠤᠨᠤᠰᠪᠠ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠬᠡᠷᠡᠭᠯᠡᠬᠦ ᠪᠠᠷ ᠪᠡᠯᠡᠳᠬᠡᠭᠰᠡᠨ ᠭᠠᠵᠠᠷ ᠰᠢᠷᠣᠢ ᠶᠢᠨ ᠡᠨᠧᠷᠭᠢ ᠶᠢᠨ ᠢᠵᠢ | ᠪᠦᠷᠢᠳᠦᠭᠦᠯᠬᠦ ᠲᠥᠬᠦᠭᠡᠷᠦᠮᠵᠢ᠂ ᠭᠠᠵᠠᠷ ᠰᠢᠷᠣᠢ ᠶᠢᠨ ᠰᠢᠨᠵᠢ ᠴᠢᠨᠠᠷ ᠵᠢᠴᠢ ᠲᠠᠯᠠᠪᠠᠶ ᠶᠢᠨ ᠪᠠᠶᠢᠳᠠᠯ ᠢ ᠲᠤᠬᠠᠢ ᠶᠢᠨ | ᠭᠠᠵᠠᠷ ᠲᠤᠨᠢ ᠪᠠᠶᠢᠴᠠᠭᠠᠨ ᠦᠵᠡᠪᠡ᠃ | | | | | | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ ᠂ ᠮᠠᠨ ᠤ ᠰᠢᠶᠠᠨ ᠤ ᠠᠵᠤ ᠦᠢᠯᠡᠰ ᠤᠨ | ᠬᠤᠯᠪᠣᠭᠳᠠᠬᠤ ᠬᠡᠮᠵᠢᠶ᠎ᠡ ᠪᠠᠷ ᠥᠨᠳᠥᠷ ᠂ ᠠᠭᠤᠰᠤᠯᠴᠠᠬᠤ ᠴᠢᠨᠠᠷ ᠢᠶᠠᠷ ᠴᠢᠩᠭ᠎ᠠ ᠂ ᠣᠨᠴᠠᠭᠠᠶᠢᠯᠠᠨ ᠲᠥᠬᠦᠭᠡᠷᠦᠮᠵᠢᠲᠦ | ᠲᠠᠷᠢᠶᠠᠯᠠᠩ ᠤᠨ ᠬᠥᠭᠵᠢᠯᠲᠡ ᠨᠢ ᠵᠣᠬᠢᠬᠤ ᠬᠡᠮᠵᠢᠶᠡᠨ ᠤ ᠭᠠᠵᠠᠷ ᠰᠢᠷᠣᠢ ᠶᠢᠨ ᠳᠠᠪᠠᠭᠤᠯᠢᠭ ᠪᠠ ᠠᠵᠤ ᠦᠢᠯᠡᠰ ᠤᠨ | ᠢᠵᠢ ᠪᠦᠷᠢᠳᠦᠭᠰᠡᠨ ᠳᠠᠪᠠᠭᠤᠯᠢᠭ ᠢ ᠪᠦᠷᠢᠯᠳᠦᠭᠦᠯᠵᠦ ᠂ ᠨᠣᠭᠤᠭᠠᠨ ᠭᠠᠷᠠᠮ ᠤᠨ ᠺᠣᠮᠫᠠᠨᠢ ᠶᠢᠨ ᠲᠥᠬᠦᠭᠡᠷᠦᠮᠵᠢᠲᠦ | ᠲᠠᠷᠢᠶᠠᠯᠠᠩ ᠳᠤ ᠪᠡᠯᠡ ᠣᠷᠣᠭᠤᠯᠬᠤ ᠬᠠᠲᠠᠭᠤ ᠨᠥᠬᠦᠴᠡᠯ ᠳᠤ ᠨᠡᠶᠢᠴᠡᠨ᠎ᠡ ᠃ ᠬᠤᠶᠠᠷ ᠲᠠᠯ᠎ᠠ ᠪᠠᠷ ᠢᠶᠠᠨ ᠪᠠᠰᠠ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠵᠥᠪᠳᠡᠯᠴᠡᠨ ᠬᠠᠮᠲᠤᠷᠠᠯᠴᠠᠬᠤ ᠵᠢᠴᠢ | ᠭᠠᠵᠠᠷ ᠰᠣᠩᠭᠤᠨ ᠭᠠᠵᠠᠷ ᠬᠡᠷᠡᠭᠯᠡᠬᠦ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠲᠤᠰ ᠲᠦᠷᠦᠯ | ᠵᠦᠢᠯ ᠳᠤ 400︱500 ᠮᠦ ᠭᠠᠵᠠᠷ ᠬᠡᠷᠡᠭᠯᠡᠬᠦ ᠪᠠᠷ ᠲᠥᠯᠥᠪᠯᠡᠵᠦ ᠂ ᠵᠢᠱᠢᠯᠲᠡ ᠪᠠᠷ 4 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠨ᠎ᠠ ᠭᠡᠵᠦ ᠢᠯᠡᠳᠬᠡᠪᠡ ᠃ | ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠣᠷᠣᠨ ᠪᠦᠰᠡ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠪᠠᠶᠢᠴᠠᠭᠠᠯᠲᠠ ᠳᠤ | ᠣᠷᠣᠯᠴᠠᠪᠠ᠃ ︵ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ | ᠡᠬᠡ ᠪᠢᠴᠢᠭ ᠬᠠᠩᠭᠠᠪᠠ︶ | |