ᠰᠤᠷᠪᠤᠯᠵᠢᠯᠠᠬᠰᠠᠨ ᠵᠣᠴᠢᠨ᠄ ᠺᠠᠶᠢᠯᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠳᠡᠳ᠋ ᠳᠠᠷᠤᠭ᠎ᠠ ᠰᠦᠨ ᠵᠥᠩ ᠬᠤᠸᠠ | | ᠬᠥᠲᠥᠯᠥᠭᠴᠢ᠄ ᠵᠠᠰᠠᠭ ᠤᠨ ᠶᠠᠪᠤᠳᠠᠯ ᠢ ᠢᠯᠡ ᠪᠣᠯᠭᠠᠬᠤ ᠪᠣᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠨᠢᠭᠡ ᠵᠦᠢᠯ ᠤᠨ ᠴᠢᠬᠤᠯᠠ ᠠᠭᠤᠯᠭ᠎ᠠ ᠮᠥᠨ᠂ ᠣᠯᠠᠨ ᠲᠦᠮᠡᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠢᠯᠡ ᠪᠣᠯᠭᠠᠬᠤ ᠲᠣᠭᠲᠠᠴᠠ ᠶᠢᠨ ᠲᠤᠬᠠᠢ ᠣᠶᠢᠯᠠᠭᠠᠬᠤ ᠬᠡᠮᠵᠢᠶ᠎ᠡ ᠤᠯᠠᠮ ᠠᠴᠠ ᠤᠯᠠᠮ ᠥᠨᠳᠥᠷ ᠪᠣᠯᠵᠤ᠂ | ᠬᠡᠷᠡᠭᠴᠡᠭᠡ ᠱᠠᠭᠠᠷᠳᠠᠯᠭ᠎ᠠ ᠤᠯᠠᠮ ᠠᠴᠠ ᠤᠯᠠᠮ ᠴᠢᠩᠭᠠᠷᠠᠵᠤ᠂ ᠭᠤᠶᠤᠴᠢᠯᠠᠯ ᠢᠶᠠᠷ ᠢᠯᠡ ᠪᠣᠯᠭᠠᠬᠤ ᠲᠤᠭ᠎ᠠ ᠬᠡᠮᠵᠢᠶ᠎ᠡ | ᠴᠦ ᠤᠯᠠᠮ ᠢᠶᠠᠷ ᠨᠡᠮᠡᠭᠳᠡᠵᠦ ᠪᠠᠶᠢᠨ᠎ᠠ᠂ ᠲᠡᠬᠡᠪᠡᠯ ᠭᠤᠶᠤᠴᠢᠯᠠᠯ ᠢᠶᠠᠷ ᠢᠯᠡ ᠪᠣᠯᠭᠠᠬᠤ ᠭᠡᠳᠡᠭ ᠨᠢ ᠶᠠᠭᠤ ᠪᠣᠶ︖ | ᠰᠦᠨ ᠵᠥᠩ ᠬᠤᠸᠠ᠄ ᠭᠤᠶᠤᠴᠢᠯᠠᠯ ᠢᠶᠠᠷ ᠢᠯᠡ ᠪᠣᠯᠭᠠᠬᠤ ᠭᠡᠳᠡᠭ ᠨᠢ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠠᠴᠠ | ᠭᠠᠳᠠᠨ᠎ᠠ᠂ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠣᠷᠣᠨ ᠨᠤᠲᠤᠭ ᠤᠨ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠭᠠᠳᠠᠭᠠᠳᠤ ᠳᠤ ᠥᠪᠡᠷ ᠤᠨ ᠨᠡᠷ᠎ᠡ ᠪᠠᠷ ᠢᠶᠠᠨ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠵᠦ ᠪᠠᠶᠢᠭ᠎ᠠ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠣᠯᠬᠤ ᠪᠠᠷ ᠭᠤᠶᠤᠴᠢᠯᠠᠵᠦ ᠪᠣᠯᠣᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠳᠥᠷᠪᠡᠳᠦᠭᠡᠷ | ᠪᠦᠯᠦᠭ ᠤᠨ ᠨᠡᠶᠢᠲᠡ 19 ᠵᠦᠢᠯ ᠳᠤ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠲᠤᠬᠠᠢ ᠲᠣᠳᠣᠷᠬᠠᠢ | ᠲᠣᠭᠲᠠᠭᠠᠯ ᠭᠠᠷᠭᠠᠵᠦ᠂ ᠦᠢᠯᠡᠳᠦᠯᠭᠡ ᠬᠥᠭᠵᠢᠯᠲᠡ ᠲᠤᠷᠰᠢᠯᠭ᠎ᠠ ᠶᠢ ᠦᠨᠳᠦᠰᠦᠯᠡᠨ ᠭᠤᠶᠤᠴᠢᠯᠠᠯ ᠢ ᠦᠨᠳᠦᠰᠦᠯᠡᠨ | ᠢᠯᠡ ᠪᠣᠯᠭᠠᠬᠤ ᠵᠢᠷᠤᠮ ᠢ ᠨᠥᠬᠦᠪᠦᠷᠢᠯᠡᠵᠦ ᠂ ᠢᠯᠡ ᠪᠣᠯᠭᠠᠬᠤ ᠭᠤᠶᠤᠴᠢᠯᠠᠯ ᠢ ᠳᠤᠷᠠᠳᠬᠤ ᠂ ᠭᠤᠶᠤᠴᠢᠯᠠᠯ ᠤᠨ | ᠠᠭᠤᠯᠭ᠎ᠠ ᠶᠢ ᠨᠥᠬᠦᠪᠦᠷᠢᠯᠡᠨ ᠵᠠᠯᠠᠷᠠᠭᠤᠯᠬᠤ ᠂ ᠬᠠᠷᠢᠭᠤᠯᠲᠠ ᠥᠭᠬᠦ ᠬᠡᠯᠪᠡᠷᠢ ᠶᠢᠨ ᠵᠢᠷᠤᠮᠵᠢᠯ ᠂ ᠰᠠᠨᠠᠯ ᠬᠤᠷᠢᠶᠠᠬᠤ | ᠵᠢᠷᠤᠮ ᠂ ᠲᠤᠰᠢᠶᠠᠭᠰᠠᠨ ᠴᠠᠭ ᠢ ᠡᠬᠢᠯᠡᠵᠦ ᠪᠤᠳᠤᠬᠤ ᠵᠡᠷᠭᠡ ᠠᠭᠤᠯᠭ᠎ᠠ ᠶᠢ ᠲᠣᠳᠣᠷᠬᠠᠶᠢᠯᠠᠭᠰᠠᠨ ᠤ ᠬᠠᠮᠲᠤ ᠵᠠᠰᠠᠭ | ᠵᠠᠬᠢᠷᠭᠠᠨ ᠤ ᠪᠠᠶᠢᠭᠤᠯᠭ᠎ᠠ ᠶᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ | ᠳᠠᠩᠰᠠᠯᠠᠬᠤ ᠂ ᠬᠢᠨᠠᠨ ᠬᠠᠷᠭᠤᠭᠤᠯᠬᠤ ᠂ ᠭᠦᠢᠴᠡᠳᠬᠡᠬᠦ ᠂ ᠬᠠᠷᠢᠭᠤᠯᠲᠠ ᠥᠭᠬᠦ ᠂ ᠲᠠᠩᠰᠠ ᠡᠪᠬᠡᠮᠡᠯ ᠳᠤ ᠣᠷᠣᠭᠤᠯᠬᠤ | ᠠᠵᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠂ ᠠᠵᠢᠯ ᠤᠨ ᠵᠢᠷᠤᠮᠵᠢᠯ ᠢ ᠴᠢᠩᠭᠠᠳᠬᠠᠬᠤ ᠬᠡᠷᠡᠭᠲᠡᠢ ᠭᠡᠵᠦ | ᠱᠠᠭᠠᠷᠳᠠᠪᠠ ᠃ | ᠬᠥᠲᠥᠯᠥᠭᠴᠢ᠄ ᠣᠯᠠᠨ ᠲᠦᠮᠡᠨ ᠬᠡᠷᠪᠡ ᠭᠤᠶᠤᠴᠢᠯᠠᠯ ᠢ ᠢᠯᠡ ᠪᠣᠯᠭᠠᠬᠤ ᠠᠷᠭ᠎ᠠ ᠮᠠᠶ᠋ᠢᠭ ᠢᠶᠠᠷ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢᠶᠠᠨ ᠳᠡᠪᠰᠢᠭᠦᠯᠬᠦ ᠳᠤ ᠭᠦᠷᠪᠡᠯ᠂ ᠶᠠᠮᠠᠷ ᠬᠡᠳᠦᠨ | ᠵᠦᠢᠯ ᠤᠨ ᠭᠤᠶᠤᠴᠢᠯᠠᠬᠤ ᠠᠷᠭ᠎ᠠ ᠵᠠᠮ ᠪᠠᠶᠢᠬᠤ ᠪᠣᠶ︖ ᠺᠠᠶᠢᠯᠤ ᠰᠢᠶᠠᠨ ᠤ ᠭᠤᠶᠤᠴᠢᠯᠠᠯ ᠢᠶᠠᠷ ᠢᠯᠡ ᠪᠣᠯᠭᠠᠬᠤ | ᠶᠠᠪᠤᠴᠠ ᠨᠢ ᠶᠠᠮᠠᠷ ᠪᠠᠶᠢᠳᠠᠭ ᠪᠣᠶ︖ | ᠰᠦᠨ ᠵᠥᠩ ᠬᠤᠸᠠ᠄ ᠮᠠᠨ ᠤ ᠰᠢᠶᠠᠨ ᠤ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠠᠷᠭ᠎ᠠ ᠵᠠᠮ ᠨᠢ | ᠭᠤᠣᠯᠳᠠᠭᠤ 3 ᠵᠦᠢᠯ ᠪᠠᠶᠢᠨ᠎ᠠ᠂ ᠨᠢᠭᠡ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷ ᠳᠠᠮᠵᠢᠭᠤᠯᠤᠨ | ᠰᠦᠯᠵᠢᠶᠡᠨ ᠳᠡᠭᠡᠷ᠎ᠡ ᠭᠤᠶᠤᠴᠢᠯᠠᠨ᠎ᠠ︔ ᠬᠤᠶᠠᠷ ᠲᠤ ᠭᠤᠶᠤᠴᠢᠯᠠᠯ ᠤᠨ ᠬᠦᠰᠦᠨᠦᠭᠲᠦ ᠶᠢ ᠪᠠᠭᠤᠯᠭᠠᠨ ᠠᠪᠴᠤ ᠂ | ᠲᠠᠭᠯᠠᠵᠤ ᠪᠠᠷᠠᠭᠰᠠᠨ ᠤ ᠲᠠᠷᠠᠭ᠎ᠠ ᠵᠠᠬᠢᠳᠠᠯ ᠢᠶᠠᠷ ᠢᠯᠡᠭᠡᠵᠦ ᠪᠣᠯᠣᠨ᠎ᠠ︔ ᠭᠤᠷᠪᠠ ᠳᠤ ᠨᠢᠭᠤᠷᠳᠠᠨ ᠭᠤᠶᠤᠴᠢᠯᠠᠨ᠎ᠠ ᠃ | ᠭᠤᠶᠤᠴᠢᠯᠠᠭᠴᠢ ᠠᠴᠠ ᠭᠤᠶᠤᠴᠢᠯᠠᠯ ᠭᠠᠷᠭᠠᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠳᠡᠩᠰᠡᠯᠡᠨ ᠬᠢᠨᠠᠨ ᠪᠠᠶᠢᠴᠠᠭᠠᠵᠤ᠂ ᠭᠤᠶᠤᠴᠢᠯᠠᠭᠰᠠᠨ ᠠᠭᠤᠯᠭ᠎ᠠ ᠨᠢ ᠲᠣᠳᠣᠷᠬᠠᠢ ᠦᠭᠡᠢ ᠪᠣᠯ 7 ᠠᠵᠢᠯᠯᠠᠬᠤ | ᠡᠳᠦᠷ ᠤᠨ ᠳᠣᠲᠣᠷ᠎ᠠ ᠭᠤᠶᠤᠴᠢᠯᠠᠭᠴᠢ ᠳᠤ ᠨᠥᠬᠦᠪᠦᠷᠢᠯᠡᠨ ᠵᠠᠯᠠᠷᠠᠭᠤᠯᠬᠤ ᠶᠢ ᠨᠢᠭᠡ ᠯᠡ ᠤᠳᠠᠭ᠎ᠠ ᠶᠢᠨ | ᠴᠢᠨᠠᠷᠲᠠᠢ ᠪᠠᠷ ᠮᠡᠳᠡᠭᠳᠡᠨ᠎ᠡ᠃ ᠨᠥᠬᠦᠪᠦᠷᠢᠯᠡᠨ ᠵᠠᠯᠠᠷᠠᠭᠤᠯᠤᠭᠰᠠᠨ ᠤ ᠳᠠᠷᠠᠭ᠎ᠠ ᠮᠡᠳᠡᠭᠡ ᠵᠠᠩᠭᠢ ᠶᠢ ᠡᠷᠢᠵᠦ᠂ | ᠭᠤᠷᠪᠠᠳᠠᠭᠢ ᠡᠲᠡᠭᠡᠳ ᠤᠨ ᠰᠠᠨᠠᠯ ᠢ ᠬᠤᠷᠢᠶᠠᠵᠤ᠂ ᠭᠤᠶᠤᠴᠢᠯᠠᠭᠰᠠᠨ ᠮᠡᠳᠡᠭᠡ ᠵᠠᠩᠭᠢ ᠶᠢ ᠣᠯᠣᠭᠰᠠᠨ ᠡᠳᠦᠷ ᠠᠴᠠ | ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠭᠦᠨ᠎ᠡ᠂ ᠤᠷᠲᠤᠳᠬᠠᠬᠤ ᠬᠤᠭᠤᠴᠠᠭ᠎ᠠ ᠶᠢ | ᠬᠠᠮᠤᠭ ᠤᠨ ᠣᠷᠳᠣ ᠳᠠᠭᠠᠨ 20 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠭᠤᠷᠪᠠᠳᠠᠭᠢ ᠡᠲᠡᠭᠡᠳ ᠪᠠ ᠪᠤᠰᠤᠳ ᠪᠠᠶᠢᠭᠤᠯᠭ᠎ᠠ ᠶᠢᠨ ᠰᠠᠨᠠᠯ ᠢ ᠬᠤᠷᠢᠶᠠᠬᠤ ᠳᠤ ᠬᠡᠷᠡᠭᠰᠡᠬᠦ | ᠴᠠᠭ ᠢ ᠳᠡᠭᠡᠷ᠎ᠡ ᠳᠤᠷᠠᠳᠤᠭᠰᠠᠨ ᠲᠣᠭᠲᠠᠭᠠᠭᠰᠠᠨ ᠬᠤᠭᠤᠴᠠᠭᠠᠨ ᠳᠤ ᠪᠤᠳᠤᠵᠤ ᠣᠷᠣᠭᠤᠯᠬᠤ ᠦᠭᠡᠢ᠃ ᠲᠡᠷᠡᠴᠢᠯᠡᠨ | ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠳᠡᠯ ᠤᠨ ᠪᠢᠴᠢᠭ︾ ᠢ ᠭᠤᠶᠤᠴᠢᠯᠠᠭᠴᠢ ᠳᠤ | ᠲᠠᠷᠬᠠᠭᠠᠨ ᠥᠭᠬᠦ ᠬᠡᠷᠡᠭᠲᠡᠢ᠃ ᠨᠠᠩ ᠣᠯᠠᠨ ᠪᠣᠳᠠᠲᠠᠢ ᠠᠭᠤᠯᠭ᠎ᠠ ᠶᠢ ᠺᠠᠶᠢᠯᠤ ᠰᠢᠶᠠᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠰᠦᠯᠵᠢᠶ᠎ᠡ ︱ ᠵᠠᠰᠠᠭ ᠤᠨ ᠶᠠᠪᠤᠳᠠᠯ ᠢ ᠢᠯᠡ ᠪᠣᠯᠭᠠᠬᠤ ︱ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠢᠯᠡ ᠪᠣᠯᠭᠠᠬᠤ ᠳᠤ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠲᠤᠰᠬᠠᠢ ᠪᠤᠯᠤᠩ ︽ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ | ᠲᠣᠳᠣᠷᠬᠠᠶᠢᠯᠠᠯᠲᠠ︾ ᠶᠢ ᠪᠠᠶᠢᠴᠠᠭᠠᠨ ᠦᠵᠡᠵᠦ ᠪᠣᠯᠣᠨ᠎ᠠ᠃ | ᠬᠥᠲᠥᠯᠥᠭᠴᠢ᠄ ᠭᠤᠶᠤᠴᠢᠯᠠᠯ ᠢᠶᠠᠷ ᠢᠯᠡ ᠪᠣᠯᠭᠠᠭᠰᠠᠨ ᠤ ᠳᠠᠷᠠᠭᠠᠬᠢ ᠦᠷ᠎ᠡ ᠳ᠋ᠦᠩ ᠢ ᠵᠠᠰᠠᠭ ᠤᠨ ᠣᠷᠳᠣᠨ | ᠠᠴᠠ ᠬᠡᠷᠬᠢᠨ ᠰᠢᠢᠳᠪᠦᠷᠢᠯᠡᠬᠦ ᠪᠣᠶ︖ ᠺᠠᠶᠢᠯᠤ ᠰᠢᠶᠠᠨ ᠭᠤᠶᠤᠴᠢᠯᠠᠯ ᠢᠶᠠᠷ ᠢᠯᠡ ᠪᠣᠯᠭᠠᠬᠤ ᠳᠤ ᠬᠠᠷᠢᠭᠤ | ᠰᠤᠷᠪᠤᠯᠵᠢᠯᠠᠬᠤ ᠲᠣᠭᠲᠠᠴᠠ ᠲᠠᠢ ᠤᠤ︖ | ᠰᠦᠨ ᠵᠥᠩ ᠬᠤᠸᠠ᠄ ᠰᠢᠨ᠎ᠡ ︽ᠳᠦᠷᠢᠮ︾ ᠤᠨ ᠲᠠᠪᠢᠨ ᠨᠢᠭᠡᠳᠦᠭᠡᠷ ᠵᠦᠢᠯ ᠤᠨ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠪᠡᠯ᠄ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠶᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠤᠨ ᠳᠤᠮᠳᠠ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ | ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠠᠵᠢᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠵᠤ᠂ ᠢᠯᠡᠴᠢᠯᠡᠨ ᠮᠡᠳᠡᠭᠦᠯᠵᠦ ᠪᠣᠯᠣᠨ᠎ᠠ᠂ | ᠪᠠᠰᠠ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ | ᠵᠠᠬᠢᠷᠭᠠᠨ ᠤ ᠵᠠᠷᠭᠤ ᠬᠢᠵᠦ ᠪᠣᠯᠣᠨ᠎ᠠ᠃ ᠡᠭᠦᠨ ᠤ ᠬᠠᠮᠲᠤ᠂ ᠪᠢᠳᠡ ᠪᠠᠰᠠ ᠵᠣᠬᠢᠬᠤ ᠬᠠᠷᠢᠭᠤ ᠰᠤᠷᠪᠤᠯᠵᠢᠯᠠᠬᠤ | ᠲᠣᠭᠲᠠᠴᠠ ᠶᠢ ᠪᠠᠶᠢᠭᠤᠯᠵᠤ᠂ ᠤᠲᠠᠰᠤ ᠪᠠᠷ ᠠᠰᠠᠭᠤᠨ ᠯᠠᠪᠯᠠᠬᠤ ᠪᠠᠷ ᠳᠠᠮᠵᠢᠭᠤᠯᠤᠨ ᠭᠤᠶᠤᠴᠢᠯᠠᠭᠴᠢ ᠶᠢᠨ | ᠭᠤᠶᠤᠴᠢᠯᠠᠯ ᠢᠶᠠᠷ ᠢᠯᠡ ᠪᠠᠷ ᠰᠢᠢᠳᠪᠦᠷᠢᠯᠡᠭᠰᠡᠨ ᠦᠷ᠎ᠡ ᠳ᠋ᠦᠩ ᠤᠨ ᠲᠤᠬᠠᠢ ᠬᠠᠨᠤᠮᠵᠢ ᠶᠢᠨ ᠬᠡᠮᠵᠢᠶ᠎ᠡ ᠶᠢ | ᠣᠶᠢᠯᠠᠭᠠᠵᠤ ᠡᠵᠡᠮᠰᠢᠨ᠎ᠡ᠃ 2022 ᠣᠨ ᠳᠤ᠂ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠨᠡᠶᠢᠲᠡ 19 ᠬᠤᠪᠢ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠵᠡᠢ᠂ | ᠡᠭᠦᠨ ᠳᠤ ᠨᠢᠭᠤᠷᠲᠠᠨ ᠲᠤᠰᠢᠶᠠᠭᠰᠠᠨ ᠨᠢ 6 ᠬᠤᠪᠢ᠂ ᠰᠦᠯᠵᠢᠶᠡᠨ ᠳᠡᠭᠡᠷᠡᠬᠢ ᠭᠤᠶᠤᠴᠢᠯᠠᠯ ᠨᠢ 13 ᠬᠤᠪᠢ | ᠪᠠᠶᠢᠵᠤ᠂ 9 ᠰᠠᠯᠠᠭ᠎ᠠ ᠮᠥᠴᠢᠷ ᠲᠤ ᠬᠤᠯᠪᠣᠭᠳᠠᠵᠤ᠂ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠠᠵᠢᠯ ᠤᠨ | ᠲᠣᠭᠲᠠᠭᠠᠯ ᠢ ᠬᠢᠨᠠᠮᠠᠭᠠᠢ ᠨᠠᠶᠢᠳᠠᠪᠤᠷᠢᠵᠢᠭᠤᠯᠤᠨ᠂ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠮᠡᠳᠡᠭᠡ ᠵᠠᠩᠭᠢ ᠶᠢ | ᠬᠠᠤᠯᠢ ᠲᠣᠭᠲᠠᠭᠠᠯ ᠶᠣᠰᠣᠭᠠᠷ ᠰᠢᠯᠵᠢᠭᠦᠯᠦᠨ ᠰᠢᠢᠳᠪᠦᠷᠢᠯᠡᠭᠦᠯᠵᠦ᠂ ᠵᠣᠬᠢᠴᠠᠭᠤᠯᠵᠤ᠂ ᠰᠢᠢᠳᠪᠦᠷᠢᠯᠡᠬᠦ ᠶᠢᠨ ᠬᠠᠮᠲᠤ | ᠴᠠᠭ ᠲᠤᠬᠠᠢ ᠳᠤᠨᠢ ᠬᠠᠷᠢᠭᠤᠯᠲᠠ ᠥᠭᠪᠡ᠃ | | | | |