ᠵᠢᠶᠠᠨ ᠬᠤᠸᠠ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/6/26
           20.png
      ᠣᠶᠢᠷ᠎ᠠ ᠳᠤ᠂ ᠵᠢᠶᠠᠨ ᠬᠤᠸᠠ ᠪᠠᠯᠭᠠᠰᠤ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶᠠᠲᠤ ᠣᠷᠣᠨ ᠤ ᠭᠤᠣᠯᠳᠠᠯᠭ᠎ᠠ ᠲᠠᠢ ᠲᠠᠯᠠᠪᠤᠷ ᠲᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ᠃ ᠪᠠᠶᠢᠴᠠᠭᠠᠬᠤ ᠳᠤᠭᠤᠶᠢᠯᠠᠩ ᠨᠢ ᠰᠤᠷᠭᠠᠭᠤᠯᠢ᠂ ᠲᠣᠰᠣ ᠨᠡᠮᠡᠬᠦ ᠥᠷᠲᠡᠭᠡ᠂ ᠡᠷᠡᠭᠦᠯ ᠬᠠᠮᠠᠭᠠᠯᠠᠯ ᠤᠨ ᠬᠤᠷᠢᠶ᠎ᠠ᠂ ᠢᠳᠡᠭᠡᠨ ᠤ ᠡᠵᠡᠩᠨᠡᠯᠲᠡ ᠶᠢᠨ ᠭᠤᠣᠯ ᠴᠣᠭᠴᠠ ᠵᠡᠷᠭᠡ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠵᠦ ᠂ ᠭᠠᠯ ᠤᠨᠲᠠᠷᠠᠭᠠᠬᠤ ᠶᠢᠨ ᠠᠮᠤᠷ ᠲᠦᠪᠰᠢᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠵᠡᠷᠭᠡ ᠠᠵᠢᠯ ᠤᠨ ᠲᠣᠭᠤᠷᠢᠨ ᠳᠤ᠂ ᠡᠯ᠎ᠡ ᠡᠵᠡᠩᠨᠡᠯᠲᠡ ᠶᠢᠨ ᠡᠷᠦᠬᠡ ᠶᠢᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠢᠳᠡᠭᠡᠨ ᠢ ᠬᠤᠳᠠᠯᠳᠤᠨ ᠠᠪᠬᠤ ᠪᠠ ᠪᠣᠷᠣᠯᠠᠭᠤᠯᠬᠤ᠂ ᠢᠳᠡᠭᠡᠨ ᠢ ᠬᠠᠳᠠᠭᠠᠯᠠᠬᠤ᠂ ᠭᠠᠯ ᠤᠨᠲᠠᠷᠠᠭᠠᠬᠤ ᠭᠠᠯ ᠤᠨᠲᠠᠷᠠᠭᠠᠬᠤ ᠪᠡᠯᠡᠳᠬᠡᠮᠵᠢ᠂ ᠠᠮᠤᠷ ᠲᠦᠪᠰᠢᠨ ᠭᠠᠷᠬᠤ ᠡᠭᠦᠳᠡ ᠵᠢᠴᠢ ᠲᠠᠷᠬᠠᠭᠠᠬᠤ ᠵᠠᠮ ᠪᠠ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠢ ᠲᠡᠭᠡᠭᠡᠪᠦᠷᠢᠯᠡᠵᠦ ᠬᠠᠳᠠᠭᠠᠯᠠᠬᠤ ᠵᠡᠷᠭᠡ ᠲᠠᠯ᠎ᠠ ᠪᠠᠷ ᠲᠤᠬᠠᠢ ᠶᠢᠨ ᠲᠠᠯᠠᠪᠤᠷ ᠲᠤᠨᠢ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠬᠡᠮ 4 ᠪᠠᠶᠢᠬᠤ ᠶᠢ ᠢᠯᠡᠷᠡᠭᠦᠯᠵᠦ᠂ ᠲᠤᠬᠠᠢ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠪᠠ᠃    
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号