ᠵᠤᠨ ᠤ ᠤᠯᠠᠷᠢᠯ ᠳᠤ᠂ ᠺᠠᠶᠢᠯᠤ ᠶᠢᠨ ᠰᠣᠶᠣᠯ ᠵᠢᠭᠤᠯᠴᠢᠯᠠᠯ ᠤᠨ ᠠᠮᠲᠠᠲᠤ ᠢᠳᠡᠭᠡᠨ ᠤ ᠰᠠᠶᠢᠬᠠᠨ ᠴᠠᠭ ᠮᠦᠴᠡ ᠡᠬᠢᠯᠡᠵᠡᠢ︕
ᠨᠡᠶᠢᠲᠡᠯᠡᠭᠰᠡᠨ ᠴᠠᠭ᠄
2023/6/26
      6 ᠰᠠᠷ᠎ᠠ ᠶᠢᠨ 22 ᠤ ᠡᠳᠦᠷ ᠤᠨ ᠣᠷᠣᠢ ᠂ ︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ·ᠠᠪᠢᠶᠠᠰᠣᠯᠢᠭ ᠺᠠᠶᠢᠯᠦ︾  ᠶᠢᠨ 2023 ᠶᠢᠨ ᠺᠠᠶᠢᠯᠤ ᠶᠢᠨ ᠲᠣᠮᠣ ᠬᠡᠯᠪᠡᠷᠢ ᠶᠢᠨ ᠥᠩᠭᠡᠲᠦ ᠳ᠋ᠧᠩ ᠤᠨ ᠰᠣᠶᠣᠯ ᠤᠨ ᠨᠠᠶᠢᠷ ᠵᠢᠴᠢ ᠳᠠᠭᠤᠤ ᠬᠥᠭᠵᠢᠮ ᠫᠢᠸᠤ᠋ ᠶᠢᠨ ᠠᠮᠲᠠᠲᠤ ᠢᠳᠡᠭᠡᠨ ᠤ ᠨᠠᠶᠢᠷ ᠤᠨ ᠡᠬᠢᠯᠡᠯᠲᠡ ᠶᠢᠨ ᠶᠣᠰᠣᠯᠠᠯ ᠺᠠᠶᠢᠯᠤ ᠰᠢᠶᠠᠨ ᠤ ᠲᠥᠪ ᠴᠡᠴᠡᠷᠯᠢᠭ ᠲᠤ ᠦᠪᠡᠳᠡᠭᠰᠢ ᠶᠡᠬᠡᠪᠡᠷ ᠶᠠᠪᠤᠭᠳᠠᠪᠠ ᠃ ᠠᠵᠢᠯᠯᠠᠭ᠎ᠠ ᠶᠢᠨ ᠲᠤᠬᠠᠢ ᠶᠢᠨ  ᠲᠠᠯᠠᠪᠤᠷ  ᠲᠤ ᠬᠥᠮᠥᠰ ᠤᠨ ᠤᠷᠤᠰᠬᠠᠯ ᠳᠦᠭᠦᠷᠴᠦ ᠂ ᠬᠦᠷ ᠬᠥᠭᠵᠢᠶᠡᠨ ᠢᠶᠠᠷ ᠪᠢᠯᠬᠠᠨ᠎ᠠ ᠃
        6.26.1.jpg
       ︽ ᠠᠪᠢᠶᠠᠰᠣᠯᠢᠭ ᠺᠠᠶᠢᠯᠦ︾ ︽ᠳ᠋ᠧᠩ ᠤᠰᠤ ᠠᠭᠤᠰᠤᠯᠴᠠᠭᠰᠠᠨ ᠨᠢ︾ ︽ᠵᠡᠭᠦᠳᠦ ᠵᠡᠷᠭᠡᠯᠭᠡᠨ ᠰᠠᠷᠠᠨ ᠰᠥᠨᠢ︾ ︽ᠶᠦᠷ ᠤᠨ ᠭᠠᠯᠪᠠ︾ ︽ᠬᠡᠷᠡᠯ ᠰᠡᠭᠦᠳᠡᠷ ᠤᠨ ᠰᠢᠨ᠎ᠡ ᠶᠢᠷᠲᠢᠨᠴᠦ︾ ᠵᠡᠷᠭᠡ ᠲᠠᠪᠤᠨ ᠶᠡᠭᠡ ᠭᠤᠣᠯ ᠰᠡᠳᠦᠪᠲᠦ ᠳ᠋ᠧᠩ ᠤᠨ ᠲᠣᠭᠤᠷᠢᠭ ᠲᠤ᠂ ᠬᠡᠳᠦᠨ ᠲᠦᠮᠡᠨ ᠡᠯ᠎ᠡ ᠵᠦᠢᠯ ᠤᠨ ᠴᠡᠴᠡᠭ᠂ ᠰᠢᠪᠠᠵᠢ᠂ ᠺᠠᠷᠲ᠋ᠣᠨ ᠳᠦᠷᠢ ᠪᠦᠲᠦᠭᠡᠬᠦ ᠳ᠋ᠧᠩ ᠤᠨ ᠪᠦᠯᠦᠭ ᠵᠢᠴᠢ ᠠᠭᠤᠷ ᠠᠮᠢᠰᠬᠤᠯ ᠤᠨ ᠥᠩᠭᠡᠲᠦ ᠳ᠋ᠧᠩ ᠨᠢ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠲᠡᠭᠡᠨ ᠶᠠᠪᠤᠬᠳᠠᠭᠤᠯᠤᠬᠰᠠᠨ ᠳ᠋ᠧᠩ ᠤᠨ ᠴᠤᠭᠯᠠᠭᠠᠨ ᠪᠠ ᠣᠲᠣ ᠦᠶ᠎ᠡ ᠶᠢᠨ ᠬᠡᠷᠡᠯ ᠰᠡᠭᠦᠳᠡᠷ ᠤᠨ ᠬᠠᠷᠢᠯᠴᠠᠨ ᠦᠢᠯᠡᠳᠦᠯᠴᠡᠬᠦ ᠬᠡᠯᠪᠡᠷᠢ ᠪᠠᠷ ᠳᠠᠮᠵᠢᠭᠤᠯᠤᠨ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠳᠣᠪᠤᠶᠢᠯᠭᠠᠭᠰᠠᠨ ᠪᠠᠶᠢᠨ᠎ᠠ᠃ 
        6.26.2.jpg
      ᠣᠨᠴᠠᠭᠠᠶ ᠳᠦᠷᠰᠦ ᠪᠦᠲᠦᠭᠡᠯᠲᠡ ᠲᠠᠢ ᠣᠯᠠᠨ ᠲᠣᠮᠣ ᠬᠡᠯᠪᠡᠷᠢ ᠶᠢᠨ ᠥᠩᠭᠡᠲᠦ ᠳ᠋ᠧᠩ ᠨᠢ ᠭᠤᠣᠯ ᠤᠨ ᠵᠠᠮ ᠤᠨ ᠲᠥᠪ ᠳᠤ ᠰᠦᠨᠳᠡᠷᠯᠡᠵᠦ᠂ ᠥᠩᠭᠡ ᠢᠯᠭᠠᠷᠠᠭᠰᠠᠨ ᠰᠡᠭᠦᠳᠡᠷ ᠨᠢ ᠲᠣᠰᠣᠨ ᠪᠤᠳᠤᠭ ᠤᠨ ᠵᠢᠷᠤᠭ ᠮᠡᠲᠦ ᠭᠤᠶᠣ ᠰᠠᠶᠢᠬᠠᠨ ᠪᠠᠶᠢᠨ᠎ᠠ᠃
        6.26.3.jpg
        6.26.4.jpg
         ᠲᠠᠪᠤᠨ ᠥᠩᠭᠡ ᠰᠣᠯᠣᠩᠭᠠᠷᠠᠭᠰᠠᠨ ᠥᠩᠭᠡᠲᠦ ᠳ᠋ᠧᠩ ᠤᠨ ᠦᠵᠡᠭᠦᠯᠦᠯᠭᠡ ᠠᠴᠠ ᠭᠠᠳᠠᠨ᠎ᠠ᠂ ᠨᠠᠩ ᠴᠤ ᠰᠧᠴᠤᠸᠠᠨ ᠵᠦᠴᠦᠭᠡ ᠶᠢᠨ ᠴᠢᠷᠠᠢ ᠬᠤᠪᠢᠯᠬᠤ᠂ ᠴᠢᠶᠠᠩ ᠦᠨᠳᠦᠰᠦᠲᠡᠨ ᠤ ᠳ᠋ᠠᠮ ᠢᠯᠳᠦ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠳᠡᠯᠭᠡᠨ ᠦᠵᠡᠭᠦᠯᠵᠦ᠂ ᠰᠠᠭᠤᠭᠠᠯᠢ ᠠᠷᠠᠳ ᠪᠠ ᠵᠤᠭᠠᠴᠠᠭᠰᠠᠳ ᠪᠣᠳᠠᠰ ᠤᠨ ᠪᠤᠰᠤ ᠰᠣᠶᠣᠯ ᠤᠨ ᠭᠦᠨ ᠵᠤᠵᠠᠭᠠᠨ ᠲᠡᠦᠬᠡ ᠪᠠ ᠨᠠᠷᠢᠯᠢᠭ ᠤᠷᠠᠯᠠᠯ ᠢ ᠪᠡᠶ᠎ᠡ ᠪᠠᠷ ᠢᠶᠠᠨ ᠰᠣᠨᠢᠷᠬᠠᠨ ᠦᠵᠡᠵᠦ ᠪᠣᠯᠣᠨ᠎ᠠ᠃
        6.26.5.jpg
      ᠪᠠᠶᠠᠷ ᠤᠨ ᠡᠳᠦᠷ ᠤᠨ ᠬᠤᠭᠤᠴᠠᠭᠠᠨ ᠳᠤ ᠂ ᠡᠳᠦᠷ ᠪᠦᠷᠢ ᠨᠡᠷᠡᠳᠦ ᠲᠣᠭᠯᠠᠯᠲᠠ ᠶᠢᠨ ᠪᠦᠯᠬᠦᠮ ᠤᠨ ᠬᠢᠨ ᠤᠯᠠᠨ ᠳᠤ ᠠᠪᠴᠢᠷᠠᠭᠰᠠᠨ ᠬᠤᠶᠠᠷ ᠴᠠᠭ ᠤᠨ ᠭᠤᠶᠢᠳᠠ ᠰᠠᠶᠢᠬᠠᠨ ᠲᠣᠭᠯᠠᠯᠲᠠ ᠪᠠᠶᠢᠵᠤ ᠂ ᠲᠣᠮᠣ ᠬᠡᠯᠪᠡᠷᠢ ᠶᠢᠨ ᠤᠰᠤᠨ ᠳᠡᠭᠡᠷᠡᠬᠢ ᠦᠵᠡᠭᠳᠡᠯ ᠤᠨ ᠲᠣᠭᠯᠠᠯᠲᠠ ᠨᠢ ᠲᠤᠬᠠᠢ ᠶᠢᠨ  ᠲᠠᠯᠠᠪᠤᠷ ᠲᠤ ᠢᠷᠡᠭᠰᠡᠨ ᠦᠵᠡᠭᠴᠢᠳ ᠢ ᠴᠠᠭ ᠣᠷᠣᠨ ᠵᠠᠢ ᠶᠢ ᠲᠤᠭᠤᠯᠤᠭᠰᠠᠨ ᠮᠡᠲᠦ ᠪᠣᠳᠠᠲᠤ ᠪᠠᠶᠢᠳᠠᠯ ᠳᠤ ᠤᠷᠤᠭᠤᠯᠤᠨ᠎ᠠ᠃
        6.26.6.jpg
      ᠤᠷᠠᠨ ᠨᠠᠷᠢᠯᠢᠭ ᠨᠡᠬᠡᠮᠡᠯ ᠤᠨ ᠤᠷᠠᠯᠢᠭ ᠤᠨ ᠪᠦᠲᠦᠭᠡᠯ᠂ ᠡᠷᠲᠡᠨ ᠤ ᠥᠩᠭᠡ ᠢᠯᠭᠠᠷᠠᠭᠰᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠴᠢᠮᠡᠭᠯᠡᠯ ᠤᠨ ᠡᠳ᠋᠂ ᠭᠤᠴᠣ ᠰᠠᠶᠢᠬᠠᠨ ᠢᠯᠢᠭᠦᠷᠳᠡᠭᠰᠡᠨ ᠬᠤᠯᠤ᠂ ᠳᠦᠷᠰᠦ ᠪᠦᠲᠦᠭᠡᠯᠲᠡ ᠨᠢ ᠣᠨᠴᠠᠭᠠᠶ᠂ ᠥᠪᠡᠷ ᠢᠶᠠᠨ ᠰᠣᠨᠢᠷᠬᠠᠵᠤ ᠨᠠᠭᠠᠳᠤᠭᠰᠠᠨ ᠴᠤ ᠲᠡᠷᠡ᠂ ᠨᠠᠶᠢᠵᠠ ᠨᠥᠬᠦᠳ ᠲᠡᠭᠡᠨ ᠪᠡᠯᠡᠭᠯᠡᠭᠰᠡᠨ ᠴᠦ ᠲᠡᠷᠡ ᠪᠦᠷ ᠰᠠᠶᠢᠬᠠᠨ ᠰᠣᠩᠭᠤᠯᠲᠠ ᠶᠤᠮ᠃ ᠰᠠᠭᠤᠭᠠᠯᠢ ᠠᠷᠠᠳ ᠪᠣᠯᠣᠨ ᠵᠤᠭᠠᠴᠠᠭᠰᠠᠳ ᠪᠠᠷᠠᠭ᠎ᠠ ᠪᠠᠨ ᠬᠤᠳᠠᠯᠳᠤᠨ ᠠᠪᠬᠤ ᠪᠠᠶᠠᠷ ᠪᠠᠭ᠋ᠠᠳᠤᠯ ᠢ ᠡᠳ᠋ᠯᠡᠵᠦ ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠣᠶᠢᠯᠠᠭᠠᠵᠤ ᠪᠣᠯᠣᠨ᠎ᠠ ᠃
        6.26.7.jpg
      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠠᠮᠲᠠᠲᠤ ᠢᠳᠡᠭᠡᠨ ᠤ ᠳᠡᠯᠭᠡᠭᠡ ᠮᠠᠶᠢᠮᠠᠢ ᠨᠢ ᠨᠢᠳᠦ ᠳᠦᠭᠦᠷᠡᠩ ᠬᠠᠷᠠᠭᠳᠠᠨ᠎ᠠ᠂ ᠰᠢᠷᠠᠮᠠᠯ᠂ ᠬᠠᠭᠠᠷᠢᠮᠠᠯ᠂ ᠬᠠᠯᠠᠭᠤᠨ ᠲᠣᠭᠤᠭ᠎ᠠ᠂ ᠰᠦᠯᠵᠢᠶᠡᠨ ᠤ ᠬᠠᠯᠠᠮᠰᠢᠯ ᠢᠳᠡᠭᠡᠨ ᠤ ᠠᠮᠲᠠ ᠶᠢᠨ ᠴᠣᠮᠣᠷᠯᠢᠭ ᠢ ᠣᠯᠵᠤ ᠪᠣᠯᠬᠤ ᠮᠥᠷᠲᠡᠭᠡᠨ ᠪᠠᠰᠠ ᠣᠯᠠᠨ ᠵᠦᠢᠯ ᠤᠨ ᠫᠢᠸᠤ᠋ ᠶᠢ ᠣᠯᠠᠨ ᠶᠠᠩᠵᠤ ᠪᠠᠷ ᠳᠡᠯᠭᠡᠨ ᠦᠵᠡᠭᠦᠯᠵᠦ᠂ ᠰᠠᠭᠤᠭᠠᠯᠢ ᠠᠷᠠᠳ ᠪᠠ ᠵᠤᠭᠠᠴᠠᠭᠰᠠᠳ  ᠲᠤ ᠣᠯᠠᠨ ᠡᠰᠢᠲᠦ ᠬᠡᠷᠡᠭᠯᠡᠭᠡᠨ ᠤ ᠣᠶᠢᠯᠠᠭᠠᠯᠲᠠ ᠬᠠᠩᠭᠠᠵᠤ ᠪᠣᠯᠣᠨ᠎ᠠ᠃
        6.26.8.jpg
      ᠭᠡᠷ ᠤᠨ ᠭᠠᠳᠠᠨᠠᠬᠢ ᠲᠣᠮᠣ ᠬᠡᠯᠪᠡᠷᠢ ᠶᠢᠨ ᠬᠡᠦᠬᠡᠳ ᠤᠨ ᠵᠤᠭ᠎ᠠ ᠴᠡᠩᠭᠡᠯ ᠤᠨ ᠲᠦᠷᠦᠯ ᠵᠦᠢᠯ ᠤᠨ ᠲᠣᠭᠤᠷᠢᠭ ᠢ ᠰᠣᠶᠣᠯ ᠤᠨ ᠪᠠᠶᠠᠷ ᠤᠨ ᠬᠤᠭᠤᠴᠠᠭᠠᠨ ᠳᠤ ᠪᠦᠬᠦᠯᠢ ᠡᠳᠦᠷ ᠢᠶᠠᠷ ᠨᠡᠭᠡᠭᠡᠨ᠎ᠡ ᠂ ᠠᠳᠡ ᠬᠡᠦᠬᠡᠳ ᠤᠳ ᠢ ᠰᠠᠨᠠᠭᠠᠯᠵᠠᠭᠤᠯᠬᠤ ᠵᠤᠭ᠎ᠠ ᠴᠡᠩᠭᠡᠯ ᠤᠨ ᠲᠦᠷᠦᠯ ᠵᠦᠢᠯ ᠪᠠᠶᠢᠬᠤ ᠪᠠᠷ ᠪᠠᠷᠠᠬᠤ ᠦᠭᠡᠢ ᠂ ᠨᠡᠩ ᠴᠤ ᠲᠣᠮᠣ ᠨᠠᠶᠢᠵᠠ ᠨᠠᠷ ᠤᠨ ᠪᠠᠭ᠋ᠠᠷᠬᠠᠳᠠᠭ ᠥᠷᠢᠰᠦᠯᠳᠦᠭᠡᠨ ᠤ ᠲᠦᠷᠦᠯ ᠵᠦᠢᠯ ᠪᠠᠶᠢᠵᠤ ᠂ ᠲᠦᠷᠦᠯ ᠵᠦᠢᠯ ᠨᠢ ᠡᠯᠪᠡᠭ ᠪᠠᠶᠠᠯᠢᠭ ᠪᠠᠶᠢᠵᠤ ᠂ ᠪᠠᠶᠠᠷ ᠪᠠᠶᠠᠰᠤᠯ  ᠲᠠᠢ ᠰᠠᠶᠢᠬᠠᠨ ᠪᠠᠶᠢᠨ᠎ᠠ ᠃      ᠲᠣᠰ ᠬᠤᠭᠤᠴᠠᠭᠠᠨ ᠤ ᠺᠠᠶᠢᠯᠤ ᠶᠢᠨ ᠲᠣᠮᠣ ᠬᠡᠯᠪᠡᠷᠢ ᠶᠢᠨ ᠥᠩᠭᠡᠲᠦ ᠳ᠋ᠧᠩ ᠤᠨ ᠰᠣᠶᠣᠯ ᠤᠨ ᠨᠠᠶᠢᠷ ᠵᠢᠴᠢ ᠳᠠᠭᠤᠤ ᠬᠥᠭᠵᠢᠮᠲᠦ ᠫᠢᠸᠤ᠋ ᠶᠢᠨ ᠠᠮᠲᠠᠲᠤ ᠢᠳᠡᠭᠡᠨ ᠤ ᠪᠠᠶᠠᠷ ᠤᠨ ᠠᠵᠢᠯᠯᠠᠭ᠎ᠠ 8 ᠰᠠᠷ᠎ᠠ ᠶᠢᠨ 22 ᠤᠨ ᠡᠳᠦᠷ ᠪᠣᠯᠲᠠᠯ᠎ᠠ ᠦᠷᠭᠦᠯᠵᠢᠯᠡᠵᠦ᠂ ᠬᠤᠶᠠᠷ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠨ᠎ᠠ ᠃ ᠬᠤᠨᠳᠠᠭ᠎ᠠ ᠡᠷᠭᠦᠯᠴᠡᠵᠦ᠂ ᠰᠠᠶᠢᠬᠠᠨ ᠵᠦᠴᠦᠭᠡ ᠵᠠᠯᠭᠠᠭ᠎ᠠ ᠵᠠᠯᠭᠠᠭ᠎ᠠ ᠪᠠᠷ ᠪᠠᠶᠢᠵᠦ᠂ ᠵᠤᠨ ᠤ ᠤᠯᠠᠷᠢᠯ ᠤᠨ ᠪᠠᠶᠠᠷ ᠨᠠᠶᠢᠷ ᠢ ᠪᠡᠯᠭᠡᠯᠡᠨ᠎ᠡ᠃ ᠰᠣᠶᠣᠯ ᠵᠢᠭᠤᠯᠴᠢᠯᠠᠯ ᠤᠨ ᠤᠯᠠᠷᠢᠯ ᠤᠨ ᠨᠠᠷᠭᠢᠯ ᠨᠠᠶᠢᠷ ᠵᠢᠩᠬᠢᠨᠢ ᠪᠠᠷ ᠡᠬᠢᠯᠡᠯ᠎ᠡ ᠂ ᠲᠠᠩᠰᠤᠭ ᠨᠠᠶᠢᠷ ᠲᠤ ᠣᠷᠣᠯᠴᠠᠬᠤ ᠪᠠᠷ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ ᠂ ᠡᠨᠡ ᠵᠤᠨ ᠢ ᠬᠦᠰᠡᠨ ᠬᠦᠯᠢᠶᠡᠭᠦᠰᠢᠲᠡᠢ ᠪᠠᠶᠢᠨ᠎ᠠ ︕ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号