ᠰᠤᠷᠭᠠᠨ ᠬᠥᠮᠦᠵᠢᠯ ᠤᠨ ᠶᠠᠮᠤᠨ ᠤ ︽ 2023 ᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ | ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠠᠮᠠᠭᠠᠯᠠᠬᠤ ᠠᠵᠢᠯᠯᠠᠭ᠎ᠠ ︾ ᠶᠢᠨ ᠲᠣᠬᠢᠷᠠᠭᠤᠯᠤᠯᠲᠠ ᠪᠠ | ᠪᠠᠶᠢᠷᠢᠯᠠᠭᠤᠯᠤᠯᠲᠠ ᠶᠢ ᠦᠨᠳᠦᠰᠦᠯᠡᠨ ᠂ ᠪᠥᠬᠦ ᠤᠯᠤᠰ ᠤᠨ ᠡᠯ᠎ᠡ ᠮᠤᠵᠢ ︵ ᠣᠷᠣᠨ ᠂ ᠬᠤᠲᠠ ︶ ᠶᠢᠨ ᠡᠩ ᠤᠨ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠡᠷᠡᠮᠡᠯᠵᠡᠯ | ᠲᠠᠭᠯᠠᠬᠤ ᠴᠠᠭ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ ᠂ ︽ 2023 ᠣᠨ ᠤ ᠡᠩ ᠤᠨ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠰᠦᠯᠵᠢᠶᠡᠨ ᠳᠤ | ᠵᠦᠪᠯᠡᠯᠭᠡ ᠥᠭᠬᠦ ᠭᠠᠷᠠᠭ ︾ ᠤᠨ ᠠᠵᠢᠯᠯᠠᠭ᠎ᠠ 6 ᠰᠠᠷ᠎ᠠ ᠶᠢᠨ 22 - 28 ᠤ ᠡᠳᠦᠷ ᠪᠣᠯᠲᠠᠯ᠎ᠠ ᠰᠤᠷᠭᠠᠨ | ᠬᠥᠮᠦᠵᠢᠯ ᠤᠨ ᠶᠠᠮᠤᠨ ᠤ ︽ ᠨᠠᠷᠠᠨ ᠭᠡᠷᠡᠯᠲᠦ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠶ ᠰᠢᠯᠭᠠᠯᠲᠠ ᠶᠢᠨ ᠮᠡᠳᠡᠭᠡ ᠵᠠᠩᠭᠢ ᠶᠢᠨ ᠲᠠᠪᠴᠠᠩ ︾ ᠳᠤ ᠶᠠᠪᠤᠭᠳᠠᠨ᠎ᠠ ᠃ ᠬᠠᠮᠲᠤ ᠳᠤ | ᠪᠠᠨ ᠪᠣᠳᠠᠲᠠᠶ ᠲᠣᠬᠢᠷᠠᠭᠤᠯᠤᠯᠲᠠ ᠶᠢ ᠦᠵᠡᠵᠡᠭᠡᠶ᠎ᠡ ︕ | ᠠᠵᠢᠯᠯᠠᠭᠠᠨ ᠤ ᠬᠡᠯᠪᠡᠷᠢ | ᠠᠵᠢᠯᠯᠠᠭᠠᠨ ᠤ ᠬᠤᠭᠤᠴᠠᠭᠠᠨ ᠳᠤ ᠂ ᠲᠠᠪᠴᠠᠩ ᠨᠢ ᠥᠰᠥᠭ ᠪᠢᠴᠢᠭ ᠢᠶᠠᠷ ᠠᠰᠠᠭᠤᠵᠤ ᠬᠠᠷᠢᠭᠤᠯᠬᠤ ᠪᠠ | ᠸᠢᠳᠢᠤ᠋ ᠪᠠᠷ ᠰᠢᠭᠤᠳ ᠨᠡᠪᠲᠡᠷᠡᠭᠦᠯᠬᠦ ᠬᠤᠶᠠᠷ ᠵᠦᠢᠯ ᠤᠨ ᠠᠷᠭ᠎ᠠ ᠬᠡᠯᠪᠡᠷᠢ ᠶᠢ ᠬᠠᠩᠭᠠᠨ᠎ᠠ ᠃ | ᠥᠰᠥᠭ ᠪᠢᠴᠢᠭ ᠢᠶᠠᠷ ᠠᠰᠠᠭᠤᠵᠤ ᠬᠠᠷᠢᠭᠤᠯᠬᠤ ᠶᠢᠨ ᠵᠦᠪᠯᠡᠯᠭᠡ ᠥᠭᠬᠦ ᠴᠠᠭ ᠨᠢ 9 - 17 ᠴᠠᠭ ᠪᠠᠶᠢᠵᠤ ᠂ | ᠳᠡᠭᠡᠳᠦ ᠰᠤᠷᠭᠠᠭᠤᠯᠢ ᠶᠢᠨ ᠬᠢᠨ ᠸᠢᠳᠢᠤ᠋ ᠰᠢᠭᠤᠳ ᠨᠡᠪᠲᠡᠷᠡᠭᠦᠯᠭᠡ ᠶᠢᠨ ᠠᠷᠭ᠎ᠠ ᠬᠡᠯᠪᠡᠷᠢ ᠶᠢ ᠢᠳᠡᠪᠬᠢᠲᠡᠶ ᠬᠡᠷᠡᠭᠯᠡᠨ | ᠰᠣᠷᠣᠭᠴᠢ ᠡᠯᠰᠡᠬᠦ ᠤᠬᠠᠭᠤᠯᠭ᠎ᠠ ᠪᠠ ᠵᠥᠪᠯᠡᠯᠭᠡ ᠥᠭᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ ᠃ | ᠡᠯ᠎ᠡ ᠳᠡᠭᠡᠳᠦ ᠰᠤᠷᠭᠠᠭᠤᠯᠢ ᠰᠦᠯᠵᠢᠶᠡᠨ ᠳᠤ ᠰᠣᠷᠣᠭᠴᠢ ᠡᠯᠰᠡᠬᠦ ᠤᠬᠠᠭᠤᠯᠭ᠎ᠠ ᠪᠠᠨ ᠴᠢᠩᠭᠠᠳᠬᠠᠵᠤ ᠂ | ᠰᠢᠯᠭᠠᠭᠤᠯᠤᠭᠴᠢ ᠂ ᠬᠡᠷ ᠤᠨ ᠠᠬᠠᠮᠠᠳ ᠲᠤ ᠣᠨᠣᠪᠴᠢᠲᠠᠶ ᠪᠥᠭᠡᠳ ᠡᠷᠬᠡ ᠰᠦᠷᠲᠡᠢ ᠂ ᠨᠠᠷᠢᠨ ᠨᠢᠮᠪᠠᠶ ᠡᠷᠡᠮᠡᠯᠵᠡᠯ | ᠲᠠᠭᠯᠠᠬᠤ ᠵᠥᠪᠯᠡᠯᠭᠡ ᠥᠭᠬᠦ ᠵᠢᠯᠣᠭᠤᠳᠣᠯᠭ᠎ᠠ ᠪᠠ ᠦᠢᠯᠡᠴᠢᠯᠡᠭᠡ ᠶᠢ ᠬᠠᠩᠭᠠᠨ᠎ᠠ ᠃ | ᠣᠷᠣᠯᠴᠠᠬᠤ ᠬᠡᠯᠪᠡᠷᠢ | ᠰᠢᠯᠭᠠᠭᠤᠯᠤᠭᠴᠢ ᠰᠤᠷᠭᠠᠨ ᠬᠥᠮᠦᠵᠢᠯ ᠤᠨ ᠶᠠᠮᠤᠨ ᠤ ︽ ᠨᠠᠷᠠᠨ ᠭᠡᠷᠡᠯᠲᠦ ᠡᠩ ᠤᠨ ᠳᠡᠭᠡᠳᠦ ᠰᠤᠷᠭᠠᠭᠤᠯᠢ | ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠮᠡᠳᠡᠭᠡ ᠵᠠᠩᠭᠢ ᠵᠢᠨᠲ᠋ᠠᠪᠴᠠᠩ ︾ ᠤᠨ | ᠰᠦᠯᠵᠢᠶᠡᠨ ᠨᠢᠭᠤᠷ ᠂ ︽ ᠨᠠᠷᠠᠨ ᠭᠡᠷᠡᠯᠲᠦ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠶ ᠰᠢᠯᠭᠠᠯᠲᠠ ᠶᠢᠨ ᠮᠡᠳᠡᠭᠡ ᠵᠠᠩᠭᠢ ᠶᠢᠨ ᠲᠠᠪᠴᠠᠩ ︾ ᠤᠨ ᠸᠢᠴᠠᠲ ᠤᠨ ᠣᠯᠠᠨ | ᠨᠡᠶᠢᠲᠡ ᠶᠢᠨ ᠳ᠋ᠤᠭᠠᠷ ᠂ ︽ ᠨᠠᠷᠠᠨ ᠭᠡᠷᠡᠯᠲᠦ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ | ᠤᠯᠤᠰ ᠤᠨ ᠨᠢᠭᠡᠳᠦᠯᠲᠡᠶ ᠰᠢᠯᠭᠠᠯᠲᠠ ᠶᠢᠨ ᠮᠡᠳᠡᠭᠡ ᠵᠠᠩᠭᠢ ᠶᠢᠨ ᠲᠠᠪᠴᠠᠩ ︾ ᠤᠨ ᠪᠠᠶ ᠳ᠋ᠦ᠋ ᠵᠢᠵᠢᠭ ᠫᠷᠤᠭ᠍ᠷᠠᠮ | ᠵᠡᠷᠭᠡ ᠪᠠᠷ ᠳᠠᠮᠵᠢᠭᠤᠯᠤᠨ ᠵᠥᠪᠯᠡᠯᠭᠡ ᠥᠭᠬᠦ ᠭᠠᠷᠠᠭ ᠤᠨ ᠠᠵᠢᠯᠯᠠᠭ᠎ᠠ ᠳᠤ ᠣᠷᠣᠯᠴᠠᠵᠤ ᠂ ᠬᠤᠯᠪᠣᠭᠳᠠᠯ ᠪᠥᠬᠦᠶ | ᠳᠡᠭᠡᠳᠦ ᠰᠤᠷᠭᠠᠭᠤᠯᠢ ᠶᠢᠨ ᠸᠢᠳᠢᠣ᠋ ᠰᠢᠭᠤᠳ ᠨᠡᠪᠲᠡᠷᠡᠭᠦᠯᠭᠡ ᠶᠢᠨ ᠠᠵᠢᠯᠯᠠᠭᠠᠨ ᠤ ᠲᠣᠬᠢᠷᠠᠭᠤᠯᠤᠯᠲᠠ ᠶᠢ | ᠣᠶᠢᠯᠠᠭᠠᠵᠤ ᠪᠣᠯᠤᠨ᠎ᠠ ᠃ ᠡᠭᠦᠨ ᠤ ᠬᠠᠮᠲᠤ ᠂ ᠵᠦᠪᠯᠡᠯᠭᠡ ᠥᠭᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ | ᠲᠥᠯᠥᠭᠡ ᠂ ᠰᠢᠯᠭᠠᠭᠤᠯᠤᠭᠴᠢ ᠤᠷᠢᠳ ᠢᠶᠠᠷ ᠡᠯ᠎ᠡ ᠳᠡᠭᠡᠳᠦ ᠰᠤᠷᠭᠠᠭᠤᠯᠢ ᠶᠢᠨ ᠨᠡᠶᠢᠲᠡᠯᠡᠭᠰᠡᠨ ᠬᠠᠮᠢᠶ᠎ᠠ ᠪᠥᠬᠦᠶ | ᠮᠡᠳᠡᠭᠡ ᠵᠠᠩᠭᠢ ᠶᠢ ᠶᠡᠭᠡ ᠲᠥᠯᠦᠪ ᠦᠵᠡᠵᠦ ᠂ ᠬᠠᠮᠢᠶ᠎ᠠ ᠪᠥᠬᠦᠶ ᠪᠠᠶᠢᠳᠠᠯ ᠢ ᠣᠶᠢᠯᠠᠭᠠᠭᠠᠷᠠᠶ ᠃ | ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ | ᠵᠦᠪᠯᠡᠯᠭᠡ ᠥᠭᠬᠦ ᠭᠠᠷᠠᠭ ᠤᠨ ᠰᠦᠯᠵᠢᠶᠡᠨ ᠬᠠᠶ᠋ᠢᠭ | https://gaokao.chsi.com.cn | |