ᠭᠤᠶᠤᠴᠢᠯᠠᠯ ᠢᠶᠠᠷ ᠢᠯᠡ ᠪᠣᠯᠭᠠᠬᠤ ᠠᠵᠢᠯ ᠢ ᠰᠠᠶᠢᠲᠤᠷ ᠬᠢᠵᠦ ᠠᠷᠠᠳ ᠣᠯᠠᠨ ᠤ ᠠᠰᠢᠭ ᠭᠥᠷᠳᠡᠭᠰᠡᠨ ᠲᠥᠷᠥᠭᠳᠡᠯ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/4/18
      ᠰᠤᠷᠪᠤᠯᠵᠢᠯᠠᠬᠰᠠᠨ ᠵᠣᠴᠢᠨ᠄ ᠺᠠᠶᠢᠯᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ   ᠰᠦᠨ ᠵᠥᠩ ᠬᠤᠸᠠ       ᠬᠥᠲᠥᠯᠥᠭᠴᠢ᠄ ᠵᠠᠰᠠᠭ ᠤᠨ ᠶᠠᠪᠤᠳᠠᠯ ᠢ ᠢᠯᠡ ᠪᠣᠯᠭᠠᠬᠤ ᠪᠣᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠵᠦᠢᠯ ᠤᠨ ᠴᠢᠬᠤᠯᠠ ᠠᠭᠤᠯᠭ᠎ᠠ ᠮᠥᠨ᠂ ᠣᠯᠠᠨ ᠲᠦᠮᠡᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠴᠠ ᠶᠢᠨ ᠲᠤᠬᠠᠢ ᠣᠶᠢᠯᠠᠭᠠᠬᠤ ᠬᠡᠮᠵᠢᠶ᠎ᠡ ᠤᠯᠠᠮ ᠠᠴᠠ ᠤᠯᠠᠮ ᠥᠨᠳᠥᠷ ᠪᠣᠯᠵᠤ᠂ ᠬᠡᠷᠡᠭᠴᠡᠭᠡ ᠱᠠᠭᠠᠷᠳᠠᠯᠭ᠎ᠠ ᠤᠯᠠᠮ ᠠᠴᠠ ᠤᠯᠠᠮ ᠴᠢᠩᠭᠠᠷᠠᠵᠤ᠂ ᠭᠤᠶᠤᠴᠢᠯᠠᠯ ᠢᠶᠠᠷ ᠢᠯᠡ ᠪᠣᠯᠭᠠᠬᠤ ᠲᠤᠭ᠎ᠠ ᠬᠡᠮᠵᠢᠶ᠎ᠡ ᠴᠦ ᠤᠯᠠᠮ ᠢᠶᠠᠷ ᠨᠡᠮᠡᠭᠳᠡᠵᠦ ᠪᠠᠶᠢᠨ᠎ᠠ᠂ ᠲᠡᠬᠡᠪᠡᠯ ᠭᠤᠶᠤᠴᠢᠯᠠᠯ ᠢᠶᠠᠷ ᠢᠯᠡ ᠪᠣᠯᠭᠠᠬᠤ ᠭᠡᠳᠡᠭ ᠨᠢ ᠶᠠᠭᠤ ᠪᠣᠶ︖      ᠰᠦᠨ ᠵᠥᠩ ᠬᠤᠸᠠ᠄ ᠭᠤᠶᠤᠴᠢᠯᠠᠯ ᠢᠶᠠᠷ ᠢᠯᠡ ᠪᠣᠯᠭᠠᠬᠤ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠠᠨᠠᠭᠠᠴᠢᠯᠠᠭ᠎ᠠ  ᠠᠴᠠ ᠪᠠᠨ ᠢᠯᠡ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠠᠴᠠ ᠭᠠᠳᠠᠨ᠎ᠠ᠂ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠣᠷᠣᠨ ᠨᠤᠲᠤᠭ  ᠤᠨ ᠡᠯ᠎ᠡ ᠱᠠᠲᠤᠨ  ᠤ ᠠᠷᠠᠳ  ᠤᠨ ᠵᠠᠰᠠᠭ  ᠤᠨ ᠣᠷᠳᠣᠨ᠂ ᠭᠠᠳᠠᠭᠠᠳᠤ  ᠳᠤ ᠥᠪᠡᠷ ᠤᠨ ᠨᠡᠷ᠎ᠡ  ᠪᠠᠷ  ᠢᠶᠠᠨ ᠵᠠᠰᠠᠭ ᠵᠠᠬᠢᠷᠭᠠᠨ  ᠤ ᠬᠠᠮᠢᠶᠠᠷᠤᠯᠲᠠ  ᠶᠢᠨ ᠡᠭᠦᠷᠭᠡ ᠴᠢᠳᠠᠪᠤᠷᠢ  ᠪᠠᠨ ᠭᠦᠢᠴᠡᠳᠬᠡᠵᠦ ᠪᠠᠶᠢᠭ᠎ᠠ ᠰᠢᠶᠠᠨ  ᠤ ᠱᠠᠲᠤᠨ  ᠠᠴᠠ ᠳᠡᠭᠡᠭᠰᠢᠬᠢ ᠠᠷᠠᠳ  ᠤᠨ ᠵᠠᠰᠠᠭ  ᠤᠨ ᠣᠷᠳᠣᠨ  ᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠪᠠᠷ ᠭᠤᠶᠤᠴᠢᠯᠠᠵᠦ ᠪᠣᠯᠣᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠤᠨ ᠳᠥᠷᠪᠡᠳᠦᠭᠡᠷ ᠪᠦᠯᠦᠭ ᠤᠨ ᠨᠡᠶᠢᠲᠡ 19 ᠵᠦᠢᠯ ᠳᠤ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠲᠤᠬᠠᠢ ᠲᠣᠳᠣᠷᠬᠠᠢ ᠲᠣᠭᠲᠠᠭᠠᠯ ᠭᠠᠷᠭᠠᠵᠦ᠂ ᠦᠢᠯᠡᠳᠦᠯᠭᠡ ᠬᠥᠭᠵᠢᠯᠲᠡ ᠲᠤᠷᠰᠢᠯᠭ᠎ᠠ ᠶᠢ ᠦᠨᠳᠦᠰᠦᠯᠡᠨ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠵᠢᠷᠤᠮ ᠢ ᠨᠥᠬᠦᠪᠦᠷᠢᠯᠡᠵᠦ ᠂ ᠢᠯᠡ ᠪᠣᠯᠭᠠᠬᠤ ᠭᠤᠶᠤᠴᠢᠯᠠᠯ ᠢ ᠳᠤᠷᠠᠳᠬᠤ ᠂ ᠭᠤᠶᠤᠴᠢᠯᠠᠯ ᠤᠨ ᠠᠭᠤᠯᠭ᠎ᠠ ᠶᠢ ᠨᠥᠬᠦᠪᠦᠷᠢᠯᠡᠨ ᠵᠠᠯᠠᠷᠠᠭᠤᠯᠬᠤ ᠂ ᠬᠠᠷᠢᠭᠤᠯᠲᠠ ᠥᠭᠬᠦ ᠬᠡᠯᠪᠡᠷᠢ ᠶᠢᠨ ᠵᠢᠷᠤᠮᠵᠢᠯ ᠂ ᠰᠠᠨᠠᠯ ᠬᠤᠷᠢᠶᠠᠬᠤ ᠵᠢᠷᠤᠮ ᠂ ᠲᠤᠰᠢᠶᠠᠭᠰᠠᠨ ᠴᠠᠭ ᠢ ᠡᠬᠢᠯᠡᠵᠦ ᠪᠤᠳᠤᠬᠤ ᠵᠡᠷᠭᠡ ᠠᠭᠤᠯᠭ᠎ᠠ ᠶᠢ ᠲᠣᠳᠣᠷᠬᠠᠶᠢᠯᠠᠭᠰᠠᠨ ᠤ ᠬᠠᠮᠲᠤ ᠵᠠᠰᠠᠭ ᠵᠠᠬᠢᠷᠭᠠᠨ ᠤ ᠪᠠᠶᠢᠭᠤᠯᠭ᠎ᠠ ᠶᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠳᠠᠩᠰᠠᠯᠠᠬᠤ ᠂ ᠬᠢᠨᠠᠨ ᠬᠠᠷᠭᠤᠭᠤᠯᠬᠤ ᠂ ᠭᠦᠢᠴᠡᠳᠬᠡᠬᠦ ᠂ ᠬᠠᠷᠢᠭᠤᠯᠲᠠ ᠥᠭᠬᠦ ᠂ ᠲᠠᠩᠰᠠ ᠡᠪᠬᠡᠮᠡᠯ ᠳᠤ ᠣᠷᠣᠭᠤᠯᠬᠤ ᠠᠵᠢᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠂ ᠠᠵᠢᠯ ᠤᠨ ᠵᠢᠷᠤᠮᠵᠢᠯ ᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ ᠃      ᠬᠥᠲᠥᠯᠥᠭᠴᠢ᠄ ᠣᠯᠠᠨ ᠲᠦᠮᠡᠨ ᠬᠡᠷᠪᠡ ᠭᠤᠶᠤᠴᠢᠯᠠᠯ ᠢ ᠢᠯᠡ ᠪᠣᠯᠭᠠᠬᠤ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢᠶᠠᠨ ᠳᠡᠪᠰᠢᠭᠦᠯᠬᠦ ᠳᠤ ᠭᠦᠷᠪᠡᠯ᠂ ᠶᠠᠮᠠᠷ ᠬᠡᠳᠦᠨ ᠵᠦᠢᠯ ᠤᠨ ᠭᠤᠶᠤᠴᠢᠯᠠᠬᠤ ᠠᠷᠭ᠎ᠠ ᠵᠠᠮ ᠪᠠᠶᠢᠬᠤ ᠪᠣᠶ︖ ᠺᠠᠶᠢᠯᠤ ᠰᠢᠶᠠᠨ ᠤ ᠭᠤᠶᠤᠴᠢᠯᠠᠯ ᠢᠶᠠᠷ ᠢᠯᠡ ᠪᠣᠯᠭᠠᠬᠤ ᠶᠠᠪᠤᠴᠠ ᠨᠢ ᠶᠠᠮᠠᠷ ᠪᠠᠶᠢᠳᠠᠭ ᠪᠣᠶ︖      ᠰᠦᠨ ᠵᠥᠩ ᠬᠤᠸᠠ᠄ ᠮᠠᠨ ᠤ ᠰᠢᠶᠠᠨ ᠤ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠠᠷᠭ᠎ᠠ ᠵᠠᠮ ᠨᠢ ᠭᠤᠣᠯᠳᠠᠭᠤ 3 ᠵᠦᠢᠯ ᠪᠠᠶᠢᠨ᠎ᠠ᠂ ᠨᠢᠭᠡ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠭᠤᠶᠤᠴᠢᠯᠠᠨ᠎ᠠ︔ ᠬᠤᠶᠠᠷ ᠲᠤ ᠭᠤᠶᠤᠴᠢᠯᠠᠯ ᠤᠨ ᠬᠦᠰᠦᠨᠦᠭᠲᠦ ᠶᠢ ᠪᠠᠭᠤᠯᠭᠠᠨ ᠠᠪᠴᠤ ᠂ ᠲᠠᠭᠯᠠᠵᠤ ᠪᠠᠷᠠᠭᠰᠠᠨ ᠤ ᠲᠠᠷᠠᠭ᠎ᠠ ᠵᠠᠬᠢᠳᠠᠯ ᠢᠶᠠᠷ ᠢᠯᠡᠭᠡᠵᠦ ᠪᠣᠯᠣᠨ᠎ᠠ︔ ᠭᠤᠷᠪᠠ ᠳᠤ ᠨᠢᠭᠤᠷᠳᠠᠨ ᠭᠤᠶᠤᠴᠢᠯᠠᠨ᠎ᠠ ᠃ ᠭᠤᠶᠤᠴᠢᠯᠠᠭᠴᠢ ᠠᠴᠠ ᠭᠤᠶᠤᠴᠢᠯᠠᠯ ᠭᠠᠷᠭᠠᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠳᠡᠩᠰᠡᠯᠡᠨ ᠬᠢᠨᠠᠨ ᠪᠠᠶᠢᠴᠠᠭᠠᠵᠤ᠂ ᠭᠤᠶᠤᠴᠢᠯᠠᠭᠰᠠᠨ ᠠᠭᠤᠯᠭ᠎ᠠ ᠨᠢ ᠲᠣᠳᠣᠷᠬᠠᠢ ᠦᠭᠡᠢ ᠪᠣᠯ 7 ᠠᠵᠢᠯᠯᠠᠬᠤ ᠡᠳᠦᠷ ᠤᠨ ᠳᠣᠲᠣᠷ᠎ᠠ ᠭᠤᠶᠤᠴᠢᠯᠠᠭᠴᠢ ᠳᠤ ᠨᠥᠬᠦᠪᠦᠷᠢᠯᠡᠨ ᠵᠠᠯᠠᠷᠠᠭᠤᠯᠬᠤ ᠶᠢ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠮᠡᠳᠡᠭᠳᠡᠨ᠎ᠡ᠃ ᠨᠥᠬᠦᠪᠦᠷᠢᠯᠡᠨ ᠵᠠᠯᠠᠷᠠᠭᠤᠯᠤᠭᠰᠠᠨ ᠤ ᠳᠠᠷᠠᠭ᠎ᠠ ᠮᠡᠳᠡᠭᠡ ᠵᠠᠩᠭᠢ ᠶᠢ ᠡᠷᠢᠵᠦ᠂ ᠭᠤᠷᠪᠠᠳᠠᠭᠢ ᠡᠲᠡᠭᠡᠳ ᠤᠨ ᠰᠠᠨᠠᠯ ᠢ ᠬᠤᠷᠢᠶᠠᠵᠤ᠂ ᠭᠤᠶᠤᠴᠢᠯᠠᠭᠰᠠᠨ ᠮᠡᠳᠡᠭᠡ ᠵᠠᠩᠭᠢ ᠶᠢ ᠣᠯᠣᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠭᠦᠨ᠎ᠡ᠂ ᠤᠷᠲᠤᠳᠬᠠᠬᠤ ᠬᠤᠭᠤᠴᠠᠭ᠎ᠠ ᠶᠢ ᠬᠠᠮᠤᠭ ᠤᠨ ᠣᠷᠳᠣ ᠳᠠᠭᠠᠨ 20 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠷᠪᠠᠳᠠᠭᠢ ᠡᠲᠡᠭᠡᠳ ᠪᠠ ᠪᠤᠰᠤᠳ ᠪᠠᠶᠢᠭᠤᠯᠭ᠎ᠠ ᠶᠢᠨ ᠰᠠᠨᠠᠯ ᠢ ᠬᠤᠷᠢᠶᠠᠬᠤ ᠳᠤ ᠬᠡᠷᠡᠭᠰᠡᠬᠦ ᠴᠠᠭ ᠢ ᠳᠡᠭᠡᠷ᠎ᠡ ᠳᠤᠷᠠᠳᠤᠭᠰᠠᠨ ᠲᠣᠭᠲᠠᠭᠠᠭᠰᠠᠨ ᠬᠤᠭᠤᠴᠠᠭᠠᠨ ᠳᠤ ᠪᠤᠳᠤᠵᠤ ᠣᠷᠣᠭᠤᠯᠬᠤ ᠦᠭᠡᠢ᠃ ᠲᠡᠷᠡᠴᠢᠯᠡᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠳᠡᠯ ᠤᠨ ᠪᠢᠴᠢᠭ︾ ᠢ ᠭᠤᠶᠤᠴᠢᠯᠠᠭᠴᠢ ᠳᠤ ᠲᠠᠷᠬᠠᠭᠠᠨ ᠥᠭᠬᠦ ᠬᠡᠷᠡᠭᠲᠡᠢ᠃ ᠨᠠᠩ ᠣᠯᠠᠨ ᠪᠣᠳᠠᠲᠠᠢ ᠠᠭᠤᠯᠭ᠎ᠠ ᠶᠢ ᠺᠠᠶᠢᠯᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ ︱ ᠵᠠᠰᠠᠭ ᠤᠨ ᠶᠠᠪᠤᠳᠠᠯ ᠢ ᠢᠯᠡ ᠪᠣᠯᠭᠠᠬᠤ ︱ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠤ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠲᠤᠰᠬᠠᠢ ᠪᠤᠯᠤᠩ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠲᠣᠳᠣᠷᠬᠠᠶᠢᠯᠠᠯᠲᠠ︾ ᠶᠢ ᠪᠠᠶᠢᠴᠠᠭᠠᠨ ᠦᠵᠡᠵᠦ ᠪᠣᠯᠣᠨ᠎ᠠ᠃      ᠬᠥᠲᠥᠯᠥᠭᠴᠢ᠄ ᠭᠤᠶᠤᠴᠢᠯᠠᠯ ᠢᠶᠠᠷ ᠢᠯᠡ ᠪᠣᠯᠭᠠᠭᠰᠠᠨ ᠤ ᠳᠠᠷᠠᠭᠠᠬᠢ ᠦᠷ᠎ᠡ ᠳ᠋ᠦᠩ ᠢ ᠵᠠᠰᠠᠭ ᠤᠨ ᠣᠷᠳᠣᠨ  ᠠᠴᠠ ᠬᠡᠷᠬᠢᠨ ᠰᠢᠢᠳᠪᠦᠷᠢᠯᠡᠬᠦ ᠪᠣᠶ︖ ᠺᠠᠶᠢᠯᠤ ᠰᠢᠶᠠᠨ ᠭᠤᠶᠤᠴᠢᠯᠠᠯ ᠢᠶᠠᠷ ᠢᠯᠡ ᠪᠣᠯᠭᠠᠬᠤ ᠳᠤ ᠬᠠᠷᠢᠭᠤ ᠰᠤᠷᠪᠤᠯᠵᠢᠯᠠᠬᠤ ᠲᠣᠭᠲᠠᠴᠠ ᠲᠠᠢ ᠤᠤ︖      ᠰᠦᠨ ᠵᠥᠩ ᠬᠤᠸᠠ᠄ ᠰᠢᠨ᠎ᠡ ︽ᠳᠦᠷᠢᠮ︾  ᠤᠨ ᠲᠠᠪᠢᠨ ᠨᠢᠭᠡᠳᠦᠭᠡᠷ ᠵᠦᠢᠯ  ᠤᠨ ᠬᠤᠯᠪᠣᠭᠳᠠᠯ ᠪᠦᠬᠦᠢ ᠲᠣᠭᠲᠠᠭᠠᠯ  ᠢ ᠦᠨᠳᠦᠰᠦᠯᠡᠪᠡᠯ᠄ ᠠᠷᠠᠳ ᠢᠷᠭᠡᠨ᠂ ᠬᠠᠤᠯᠢ ᠶᠢᠨ ᠬᠥᠮᠥᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠶᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠳᠤᠮᠳᠠ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠲᠤ ᠵᠠᠭᠠᠯᠳᠤᠵᠤ᠂ ᠢᠯᠡᠴᠢᠯᠡᠨ ᠮᠡᠳᠡᠭᠦᠯᠵᠦ ᠪᠣᠯᠣᠨ᠎ᠠ᠂ ᠪᠠᠰᠠ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠣᠨ᠎ᠠ᠃ ᠡᠭᠦᠨ ᠤ ᠬᠠᠮᠲᠤ᠂ ᠪᠢᠳᠡ ᠪᠠᠰᠠ ᠵᠣᠬᠢᠬᠤ ᠬᠠᠷᠢᠭᠤ ᠰᠤᠷᠪᠤᠯᠵᠢᠯᠠᠬᠤ ᠲᠣᠭᠲᠠᠴᠠ ᠶᠢ ᠪᠠᠶᠢᠭᠤᠯᠵᠤ᠂ ᠤᠲᠠᠰᠤ ᠪᠠᠷ ᠠᠰᠠᠭᠤᠨ ᠯᠠᠪᠯᠠᠬᠤ ᠪᠠᠷ ᠳᠠᠮᠵᠢᠭᠤᠯᠤᠨ ᠭᠤᠶᠤᠴᠢᠯᠠᠭᠴᠢ ᠶᠢᠨ ᠭᠤᠶᠤᠴᠢᠯᠠᠯ ᠢᠶᠠᠷ ᠢᠯᠡ ᠪᠠᠷ ᠰᠢᠢᠳᠪᠦᠷᠢᠯᠡᠭᠰᠡᠨ ᠦᠷ᠎ᠡ ᠳ᠋ᠦᠩ ᠤᠨ ᠲᠤᠬᠠᠢ ᠬᠠᠨᠤᠮᠵᠢ ᠶᠢᠨ ᠬᠡᠮᠵᠢᠶ᠎ᠡ ᠶᠢ ᠣᠶᠢᠯᠠᠭᠠᠵᠤ ᠡᠵᠡᠮᠰᠢᠨ᠎ᠡ᠃ 2022 ᠣᠨ ᠳᠤ᠂ ᠺᠠᠶᠢᠯᠤ ᠰᠢᠶᠠᠨ ᠤ ᠠᠷᠠᠳ  ᠤᠨ ᠵᠠᠰᠠᠭ  ᠤᠨ ᠣᠷᠳᠣᠨ ᠵᠠᠰᠠᠭ  ᠤᠨ ᠣᠷᠳᠣᠨ ᠤ ᠮᠡᠳᠡᠭᠡ ᠵᠠᠩᠭᠢ ᠶᠢ ᠨᠡᠶᠢᠲᠡ 19 ᠬᠤᠪᠢ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠵᠡᠢ᠂ ᠡᠭᠦᠨ ᠳᠤ ᠨᠢᠭᠤᠷᠲᠠᠨ ᠲᠤᠰᠢᠶᠠᠭᠰᠠᠨ ᠨᠢ 6 ᠬᠤᠪᠢ᠂ ᠰᠦᠯᠵᠢᠶᠡᠨ ᠳᠡᠭᠡᠷᠡᠬᠢ ᠭᠤᠶᠤᠴᠢᠯᠠᠯ ᠨᠢ 13 ᠬᠤᠪᠢ ᠪᠠᠶᠢᠵᠤ᠂ 9 ᠰᠠᠯᠠᠭ᠎ᠠ ᠮᠥᠴᠢᠷ ᠲᠤ ᠬᠤᠯᠪᠣᠭᠳᠠᠵᠤ᠂ ᠭᠤᠶᠤᠴᠢᠯᠠᠯ ᠢ ᠦᠨᠳᠦᠰᠦᠯᠡᠨ ᠢᠯᠡ ᠪᠣᠯᠭᠠᠬᠤ ᠠᠵᠢᠯ  ᠤᠨ ᠲᠣᠭᠲᠠᠭᠠᠯ  ᠢ ᠬᠢᠨᠠᠮᠠᠭᠠᠢ ᠨᠠᠶᠢᠳᠠᠪᠤᠷᠢᠵᠢᠭᠤᠯᠤᠨ᠂ ᠭᠤᠶᠤᠴᠢᠯᠠᠯ  ᠢ ᠦᠨᠳᠦᠰᠦᠯᠡᠨ ᠢᠯᠡ ᠪᠣᠯᠭᠠᠬᠤ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠰᠢᠯᠵᠢᠭᠦᠯᠦᠨ ᠰᠢᠢᠳᠪᠦᠷᠢᠯᠡᠭᠦᠯᠵᠦ᠂ ᠵᠣᠬᠢᠴᠠᠭᠤᠯᠵᠤ᠂ ᠰᠢᠢᠳᠪᠦᠷᠢᠯᠡᠬᠦ  ᠶᠢᠨ ᠬᠠᠮᠲᠤ ᠴᠠᠭ ᠲᠤᠬᠠᠢ ᠳᠤᠨᠢ ᠬᠠᠷᠢᠭᠤᠯᠲᠠ ᠥᠭᠪᠡ᠃  
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号