ᠪᠤᠷᠠᠮ᠂ ᠭᠠ᠂ ᠴᠢᠪᠠᠭ᠎ᠠ ᠶᠢᠨ ᠱᠦᠯᠦ ᠬᠢᠮᠤᠷᠠᠭ᠎ᠠ ᠬᠠᠨᠢᠶᠠᠳᠦ ᠶᠢ ᠵᠠᠰᠠᠨ᠎ᠠ᠃ ᠪᠤᠷᠠᠮ 30 ᠭᠷᠠᠮ᠂ ᠭᠠ 15 | ᠭᠷᠠᠮ ᠂ ᠤᠯᠠᠭᠠᠨ ᠴᠢᠪᠠᠭ᠎ᠠ 30 ᠭᠷᠠᠮ᠃ ᠭᠤᠷᠪᠡᠨ ᠠᠶᠠᠭ᠎ᠠ ᠤᠰᠤ ᠶᠢ ᠬᠠᠭᠠᠰ ᠦᠯᠡᠳᠡᠲᠡᠯ᠎ᠡ ᠴᠢᠨᠠᠵᠤ ᠤᠤᠭᠤᠪᠠᠯ᠂ | ᠪᠠᠭ᠋ᠠᠨ ᠬᠦᠯᠦᠷᠡᠭᠰᠡᠨ ᠤ ᠲᠠᠷᠠᠭ᠎ᠠ ᠡᠪᠡᠳᠴᠢᠨ ᠰᠠᠶᠢᠨ ᠪᠤᠯᠳᠠᠭ᠃ | ᠰᠢᠶᠠᠩᠼᠠᠢ ᠶᠢᠨ ᠱᠦᠯᠦ ᠬᠢᠮᠤᠷᠠᠭ᠎ᠠ ᠠᠴᠠ ᠪᠤᠯᠤᠭᠰᠠᠨ ᠬᠠᠨᠢᠶᠠᠳᠦ ᠶᠢ ᠲᠠᠷᠤᠨ᠎ᠠ᠃ ᠰᠢᠶᠠᠩᠼᠠᠢ 30 ᠭᠷᠠᠮ᠂ | ᠰᠢᠬᠢᠷ 30 ᠭᠷᠠᠮ᠂ ᠲᠤᠳᠤᠷᠭ᠎ᠠ 100 ᠭᠷᠠᠮ᠃ ᠲᠤᠳᠤᠷᠭ᠎ᠠ ᠪᠠᠨ ᠰᠠᠶᠢᠳᠤᠷ ᠤᠬᠢᠶᠠᠨ ᠴᠢᠨᠠᠵᠤ᠂ ᠲᠤᠳᠤᠷᠭ᠎ᠠ ᠶᠢᠨ | ᠰᠦᠮᠦᠰᠦ 3 ᠬᠠᠯᠪᠠᠭ᠎ᠠ ᠲᠠᠭᠡᠷ᠎ᠡ ᠱᠢᠶᠠᠩᠼᠠᠢ᠂ ᠰᠢᠬᠢᠷ ᠢᠶᠠᠨ ᠬᠢᠵᠤ 10 ᠮᠢᠨᠦ᠋ᠲ ᠵᠢᠩᠨᠡᠨᠠ᠃ ᠬᠠᠯᠠᠭᠤᠨ ᠢᠶᠠᠷ ᠨᠢ | ᠤᠤᠭᠤᠪᠠᠯ ᠬᠢᠮᠤᠷᠠᠭ᠎ᠠ ᠠᠴᠠ ᠪᠤᠯᠤᠭᠰᠠᠨ ᠬᠠᠨᠢᠶᠠᠳᠦ ᠶᠢ ᠵᠠᠰᠠᠨ᠎ᠠ᠃ | ᠴᠠᠭᠠᠨ ᠯᠤᠤᠪᠠᠩ ᠪᠠᠯ ᠬᠦᠢᠳᠡᠨ ᠬᠠᠨᠢᠶᠠᠳᠦ ᠶᠢ ᠵᠠᠰᠠᠨ᠎ᠠ᠃ ᠴᠠᠭᠠᠨ ᠯᠤᠤᠪᠠᠩ 1᠂ ᠪᠠᠯ 30 ᠭᠷᠠᠮ᠂ | ᠴᠠᠭᠠᠨ ᠬᠤᠤᠵᠤᠤ 5 ᠮᠦᠬᠦᠯᠢᠭ᠂ ᠵᠡᠭᠡᠷᠭᠡᠨ᠎ᠡ 2 ᠭᠷᠠᠮ᠃ ᠯᠤᠤᠪᠠᠩ ᠢᠶᠠᠨ ᠤᠬᠢᠶᠠᠵᠤ ᠬᠡᠷᠴᠢᠭᠡᠳ ᠠᠶᠠᠭᠠᠨ ᠳᠤ | ᠬᠢᠵᠤ᠂ ᠪᠠᠯ᠂ ᠴᠠᠭᠠᠨ ᠬᠤᠤᠵᠤᠤ᠂ ᠵᠡᠭᠡᠷᠭᠡᠨ᠎ᠡ ᠲᠠᠢ ᠬᠠᠭᠠᠰ ᠴᠠᠭ ᠵᠢᠩᠨᠡᠭᠡᠳ ᠬᠠᠯᠠᠭᠤᠨ ᠢᠶᠠᠷ ᠨᠢ ᠤᠤᠭᠤᠨ᠎ᠠ᠃ | ᠴᠡᠭᠡ ᠬᠠᠯᠠᠭᠤᠨ ᠢ ᠬᠦᠭᠡᠭᠡᠵᠤ ᠬᠠᠨᠢᠶᠠᠳᠦ ᠶᠢ ᠵᠤᠭᠰᠤᠭᠠᠨ᠎ᠠ᠃ ᠴᠡᠭᠡ 300 ᠮᠢᠯᠢᠯᠢᠳ᠋ᠷ᠂ ᠴᠠᠭᠠᠨ ᠰᠢᠬᠢᠷ | ᠪᠠᠭ᠎ᠠ ᠬᠢᠨ᠎ᠠ᠃ ᠴᠡᠭᠡ ᠪᠠᠨ ᠪᠣᠷᠴᠠᠯᠠᠭᠰᠠᠨ ᠤ ᠲᠠᠷᠠᠭ᠎ᠠ ᠤᠤᠭᠤᠬᠤ ᠦᠶᠡᠰ ᠴᠠᠭᠠᠨ ᠰᠢᠬᠢᠷ ᠬᠢᠨ᠎ᠡ᠃ ᠴᠡᠭᠡ ᠨᠢ | ᠤᠮᠳᠠ ᠲᠠᠶᠢᠯᠵᠤ ᠬᠠᠯᠠᠭᠤᠨ ᠢ ᠬᠦᠭᠡᠭᠡᠬᠦ᠂ ᠴᠢᠰᠦ ᠨᠦᠬᠦᠬᠦ᠂ ᠬᠠᠨᠢᠶᠠᠳᠦ ᠶᠢ ᠵᠤᠭᠰᠤᠭᠠᠬᠤ ᠦᠢᠯᠡᠳᠦᠯ ᠲᠠᠢ᠃ | ᠠᠭᠤᠰᠬᠢᠨ ᠰᠦᠷᠢᠶ᠎ᠠ ᠬᠠᠨᠢᠶᠠᠳᠦ ᠶᠢ ᠵᠠᠰᠠᠬᠤ ᠪᠠ ᠬᠠᠯᠠᠭᠤᠨ ᠢ ᠰᠡᠷᠭᠡᠶᠢᠯᠡᠬᠦ ᠳᠤ ᠤᠨᠴᠠ ᠶᠢᠨ ᠲᠤᠰᠠᠳᠠᠢ᠃ | |