ᠸᠠᠩ ᠹᠧᠩ ᠰᠧᠨ ᠳᠣᠭᠤᠶᠢᠯᠠᠩ ᠳᠠᠭᠠᠭᠤᠯᠤᠨ ᠵᠥᠩ ᠵᠢᠩ ᠭᠦᠸᠧ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠡᠵᠡᠮᠳᠡᠬᠦ ᠪᠦᠯᠦᠭᠯᠡᠯ ᠳᠤ ᠬᠦᠷᠴᠦ ᠰᠢᠨᠵᠢᠯᠡᠨ ᠪᠠᠶᠢᠴᠠᠭᠠᠵᠤ ᠵᠥᠪᠳᠡᠯᠴᠡᠪᠡ
ᠨᠡᠶᠢᠲᠡᠯᠡᠭᠰᠡᠨ ᠴᠠᠭ᠄
2023/6/28
      ᠬᠤᠲᠠ ᠶᠢᠨ ᠨᠠᠮ ᠤᠨ ᠬᠤᠷᠢᠶ᠎ᠠ ᠶᠢᠨ ᠬᠤᠳᠠᠯᠳᠤᠭᠠᠴᠢᠨ ᠤᠷᠢᠬᠤ ᠠᠵᠢᠯ ᠢ ᠶᠡᠭᠡ ᠪᠠᠷ ᠠᠳᠬᠤᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠸᠠᠩ ᠹᠧᠩ ᠰᠧᠨ ᠳᠣᠭᠤᠶᠢᠯᠠᠩ ᠳᠠᠭᠠᠭᠤᠯᠤᠨ ᠬᠤᠳᠠᠯᠳᠤᠭᠠᠴᠢᠨ ᠤᠷᠢᠬᠤ ᠠᠵᠢᠯ ᠢ ᠦᠷᠭᠦᠯᠵᠢᠯᠡᠨ ᠥᠷᠨᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠪᠴᠢᠯᠡᠨ ᠠᠬᠢᠭᠤᠯᠪᠠ᠃      6 ᠰᠠᠷ᠎ᠠ ᠶᠢᠨ 26  ᠤ ᠡᠳᠦᠷ ᠂ ᠸᠠᠩ ᠹᠧᠩ ᠰᠧᠨ ᠳᠣᠭᠤᠶᠢᠯᠠᠩ ᠳᠠᠭᠠᠭᠤᠯᠤᠨ ᠳᠤᠮᠳᠠᠳᠤ ᠤᠯᠤᠰ ᠤᠨ ᠵᠥᠩ ᠵᠢᠩ ᠭᠦᠸᠧ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠡᠵᠡᠮᠳᠡᠬᠦ ᠪᠦᠯᠦᠭᠯᠡᠯ ᠳᠤ ᠰᠢᠨᠵᠢᠯᠡᠨ ᠪᠠᠶᠢᠴᠠᠭᠠᠵᠤ ᠲᠦᠷᠦᠯ ᠵᠦᠢᠯ ᠢ ᠵᠥᠪᠳᠡᠨ ᠶᠠᠷᠢᠯᠴᠠᠪᠠ ᠃ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠾᠧᠩ ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠵᠢᠴᠢ ᠪᠡᠭᠡᠵᠢᠩ ᠤᠨ  ᠬᠤᠳᠠᠯᠳᠤᠭᠠᠴᠢᠨ ᠤᠷᠢᠬᠤ ᠳᠤᠭᠤᠶᠢᠯᠠᠩ ᠰᠢᠨᠵᠢᠯᠡᠨ ᠪᠠᠶᠢᠴᠠᠭᠠᠬᠤ ᠳᠤ ᠣᠷᠣᠯᠴᠠᠪᠠ ᠃
          20.png
      ᠶᠠᠷᠢᠯᠴᠠᠬᠤ ᠬᠤᠷᠠᠯ ᠳᠡᠭᠡᠷ᠎ᠡ ᠂ ᠵᠥᠩ ᠵᠢᠩ ᠭᠦᠸᠧ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠡᠵᠡᠮᠳᠡᠬᠦ ᠪᠦᠯᠦᠭᠯᠡᠯ ᠤᠨ ᠪᠡᠯᠡ ᠣᠷᠣᠭᠤᠯᠤᠯᠲᠠ ᠶᠢᠨ ᠵᠥᠪᠯᠡᠯ ᠤᠨ ᠭᠦᠢᠴᠡᠳᠭᠡᠭᠴᠢ ᠲᠡᠷᠢᠭᠦᠯᠡᠭᠴᠢ ᠵᠠᠩ ᠮᠢᠨ ᠵᠢᠶᠧ ᠵᠢᠴᠢ ᠵᠥᠩ ᠵᠢᠩ ᠭᠦᠸᠧ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠡᠵᠡᠮᠳᠡᠬᠦ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠪᠦᠯᠦᠭᠯᠡᠯ ᠤᠨ ᠳᠠᠷᠠᠭᠠᠴᠢ ᠶᠢᠨ ᠠᠯᠬᠤᠮ ᠤᠨ ᠺᠠᠶᠢᠯᠤ ᠰᠢᠶᠠᠨ ᠯᠤᠭ᠎ᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠬᠠᠮᠲᠤᠷᠠᠯᠴᠠᠭᠠᠨ ᠤ ᠭᠤᠣᠯ ᠴᠢᠭᠯᠡᠯ ᠪᠣᠯᠣᠨ ᠪᠣᠳᠠᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠠᠷᠭ᠎ᠠ ᠵᠠᠮ ᠢ ᠲᠠᠨᠢᠯᠴᠠᠭᠤᠯᠪᠠ ᠃ ᠵᠠᠩ ᠮᠢᠨ ᠵᠢᠶᠧ ᠠᠴᠠ᠂ 6 ᠰᠠᠷ᠎ᠠ ᠶᠢᠨ 18 ᠤ ᠡᠳᠦᠷ ᠳᠣᠭᠤᠶᠢᠯᠠᠩ ᠳᠠᠭᠠᠭᠤᠯᠤᠨ ᠺᠠᠶᠢᠯᠤ ᠳᠤ ᠰᠢᠨᠵᠢᠯᠡᠨ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ ᠂ ᠺᠠᠶᠢᠯᠤ ᠰᠢᠶᠠᠨ ᠤ ᠬᠥᠳᠡᠭᠡ ᠠᠵᠤ ᠠᠬᠤᠢ ᠶᠢᠨ ᠰᠠᠭᠤᠷᠢ ᠰᠠᠶᠢᠨ ᠂ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠵᠣᠬᠢᠰᠲᠠᠢ ᠂ ᠬᠥᠭᠵᠢᠯᠲᠡ ᠶᠢᠨ ᠰᠡᠳᠬᠢᠴᠡ ᠲᠣᠳᠣᠷᠬᠠᠢ ᠂ ᠪᠦᠯᠦᠭᠯᠡᠯ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠬᠥᠭᠵᠢᠯᠲᠡ ᠲᠠᠢ ᠮᠠᠰᠢ ᠤᠯᠠᠨ ᠨᠡᠶᠢᠯᠡᠯᠴᠡᠬᠦ ᠴᠡᠭ ᠲᠠᠢ ᠪᠠᠶᠢᠬᠤ ᠶᠢ ᠰᠡᠷᠡᠵᠦ ᠮᠡᠳᠡᠪᠡ᠂ ᠺᠠᠶᠢᠯᠤ ᠰᠢᠶᠠᠨ ᠲᠠᠢ ᠺᠠᠶᠢᠯᠤ ᠶᠢᠨ  ᠠᠷᠤᠷᠠᠯᠢᠭ ᠵᠢᠮᠢᠰ ᠢ ᠬᠥᠮᠥᠷᠭᠡᠯᠡᠵᠦ ᠪᠣᠷᠣᠯᠠᠭᠤᠯᠬᠤ ᠂ ᠠᠯᠠᠰᠢᠨ ᠦᠬᠡᠷ ᠨᠢᠲᠤᠯᠵᠤ ᠡᠳ᠋ᠰᠢᠭᠦᠯᠬᠦ ᠂ ᠡᠪᠡᠰᠦ ᠪᠣᠷᠳᠤᠭ᠎ᠠ ᠲᠠᠷᠢᠬᠤ ᠂ ᠠᠮᠢᠳᠤ ᠪᠣᠳᠠᠰ ᠤᠨ ᠡᠨᠧᠷᠭᠢ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠨ᠎ᠠ ᠭᠡᠵᠥ ᠢᠯᠡᠷᠬᠡᠶᠢᠯᠡᠪᠡ᠃      ᠸᠠᠩ ᠹᠧᠩ ᠰᠧᠨ ᠢᠯᠡᠷᠬᠡᠶᠢᠯᠡᠭᠰᠡᠨ ᠨᠢ ᠂ ︽ᠭᠤᠷᠪᠠᠨ ᠠᠵᠤ ᠦᠢᠯᠡᠰ ᠤᠨ ᠠᠭᠤᠰᠤᠯᠴᠠᠯ︾ ᠤᠨ ᠬᠥᠭᠵᠢᠯᠲᠡ ᠶᠢᠨ ᠴᠢᠭᠯᠡᠯ ᠪᠠ ︽ᠬᠡᠷᠡᠭᠴᠡᠭᠡ ᠪᠠᠷ ᠲᠣᠭᠲᠠᠭᠠᠬᠤ︾ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠦᠨᠳᠦᠰᠦᠯᠡᠵᠦ᠂ ᠣᠳᠣᠬᠠᠨ ᠳᠤ ᠺᠠᠶᠢᠯᠤ ᠶᠢᠨ ᠠᠯᠠᠰᠢᠨ ᠦᠬᠡᠷ ᠂ ᠠᠷᠤᠷᠠᠯᠢᠭ ᠵᠢᠮᠢᠰ ᠂ ᠤᠯᠠᠭᠠᠨ ᠬᠠᠲᠠᠭᠠᠭᠰᠠᠨ ᠯᠠᠵᠤᠤ ᠵᠡᠷᠭᠡ ᠠᠵᠤ ᠦᠢᠯᠡᠰ ᠤᠨ ᠬᠥᠭᠵᠢᠯᠲᠡ ᠨᠢ ᠵᠣᠬᠢᠬᠤ ᠬᠡᠮᠵᠢᠶᠡᠨ ᠤ ᠬᠠᠷᠢᠴᠠᠭᠤᠯᠤᠭᠰᠠᠨ ᠳᠠᠪᠠᠭᠤᠯᠢᠭ ᠪᠠ ᠳᠤᠲᠠᠭᠤᠳᠠᠯ ᠢ ᠪᠦᠷᠢᠯᠳᠦᠭᠦᠯᠦᠭᠰᠡᠨ ᠪᠥᠭᠡᠳ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠭᠤᠣᠯᠳᠠᠯᠭ᠎ᠠ ᠂ ᠨᠠᠶᠢᠳᠠᠪᠤᠷᠢᠵᠢᠭᠤᠯᠤᠭᠰᠠᠨ ᠲᠦᠷᠦᠯ ᠵᠦᠢᠯ ᠂ ᠬᠠᠷᠢᠯᠴᠠᠨ ᠨᠥᠬᠦᠪᠦᠷᠢᠯᠡᠭᠰᠡᠨ ᠳᠠᠪᠠᠭᠤᠯᠢᠭ ᠵᠡᠷᠭᠡ ᠳᠤ ᠴᠢᠭᠯᠡᠭᠦᠯᠦᠨ ᠨᠠᠷᠢᠨ ᠲᠣᠳᠣᠷᠬᠠᠢ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠳᠤᠷᠠᠳᠴᠤ ᠂ ᠠᠵᠢᠯ ᠤᠨ ᠲᠤᠰᠬᠠᠢ ᠠᠩᠭᠢ ᠪᠠᠶᠢᠭᠤᠯᠵᠤ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠠᠷᠢᠴᠠᠭᠤᠯᠪᠠ᠃ ᠡᠭᠦᠨ ᠤ ᠬᠠᠮᠲᠤ ᠂ ᠺᠠᠶᠢᠯᠤ ᠰᠢᠶᠠᠨ ᠵᠥᠩ ᠵᠢᠩ ᠭᠦᠸᠧ ᠰᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠡᠵᠡᠮᠳᠡᠬᠦ ᠪᠦᠯᠦᠭᠯᠡᠯ ᠤᠨ ᠲᠠᠪᠴᠠᠩ ᠂ ᠲᠦᠷᠦᠯ ᠲᠡᠮᠳᠡᠭ ᠂ ᠪᠡᠯᠡ ᠮᠥᠩᠭᠦ ᠪᠣᠯᠣᠨ ᠲᠦᠷᠦᠯ ᠵᠦᠢᠯ ᠤᠨ ᠳᠠᠪᠠᠭᠤᠯᠢᠭ ᠢ ᠠᠰᠢᠭᠯᠠᠵᠤ ᠂ ᠮᠠᠯ ᠠᠵᠤ ᠠᠬᠤᠢ ᠲᠠᠷᠢᠶᠠᠯᠠᠩ ᠤᠨ ᠲᠡᠰ ᠳᠡᠪᠰᠢᠬᠦ ᠪᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠃      ᠲᠤᠰ ᠤᠳᠠᠭ᠎ᠠ ᠶᠢᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠮᠠᠨ ᠤ ᠰᠢᠶᠠᠨ ᠤ ᠠᠯᠠᠰᠢᠨ ᠦᠬᠡᠷ ᠂ ᠤᠢ ᠰᠢᠭᠤᠢ ᠂ ᠰᠢᠨ᠎ᠡ ᠡᠨᠧᠷᠭᠢ ᠶᠢᠨ ᠠᠵᠤ ᠦᠢᠯᠡᠰ ᠤᠨ ᠡᠯ᠎ᠡ ᠭᠤᠭᠴᠤᠭ᠎ᠠ ᠶᠢᠨ ᠪᠣᠭᠤᠮᠢ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ ᠂ ᠠᠵᠤ ᠦᠢᠯᠡᠰ ᠤᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ ᠂ ᠬᠥᠭᠵᠢᠯᠲᠡ ᠶᠢᠨ ᠳᠤᠲᠠᠭᠤᠳᠠᠯ ᠢ ᠨᠥᠬᠦᠪᠦᠷᠢᠯᠡᠵᠦ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠂ ᠮᠠᠨ ᠤ ᠰᠢᠶᠠᠨ ᠤ ᠣᠷᠣᠨ ᠨᠤᠲᠤᠭ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠥᠳᠡᠯᠭᠡᠬᠦ ᠬᠦᠴᠦᠨ ᠨᠡᠮᠡᠷᠢᠯᠡᠵᠦ ᠴᠢᠳᠠᠨ᠎ᠠ ᠃ ︵ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠠᠴᠠ ᠡᠬᠡ ᠪᠢᠴᠢᠭ ᠬᠠᠩᠭᠠᠪᠠ︶  
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号