ᠺᠠᠶᠢᠯᠤ ᠰᠢᠶᠠᠨ ᠤ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠣᠷᠣᠨᠠᠲᠤ ᠣᠷᠣᠨ ᠤ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠬᠤᠷᠠᠯ ᠨᠠᠨᠵᠢᠩ ᠤᠨ ᠤᠯᠤᠰ ᠤᠨ ᠲᠠᠷᠢᠶᠠᠯᠠᠩ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠲᠥᠪ ᠲᠤ ᠶᠠᠪᠤᠭᠳᠠᠪᠠ᠂ ᠸᠠᠩ ᠹᠧᠩ ᠰᠧᠨ ᠣᠷᠣᠯᠴᠠᠵᠤ ᠪᠠᠶᠠᠷ ᠤᠨ ᠦᠭᠡ ᠬᠡᠯᠡᠪᠡ
ᠨᠡᠶᠢᠲᠡᠯᠡᠭᠰᠡᠨ ᠴᠠᠭ᠄
2023/12/21
      ᠬᠤᠲᠠ ᠶᠢᠨ ᠨᠠᠮ ᠤᠨ ᠬᠤᠷᠢᠶ᠎ᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠡᠪᠦᠯ ᠤᠨ ᠤᠯᠠᠷᠢᠯ ᠤᠨ ᠳᠠᠶᠢᠯᠠᠯᠳᠤᠭᠠᠨ︾ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ 12 ᠰᠠᠷ᠎ᠠ ᠶᠢᠨ 19 ᠤ ᠡᠳᠦᠷ᠂ ᠺᠠᠶᠢᠯᠤ ᠰᠢᠶᠠᠨ ᠤ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠣᠷᠣᠨᠠᠲᠤ ᠣᠷᠣᠨ ᠤ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠬᠤᠷᠠᠯ ᠨᠠᠨᠵᠢᠩ ᠤᠨ ᠤᠯᠤᠰ ᠤᠨ ᠲᠠᠷᠢᠶᠠᠯᠠᠩ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠲᠥᠪ ᠲᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠡᠾᠧᠩ ᠬᠤᠷᠠᠯ ᠡᠷᠬᠢᠯᠡᠪᠡ᠃ ᠨᠠᠨᠵᠢᠩ ᠤᠨ ᠤᠯᠤᠰ ᠤᠨ ᠲᠠᠷᠢᠶᠠᠯᠠᠩ ᠤᠨ ᠠᠳᠠᠯ ᠦᠢᠯᠡᠰ ᠴᠣᠭᠴᠠᠯᠠᠬᠤ ᠲᠥᠪ᠂ ᠨᠠᠨᠵᠢᠩ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠲᠢᠶᠠᠨᠵᠢᠨ ᠤ ᠯᠦᠩ ᠴᠤᠸᠠᠩ ᠾᠧᠩ ᠱᠧᠩ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠵᠢᠶᠠᠩᠰᠤ ᠶᠢᠨ ᠲᠢ ᠴᠢᠶᠣᠤ ᠣᠷᠴᠢᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠨᠠᠨᠵᠢᠩ ᠬᠤᠳᠠ ᠶᠢᠨ ᠬᠤᠩ ᠡᠾᠦ᠋ᠢ ᠶᠤᠸᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠢᠶᠠᠩᠰᠤ ᠶᠢᠨ ᠪᠦᠦ ᠲᠦ᠋ ᠭᠠᠵᠠᠷ ᠵᠦᠢ ᠶᠢᠨ ᠮᠡᠳᠡᠭᠡ ᠵᠠᠩᠭᠢ ᠶᠢᠨ ᠬᠢᠵᠠᠭᠠᠷᠲᠤ ᠺᠣᠮᠫᠠᠨᠢ᠂ ᠨᠠᠨᠵᠢᠩ ᠤᠨ ᠰᠧ ᠨᠦᠩ ᠠᠮᠢᠳᠤ ᠪᠣᠳᠠᠰ ᠤᠨ ᠣᠷᠭᠠᠨᠢᠭ ᠪᠣᠷᠳᠣᠭᠤᠷ ᠤᠨ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠣᠮᠫᠠᠨᠢ ᠵᠡᠷᠭᠡ 20 ᠭᠠᠷᠤᠢ ᠠᠵᠤ ᠠᠬᠤᠶᠢᠯᠠᠯ᠂ ᠬᠦᠷᠢᠶᠡᠯᠡᠩ ᠭᠠᠵᠠᠷ ᠤᠨ ᠬᠠᠷᠢᠭᠤᠴᠠᠯᠭᠠᠲᠠᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃ ᠲᠦᠩᠯᠢᠶᠣᠣ ᠬᠤᠲᠠ ᠶᠢᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ᠂ ᠬᠤᠲᠠ ᠶᠢᠨ ᠠᠮᠢᠲᠠᠨ ᠤ ᠬᠢᠵᠢᠭ ᠪᠠᠶᠢᠴᠠᠭᠠᠬᠤ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ᠂ ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠂ ᠲᠦᠩᠯᠢᠶᠣᠣ ᠶᠢᠨ ᠺᠠᠶᠢᠯᠤ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠢᠶᠠᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
      图片1.png
      ᠦᠳᠡ ᠶᠢᠨ ᠡᠮᠦᠨ᠎ᠡ᠂ ᠸᠠᠩ ᠹᠧᠩ ᠰᠧᠨ ᠪᠦᠯᠬᠦᠮ ᠳᠠᠭᠠᠭᠤᠯᠤᠨ ᠨᠠᠨᠵᠢᠩ ᠤᠨ ᠤᠯᠤᠰ ᠤᠨ ᠲᠠᠷᠢᠶᠠᠯᠠᠩ ᠤᠨ ᠠᠳᠠᠯ ᠦᠢᠯᠡᠰ ᠴᠣᠭᠴᠠᠯᠠᠬᠤ ᠲᠥᠪ ᠢ ᠲᠣᠭᠤᠷᠢᠨ ᠦᠵᠡᠵᠦ᠂ ᠨᠠᠨᠵᠢᠩ ᠤᠨ ᠤᠯᠤᠰ ᠤᠨ ᠲᠠᠷᠢᠶᠠᠯᠠᠩ ᠤᠨ ᠠᠳᠠᠯ ᠦᠢᠯᠡᠰ ᠴᠣᠭᠴᠠᠯᠠᠬᠤ ᠲᠥᠪ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠭᠤᠣᠯᠯᠠᠬᠤ ᠠᠵᠤ ᠦᠢᠯᠡᠰ ᠵᠢᠴᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠪᠠ᠃ ᠵᠢᠶᠠᠩᠰᠤ ᠶᠢᠨ ᠲᠢ ᠴᠢᠶᠣᠤ ᠣᠷᠴᠢᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠸᠠᠩ ᠹᠧᠩ ᠰᠧᠨ ᠨᠠᠷ ᠺᠣᠮᠫᠠᠨᠢ ᠶᠢᠨ ᠭᠤᠣᠯ ᠪᠣᠯᠬᠤ ᠲᠤᠬᠠᠶᠢᠯᠠᠭᠰᠠᠨ ᠠᠵᠢᠯ ᠤᠨ ᠬᠦᠷᠢᠶ᠎ᠡ ᠪᠣᠯᠣᠨ ᠬᠤᠣᠷ ᠦᠭᠡᠶᠢᠵᠢᠬᠦᠯᠦᠨ ᠰᠢᠢᠳᠪᠦᠷᠢᠯᠡᠭᠰᠡᠨ ᠪᠠᠶᠢᠳᠠᠯ ᠢ ᠭᠦᠨᠵᠡᠭᠡᠢ ᠣᠶᠢᠯᠠᠭᠠᠵᠤ᠂ ᠮᠠᠨ ᠤ ᠰᠢᠶᠠᠨ ᠤ ᠲᠦᠷᠦᠯ ᠵᠦᠢᠯ ᠤᠨ ᠬᠠᠮᠲᠤᠷᠠᠯᠴᠠᠭᠠᠨ ᠤ ᠬᠦᠷᠢᠶ᠎ᠡ᠂ ᠠᠵᠤ ᠦᠢᠯᠡᠰ ᠤᠨ ᠬᠠᠮᠲᠤᠷᠠᠯᠴᠠᠭᠠᠨ ᠤ ᠠᠷᠭ᠎ᠠ ᠬᠡᠯᠪᠡᠷᠢ ᠶᠢ ᠰᠤᠳᠤᠯᠤᠨ ᠶᠠᠷᠢᠯᠴᠠᠭᠰᠠᠨ ᠪᠥᠭᠡᠳ ᠬᠠᠮᠲᠤᠷᠠᠯᠴᠠᠭᠠᠨ ᠤ ᠰᠠᠨᠠᠮᠵᠢ ᠲᠠᠢ ᠪᠣᠯᠪᠠ᠃
      图片2.png
      ᠸᠠᠩ ᠹᠧᠩ ᠰᠧᠨ ᠦᠳᠡ ᠶᠢᠨ ᠬᠤᠶᠢᠨ᠎ᠠ ᠶᠠᠪᠤᠭᠳᠠᠭᠰᠠᠨ ᠺᠠᠶᠢᠯᠤ ᠰᠢᠶᠠᠨ ᠤ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠣᠷᠣᠨᠠᠲᠤ ᠣᠷᠣᠨ ᠤ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠪᠠᠶᠠᠷ ᠤᠨ ᠦᠭᠡ ᠬᠡᠯᠡᠪᠡ᠃ ᠲᠡᠷᠡ ᠬᠡᠯᠡᠭᠰᠡᠨ ᠨᠢ᠂ ᠺᠠᠶᠢᠯᠤ ᠰᠢᠶᠠᠨ ᠪᠣᠯ ᠥᠪᠥᠷ ᠮᠣᠩᠭᠤᠯ ᠤᠨ ᠵᠡᠭᠦᠨ ᠬᠡᠰᠡᠭ ᠤᠨ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠴᠢᠬᠤᠯᠠ ᠰᠠᠭᠤᠷᠢᠨ ᠭᠠᠵᠠᠷ ᠮᠥᠨ᠂ ᠪᠥᠬᠦ ᠤᠯᠤᠰ ᠤᠨ ᠰᠢᠵᠢᠷ ᠠᠯᠲᠠᠨ ᠡᠷᠳᠡᠨᠢ ᠰᠢᠰᠢ ᠶᠢᠨ ᠭᠤᠣᠯ ᠭᠠᠷᠤᠯᠲᠠ ᠶᠢᠨ ᠣᠷᠣᠨ᠂ ︽ᠺᠠᠶᠢᠯᠤ ᠶᠢᠨ ᠤᠯᠠᠭᠠᠨ ᠬᠠᠳᠠᠭᠠᠭᠰᠠᠨ ᠯᠠᠵᠤᠤ︾ ᠶᠢᠨ ᠳᠤᠮᠳᠠᠳᠤ ᠤᠯᠤᠰ ᠤᠨ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ᠂ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠦᠢᠯᠡᠰ ᠤᠨ ᠰᠢᠯᠵᠢᠯᠲᠡ ᠶᠢ ᠵᠠᠯᠭᠠᠨ ᠵᠣᠯᠭᠠᠭᠤᠯᠬᠤ ᠵᠢᠱᠢᠶ᠎ᠡ ᠦᠵᠡᠭᠦᠯᠬᠦ ᠣᠷᠣᠨ ᠤ ᠭᠤᠣᠯ ᠵᠠᠩᠭᠢᠯᠠᠭ᠎ᠠ ᠶᠢᠨ ᠬᠤᠲᠠ ᠪᠠᠶᠢᠵᠤ᠂ ᠤᠯᠤᠰ ᠤᠨ ᠥᠨᠳᠥᠷ ᠪᠦᠲᠦᠮᠵᠢᠲᠡᠶ ᠣᠨᠴᠠᠯᠢᠭᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠰᠢᠶᠠᠨ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ᠂ ᠳᠤᠮᠳᠠᠳᠤ ᠤᠯᠤᠰ ᠤᠨ ᠤᠯᠠᠭᠠᠨ ᠬᠠᠳᠠᠭᠠᠭᠰᠠᠨ ᠯᠠᠵᠤᠤ ᠶᠢᠨ ᠬᠤᠲᠠ᠂ ᠳᠤᠮᠳᠠᠳᠤ ᠤᠯᠤᠰ ᠤᠨ ᠠᠷᠤᠷᠠᠯᠢᠭ ᠵᠢᠮᠢᠰ ᠤᠨ ᠨᠤᠲᠤᠭ ᠵᠡᠷᠭᠡ 10 ︽ᠤᠯᠤᠰ ᠤᠨ ᠨᠠᠷᠠᠲᠤ︾ ᠴᠣᠯᠠ ᠲᠠᠢ ᠶᠤᠮ᠃ ᠲᠡᠷᠡ ᠬᠡᠯᠡᠬᠦ ᠳᠡᠭᠡᠨ᠂ ᠡᠨᠡ ᠬᠦ ᠡᠪᠦᠯ ᠤᠨ ᠴᠠᠰᠤ ᠣᠷᠣᠵᠤ᠂ ᠮᠥᠩᠭᠦᠨ ᠴᠠᠭᠠᠨ ᠥᠩᠭᠡ ᠪᠠᠷ ᠬᠤᠴᠢᠭᠳᠠᠭᠰᠠᠨ ᠰᠠᠶᠢᠨ ᠰᠠᠶᠢᠬᠠᠨ ᠴᠠᠭ ᠮᠥᠴᠡ ᠳᠤ᠂ ᠠᠵᠤ ᠠᠬᠤᠶᠢᠯᠠᠯᠲᠠᠨ᠂ ᠲᠤᠰᠬᠠᠢ ᠮᠡᠷᠭᠡᠵᠢᠯᠲᠡᠳ ᠲᠠᠢ ᠨᠠᠨᠵᠢᠩ ᠳᠤ ᠴᠤᠭᠯᠠᠷᠠᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠠᠨᠢᠯᠴᠠᠭᠤᠯᠭ᠎ᠠ ᠶᠢᠨ ᠬᠤᠷᠠᠯ ᠬᠢᠵᠦ᠂ ᠲᠠ ᠪᠦᠬᠦᠨ ᠲᠠᠢ ᠬᠠᠮᠲᠤ ᠪᠠᠷ ᠬᠥᠭᠵᠢᠯᠲᠡ  ᠶᠢ ᠰᠦᠪᠡᠭᠴᠢᠯᠡᠵᠦ᠂ ᠨᠥᠬᠦᠷᠯᠡᠯ ᠪᠠᠶᠢᠭᠤᠯᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠪᠣᠯᠤᠭᠰᠠᠨ ᠳᠠᠭᠠᠨ ᠮᠠᠰᠢ ᠠᠵᠠᠲᠠᠢ ᠪᠠᠶᠢᠨ᠎ᠠ᠃ ᠣᠶᠢᠷ᠎ᠠ ᠶᠢᠨ ᠵᠢᠯ ᠤᠨ ᠲᠤᠷᠰᠢ᠂ ᠺᠠᠶᠢᠯᠤ ᠰᠢᠶᠠᠨ ᠥᠪᠥᠷ ᠮᠣᠩᠭᠤᠯ ᠤᠨ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠦᠷᠭᠡᠪᠴᠢᠯᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠭᠤᠣᠯᠯᠠᠬᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠣᠨᠴᠠᠯᠢᠭᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠠᠷᠠᠭᠤᠨ ᠯᠢᠶᠣᠤ ᠾᠧ ᠭᠤᠣᠯ ᠤᠨ ᠰᠣᠶᠣᠯ ᠤᠨ ᠥᠨᠢ ᠤᠳᠠᠭᠠᠨ ᠲᠡᠦᠬᠡ ᠳᠤ ᠲᠦᠰᠢᠭᠯᠡᠨ᠂ ︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ︾ ᠣᠷᠣᠨ ᠪᠦᠰᠡ ᠶᠢᠨ ᠤᠯᠠᠨ ᠨᠡᠶᠢᠲᠡ ᠶᠢᠨ ᠲᠦᠷᠦᠯ ᠲᠡᠮᠳᠡᠭ ᠢ ᠡᠭᠦᠳᠴᠦ᠂ ᠠᠮᠢ ᠠᠬᠤᠢ ᠶᠢᠨ ᠪᠣᠬᠢᠷᠲᠤᠯ ᠦᠭᠡᠢ ᠬᠠᠷᠢᠴᠠᠭᠤᠯᠤᠭᠰᠠᠨ ᠳᠠᠪᠠᠭᠤᠯᠢᠭ ᠢ ᠶᠡᠬᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠦᠢᠯᠡᠰ ᠢ ᠬᠥᠭᠵᠢᠭᠦᠯᠬᠦ᠂ ᠭᠤᠷᠪᠠᠨ ᠠᠵᠤ ᠦᠢᠯᠡᠰ ᠢ ᠠᠭᠤᠰᠤᠯᠴᠠᠭᠤᠯᠬᠤ ᠲᠠᠯ᠎ᠠ ᠪᠠᠷ ᠠᠷᠭ᠎ᠠ ᠤᠬᠠᠭᠠᠨ ᠰᠦᠪᠡᠭᠴᠢᠯᠡᠵᠦ᠂ ᠡᠷᠳᠡᠨᠢ ᠰᠢᠰᠢ᠂ ᠤᠯᠠᠭᠠᠨ ᠬᠠᠳᠠᠭᠠᠭᠰᠠᠨ ᠯᠠᠵᠤᠤ᠂ ᠠᠯᠠᠰᠢᠨ ᠦᠬᠡᠷ᠂ ᠤᠢ ᠵᠢᠮᠢᠰ᠂ ᠰᠣᠶᠣᠯ ᠵᠢᠭᠤᠯᠴᠢᠯᠠᠯ ︽ᠲᠠᠪᠤᠨ ᠶᠡᠭᠡ ᠠᠷᠠᠳ ᠢ ᠪᠠᠶᠠᠵᠢᠭᠤᠯᠬᠤ ᠠᠵᠤ ᠦᠢᠯᠡᠰ︾ ᠢ ᠬᠦᠴᠦᠯᠡᠨ ᠬᠥᠭᠵᠢᠭᠦᠯᠵᠦ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠭᠤᠣᠯ ᠠᠷᠭ᠎ᠠ ᠵᠠᠮ ᠢ ᠪᠣᠳᠠᠲᠠᠶᠢᠵᠢᠭᠤᠯᠪᠠ᠃ ᠠᠳᠡ᠂ ᠠᠵᠤ ᠠᠬᠤᠶᠢᠯᠠᠯᠲᠠᠳ ᠺᠠᠶᠢᠯᠦ ᠯᠦᠭᠡ ᠤᠷᠳᠤ ᠬᠤᠭᠤᠴᠠᠭᠠᠨ ᠤ ᠬᠠᠮᠲᠤᠷᠠᠯᠴᠠᠭ᠎ᠠ ᠪᠠᠶᠢᠭᠤᠯᠵᠤ᠂ ᠺᠠᠶᠢᠯᠦ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ᠃
      图片3.png
      ᠡᠭᠦᠨ ᠤ ᠳᠠᠷᠠᠭᠠᠬᠢ ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠨ ᠪᠣᠯᠣᠨ ᠲᠤᠰᠬᠠᠢ ᠮᠡᠷᠭᠡᠵᠢᠯᠲᠡᠨ ᠬᠤᠶᠢᠨ᠎ᠠ ᠬᠤᠶᠢᠨ᠎ᠠ ᠠᠴᠠ ᠪᠠᠨ ᠶᠠᠷᠢᠶ᠎ᠠ ᠲᠠᠯᠪᠢᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠴᠢᠭᠯᠡᠯ ᠪᠤᠶᠤ ᠰᠤᠳᠤᠯᠭᠠᠨ ᠤ ᠬᠦᠷᠢᠶ᠎ᠡ ᠬᠡᠪᠴᠢᠶ᠎ᠡ ᠵᠡᠷᠭᠡ ᠪᠠᠶᠢᠳᠠᠯ ᠢ ᠠᠭᠤᠵᠢᠷᠠᠲᠠᠯ᠎ᠠ ᠶᠠᠷᠢᠯᠴᠠᠬᠤ ᠶᠢᠨ ᠬᠠᠮᠲᠤ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠲᠠᠢ ᠵᠣᠯᠭᠠᠯᠳᠤᠭᠰᠠᠨ ᠪᠠᠶᠢᠳᠠᠯ ᠤᠨ ᠲᠣᠭᠤᠷᠢᠨ ᠳᠤ ᠭᠦᠨᠵᠡᠭᠡᠢ ᠰᠣᠯᠢᠯᠴᠠᠵᠤ᠂ ᠵᠣᠯᠭᠠᠯᠴᠠᠭ᠎ᠠ ᠶᠢ ᠰᠤᠳᠤᠯᠤᠨ ᠶᠠᠷᠢᠯᠴᠠᠪᠠ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠮᠠᠨ ᠤ ᠰᠢᠶᠠᠨ ᠤ ︽ᠲᠠᠪᠤᠨ ᠶᠡᠭᠡ ᠠᠵᠤ ᠦᠢᠯᠡᠰ︾ ᠵᠡᠷᠭᠡ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠤᠬᠠᠭᠤᠯᠭ᠎ᠠ ᠶᠢᠨ ᠹᠢᠯᠢᠮ ᠢ ᠦᠵᠡᠪᠡ᠃ ᠮᠠᠨ ᠤ ᠰᠢᠶᠠᠨ ᠭᠤᠣᠯᠳᠠᠭᠤ ᠤᠯᠠᠭᠠᠨ ᠬᠠᠳᠠᠭᠠᠭᠰᠠᠨ ᠯᠠᠵᠤᠤ᠂ ᠠᠯᠠᠰᠢᠨ ᠦᠬᠡᠷ ᠪᠣᠯᠣᠨ ᠤᠢ ᠵᠢᠮᠢᠰ ᠤᠨ ᠭᠤᠷᠪᠠᠨ ᠶᠡᠭᠡ ᠠᠵᠤ ᠦᠢᠯᠡᠰ ᠢ ᠲᠠᠨᠢᠯᠴᠠᠭᠤᠯᠤᠭᠰᠠᠨ ᠪᠠᠶᠢᠨ᠎ᠠ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠾᠧᠩ ᠮᠠᠨ ᠤ ᠰᠢᠶᠠᠨ ᠤ ᠠᠵᠤ ᠦᠢᠯᠡᠳᠪᠦᠷᠢ ᠶᠢᠨ ᠬᠥᠭᠵᠢᠯᠲᠡ ᠪᠠ ᠬᠤᠳᠠᠯᠳᠤᠭᠠᠴᠢᠨ ᠤᠷᠢᠬᠤ ᠵᠡᠷᠭᠡ ᠪᠠᠶᠢᠳᠠᠯ ᠢ ᠲᠠᠨᠢᠯᠴᠠᠭᠤᠯᠪᠠ᠃
      图片4.png
      ᠵᠢᠶᠠᠩᠰᠤ ᠶᠢᠨ ᠲᠢ ᠴᠢᠶᠣᠤ ᠣᠷᠴᠢᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠬᠤᠸᠠᠩ ᠰᠢᠨ ᠦ᠋ ᠬᠤᠷᠠᠯ ᠳᠡᠭᠡᠷ᠎ᠡ ᠶᠠᠷᠢᠶ᠎ᠠ ᠲᠠᠯᠪᠢᠵᠤ᠂ ᠲᠡᠷᠡ ᠢᠯᠡᠷᠬᠡᠶᠢᠯᠡᠭᠰᠡᠨ ᠨᠢ᠂ ᠺᠠᠶᠢᠯᠤ ᠰᠢᠶᠠᠨ ᠤ ᠠᠵᠤ ᠦᠢᠯᠡᠰ ᠤᠨ ᠰᠠᠭᠤᠷᠢ ᠪᠠᠲᠤᠲᠠᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠰᠠᠶᠢᠨ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠰᠢᠯᠢᠳᠡᠭ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠠᠮᠤᠭ ᠤᠨ ᠰᠠᠶᠢᠨ ᠰᠣᠩᠭᠤᠯᠲᠠ ᠪᠣᠯᠣᠨ᠎ᠠ᠃ ᠵᠠᠯᠭᠠᠭᠠᠳ᠂ ᠺᠣᠮᠫᠠᠨᠢ ᠨᠢ ᠺᠠᠶᠢᠯᠤ ᠰᠢᠶᠠᠨ ᠤ ᠨᠠᠨᠵᠢᠩ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠮᠡᠳᠡᠭᠡ ᠵᠠᠩᠭᠢ ᠪᠠ ᠬᠠᠯᠠᠭᠤᠮᠰᠤᠭ ᠦᠢᠯᠡᠴᠢᠯᠡᠭᠡ ᠬᠠᠩᠭᠠᠵᠤ᠂ ᠺᠠᠶᠢᠯᠤ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃
      图片5.png
      ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ᠂ ᠵᠢᠶᠠᠩᠰᠤ ᠶᠢᠨ ᠲᠢ ᠴᠢᠶᠣᠣ ᠣᠷᠴᠢᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠬᠤᠸᠠᠩ ᠰᠢᠨ ᠦ᠋ ᠬᠠᠮᠲᠤᠪᠠᠷ ᠺᠠᠶᠢᠯᠤ ᠰᠢᠶᠠᠨ ᠤ ᠵᠡᠭᠦᠨ ᠣᠷᠣᠨ ᠤ ᠠᠷᠠᠯᠵᠢᠶᠠᠴᠢᠨ ᠤᠷᠢᠬᠤ ᠬᠤᠯᠪᠣᠭ᠎ᠠ ᠠᠪᠬᠤ ᠭᠠᠵᠠᠷ ᠤᠨ ᠫᠠᠶᠢᠰᠠ ᠶᠢ ᠰᠡᠬᠦᠪᠡ︔ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠡᠾᠧᠩ ᠬᠤᠸᠠᠩ ᠰᠢᠨ ᠦ᠋ ᠵᠢᠴᠢ ᠺᠣᠮᠫᠠᠨᠢ ᠶᠢᠨ ᠬᠠᠷᠢᠭᠤᠴᠠᠯᠭᠠᠲᠠᠨ ᠭᠤᠤ ᠹᠧᠢ ᠳᠤ ᠺᠠᠶᠢᠯᠤ ᠰᠢᠶᠠᠨ ᠤ ︽ᠠᠷᠠᠯᠵᠢᠶᠠᠴᠢᠨ ᠤᠷᠢᠬᠤ ᠡᠯᠴᠢ︾ ᠶᠢᠨ ᠤᠷᠢᠯᠭ᠎ᠠ ᠶᠢᠨ ᠪᠢᠴᠢᠭ ᠭᠠᠷᠳᠠᠭᠤᠯᠪᠠ᠃ 
 
ᠢᠷᠡᠯᠲᠡ᠄ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号