ᠲᠦᠩᠯᠢᠶᠣᠣ ᠶᠢᠨ ᠺᠠᠶᠢᠯᠤ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠬᠦ ᠮᠡᠳᠡᠯᠭᠡ ᠶᠢᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2023/6/28
      6 ᠰᠠᠷ᠎ᠠ ᠶᠢᠨ 26 ᠤ ᠡᠳᠦᠷ ᠂ ᠲᠦᠩᠯᠢᠶᠣᠣ ᠶᠢᠨ ᠺᠠᠶᠢᠯᠤ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠲᠤ ︽ ᠬᠤᠷᠢᠳᠤᠭᠠᠷ ᠶᠡᠭᠡ ᠬᠤᠷᠠᠯ ᠢ ᠰᠤᠷᠤᠯᠴᠠᠨ ᠰᠡᠳᠭᠢᠵᠥ ᠥᠢᠯᠡᠳᠥᠯᠵᠢᠭᠦᠯᠥᠨ ᠰᠡᠳᠬᠢᠯ ᠢᠶᠠᠨ ᠨᠢᠭᠡᠳᠬᠡᠵᠦ ᠰᠦᠭ ᠰᠦᠨᠡᠰᠦ ᠪᠠᠨ ᠱᠤᠭᠤᠵᠤ ᠢᠷᠡᠭᠡᠳᠦᠢ ᠲᠡᠰᠢ ᠤᠷᠤᠭᠰᠢᠯᠠᠬᠤ ︾  ᠪᠠᠷ ᠭᠤᠣᠯ ᠰᠡᠳᠦᠪ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 102 ᠵᠢᠯ ᠤᠨ ᠤᠢ ᠶᠢ ᠪᠡᠯᠭᠡᠯᠡᠬᠦ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠵᠤ ᠂ ᠨᠠᠮ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ ᠂ ᠨᠠᠮ ᠤᠨ ᠠᠭᠤᠤ ᠭᠠᠪᠢᠶ᠎ᠠ ᠠᠤᠭ᠎ᠠ ᠵᠢᠳᠬᠦᠯ ᠢ ᠮᠠᠭᠲᠠᠨ ᠳᠠᠭᠤᠯᠠᠵᠤ ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠢᠶᠠᠨ ᠬᠦᠨᠳᠦᠳᠬᠡᠵᠦ ᠪᠠᠶᠢᠭ᠎ᠠ ᠰᠡᠳᠬᠢᠯᠭᠡ ᠶᠢ ᠤᠶᠠᠩᠭᠠᠯᠠᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ᠂  ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠶᠠᠩ᠂  ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠮᠠ ᠹᠧᠩ ᠵᠢᠶᠦ᠋ᠨ ᠣᠷᠣᠯᠴᠠᠪᠠ᠃
          8 1.png
      ᠯᠢᠦ ᠶᠠᠩ ᠵᠢᠭᠠᠭᠰᠠᠨ ᠨᠢ᠂  ᠨᠡᠭᠡᠭᠡᠯᠲᠡ ᠶᠢᠨ ᠲᠣᠭᠤᠷᠢᠭ ᠢ 2008 ᠣᠨ ᠳᠤ ᠲᠥᠯᠥᠪᠵᠢᠭᠦᠯᠦᠨ ᠪᠠᠶᠢᠭᠤᠯᠤᠭᠰᠠᠨ ᠠᠴᠠ ᠨᠠᠰᠢ ᠂ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ ᠂ ᠢᠲᠡᠭᠡᠯ ᠵᠣᠷᠢᠭ ᠢᠶᠠᠨ ᠪᠠᠲᠤᠳᠬᠠᠨ ᠡᠭᠦᠷᠢᠳᠡ ᠨᠠᠮ ᠢᠶᠠᠨ ᠳᠠᠭᠠᠵᠤ ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠂ ᠴᠢᠨᠠᠷ ᠰᠠᠶᠢᠲᠠᠢ ᠬᠥᠭᠵᠢᠯᠲᠡ ᠪᠠᠷ ᠬᠠᠷᠠᠯᠲᠠ ᠪᠣᠯᠭᠠᠵᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠦᠬᠦ ᠣᠷᠣᠨ ᠤ ᠴᠤᠷ ᠤᠨ ᠭᠠᠭᠴᠠ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠢᠶᠠᠷ ᠦᠨᠡᠯᠡᠭᠳᠡᠪᠡ ᠃ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ᠂ ︽ᠨᠠᠮ ᠤᠨ ᠪᠦᠷᠬᠦᠴᠡ ᠶᠢ ᠥᠷᠭᠡᠳᠬᠡᠵᠦ᠂ ᠨᠠᠮ ᠪᠠ ᠠᠵᠤ ᠠᠬᠤᠶᠢᠯᠠᠯ ᠤᠨ ᠠᠭᠤᠰᠤᠯᠴᠠᠯ ᠢ ᠠᠬᠢᠭᠤᠯᠬᠤ︾ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ︽ᠳᠥᠷᠪᠡ ᠶᠢ ᠪᠠᠶᠢᠯᠭᠠᠵᠤ ᠨᠢᠭᠡ ᠳᠤ ᠦᠢᠯᠡᠴᠢᠯᠡᠵᠦ ᠬᠤᠶᠠᠷ ᠢ ᠳᠡᠭᠡᠭᠰᠢᠯᠡᠭᠦᠯᠬᠦ︾ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠳᠣᠯᠤᠭ᠎ᠠ ᠶᠢ ᠨᠢᠭᠡ ᠴᠣᠭᠴᠠᠵᠢᠭᠤᠯᠤᠨ ᠬᠤᠶᠠᠷ ᠢ ᠠᠬᠢᠭᠤᠯᠬᠤ︾ ᠠᠵᠢᠯ ᠤᠨ ᠲᠣᠭᠲᠠᠴᠠ ᠪᠠᠷ ᠬᠤᠯᠪᠣᠭᠠᠰᠤ ᠪᠣᠯᠭᠠᠵᠤ᠂ ᠨᠠᠮ ᠤᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠃ ᠪᠣᠶᠢᠵᠢᠭᠤᠯᠬᠤ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠡᠷᠳᠡᠨᠢ ᠰᠢᠰᠢ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠬᠢᠮᠢ ᠶᠢᠨ ᠠᠵᠤ ᠦᠢᠯᠡᠳᠪᠦᠷᠢ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ᠂ ᠰᠢᠨ᠎ᠡ ᠬᠡᠯᠪᠡᠷᠢ ᠶᠢᠨ ᠡᠨᠧᠷᠭᠢ ᠵᠢᠴᠢ ᠲᠣᠨᠤᠭ ᠲᠥᠬᠦᠭᠡᠷᠦᠮᠵᠢ ᠦᠢᠯᠡᠳᠬᠦ ᠭᠤᠷᠪᠠᠨ ᠶᠡᠭᠡ ᠠᠵᠤ ᠦᠢᠯᠡᠰ ᠤᠨ ᠰᠦᠷᠦᠭᠵᠢᠯ ᠢ ᠣᠷᠣᠭᠤᠯᠤᠨ ᠪᠣᠶᠢᠵᠢᠭᠤᠯᠵᠤ᠂ 106 ᠠᠵᠤ ᠠᠬᠤᠶᠢᠯᠠᠯ ᠳᠤ ᠣᠷᠣᠵᠤ ᠰᠠᠭᠤᠭᠰᠠᠨ ᠪᠠᠶᠢᠨ᠎ᠠ᠃      ᠯᠢᠦ ᠶᠠᠩ ᠵᠢᠭᠠᠭᠰᠠᠨ ᠨᠢ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠡᠬᠢᠯᠡᠯᠲᠡ ᠶᠢᠨ ᠵᠢᠯ ᠪᠣᠯᠣᠨ᠎ᠠ ᠂ ᠮᠥᠨᠴᠦ ᠺᠠᠶᠢᠯᠤ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠬᠦ ᠂ ᠰᠢᠨ᠎ᠡ ᠴᠠᠭ ᠦᠶ᠎ᠡ ᠶᠢᠨ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ ᠃ ᠡᠷᠳᠡᠨᠢ ᠰᠢᠰᠢ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠭᠤᠣᠯ ᠪᠣᠯᠭᠠᠭᠰᠠᠨ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠣᠷᠣᠨ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ ᠂ ᠠᠷᠪᠠᠨ ᠳᠥᠷᠪᠡᠳᠦᠭᠡᠷ ᠲᠠᠪᠤᠨ ᠵᠢᠯ ᠤᠨ ᠰᠡᠭᠦᠯᠴᠢ ᠪᠣᠯᠬᠤ ᠳᠤ ᠂ ᠡᠷᠳᠡᠨᠢ ᠰᠢᠰᠢ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ 50 ᠰᠢᠬᠠᠮ ᠪᠣᠯᠭᠠᠨ ᠬᠥᠭᠵᠢᠭᠦᠯᠬᠦ ᠪᠠᠷ ᠴᠢᠷᠮᠠᠶᠢᠵᠤ ᠂ ᠳᠤᠮᠳᠠᠳᠤ ᠤᠯᠤᠰ ᠤᠨ ᠬᠠᠮᠤᠭ ᠤᠨ ᠶᠡᠭᠡ ᠡᠷᠳᠡᠨᠢ ᠰᠢᠰᠢ ᠶᠢᠨ ᠠᠮᠢᠳᠤ ᠪᠣᠳᠠᠰ ᠤᠨ ᠢᠰᠬᠡᠯᠲᠡ ᠶᠢᠨ ᠰᠠᠭᠤᠷᠢᠨ᠂ ᠤᠯᠤᠰ ᠤᠨ ᠲᠡᠰ ᠤᠨ ᠲᠦᠭᠦᠬᠡᠢ ᠮᠠᠲ᠋ᠧᠷᠢᠶᠠᠯ ᠤᠨ ᠡᠮ ᠤᠨ ᠰᠠᠭᠤᠷᠢᠨ ᠪᠣᠯᠣᠨ ᠤᠯᠤᠰ ᠤᠨ ᠲᠡᠰ ᠤᠨ ᠡᠷᠡᠭᠦᠯ ᠮᠡᠨᠳᠦ ᠶᠢᠨ ᠲᠣᠮᠣ ᠠᠵᠤ ᠦᠢᠯᠡᠰ ᠤᠨ ᠰᠠᠭᠤᠷᠢᠨ ᠢ ᠪᠦᠲᠦᠭᠡᠨ ᠪᠠᠶᠢᠭᠤᠯᠤᠨ᠎ᠠ ᠃      ᠮᠠ ᠹᠧᠩ ᠵᠢᠶᠦ᠋ᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ᠂  ᠨᠡᠭᠡᠭᠡᠯᠲᠡ ᠶᠢᠨ ᠲᠣᠭᠤᠷᠢᠭ ᠤᠨ ᠲᠠᠪᠠᠯᠳᠠᠳᠤ ᠬᠥᠭᠵᠢᠯᠲᠡ ᠶᠢ ᠠᠬᠢᠭᠤᠯᠬᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠰᠡᠭᠦᠯᠴᠢ ᠶᠢᠨ ᠬᠠᠷᠠᠯᠲᠠ ᠶᠢ ᠡᠷᠲᠡᠬᠡᠨ ᠪᠡᠶᠡᠯᠡᠭᠦᠯᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃
          8 2.png
          8 3.png
      ᠤᠷᠤᠯᠳᠤᠭᠠᠨ ᠤ ᠲᠤᠬᠠᠢ ᠶᠢᠨ ᠲᠠᠯᠠᠪᠤᠷ ᠲᠤ᠂ ᠯᠢ ᠨᠢᠦ ᠂ ᠢᠦᠢ ᠸᠠᠩ ᠂ ᠴᠠᠩ ᠾᠥᠢ᠂ ᠱᠧᠩ ᠰᠢᠤᠸᠠᠢ ᠳ᠋ᠠ ᠴᠧᠩ ᠂ ᠱᠧᠩ ᠳ᠋ᠡ ᠂ ᠵᠦᠩ ᠾᠥᠢ᠂ ᠬᠠᠷᠪᠢᠨ ᠤ ᠴᠠᠬᠢᠯᠭᠠᠨ ᠬᠦᠴᠦᠨ ᠤ ᠰᠠᠯᠬᠢᠨ ᠤ ᠡᠨᠧᠷᠭᠢ ᠂ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠤᠨ ᠪᠠᠶᠢᠭᠤᠯᠤᠯᠭ᠎ᠠ ᠶᠢᠨ ᠲᠥᠯᠥᠭᠡᠯᠡᠭᠴᠢᠳ ᠤᠨ ᠠᠩᠭᠢ ᠠᠴᠠ ᠢᠷᠡᠵᠤ ᠂ ᠬᠤᠪᠢ ᠬᠥᠮᠥᠨ ᠪᠣᠯᠣᠨ ᠪᠠᠭ᠎ᠠ ᠳᠤᠭᠤᠶᠢᠯᠠᠩ ᠤᠨ ᠵᠠᠪᠠᠯ ᠬᠠᠷᠢᠭᠤᠯᠬᠤ ᠰᠡᠳᠦᠪ ᠂ ᠵᠠᠪᠳᠤᠨ ᠬᠠᠷᠢᠭᠤᠯᠬᠤ ᠰᠡᠳᠦᠪ ᠪᠣᠯᠣᠨ ᠲᠦᠭᠰᠢᠭᠦᠷᠢ ᠶᠢᠨ ᠰᠡᠳᠦᠪ ᠤᠨ ᠭᠤᠭᠴᠤᠭ᠎ᠠ ᠵᠡᠷᠭᠡ ᠤᠯᠠᠨ ᠡᠭᠡᠯᠵᠢ ᠶᠢᠨ ᠥᠷᠢᠰᠦᠯᠳᠦᠭᠡᠨ ᠢᠶᠠᠷ ᠳᠠᠮᠵᠢᠨ ᠂ ᠴᠠᠩ ᠾᠥᠢ ᠶᠢᠨ ᠠᠮᠢᠳᠤ ᠪᠣᠳᠠᠰ ᠤᠨ ᠲᠥᠯᠥᠭᠡᠯᠡᠭᠴᠢᠳ ᠤᠨ ᠠᠩᠭᠢ 8 ᠡᠩᠨᠡᠭᠡ ᠠᠴᠠ ᠴᠣᠯᠭᠤᠷᠠᠨ ᠭᠠᠷᠴᠤ ᠂ ᠨᠢᠭᠡᠳᠦᠭᠡᠷ ᠳᠡᠰ ᠤᠨ ᠱᠠᠩᠨᠠᠯ ᠬᠦᠷᠲᠡᠪᠡ᠃ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ ᠤᠨ ᠪᠠᠶᠢᠭᠤᠯᠤᠯᠭ᠎ᠠ ᠶᠢᠨ ᠲᠥᠯᠥᠭᠡᠯᠡᠭᠴᠢᠳ ᠤᠨ ᠠᠩᠭᠢ᠂ ᠥᠪᠥᠷ ᠮᠣᠩᠭᠤᠯ ᠤᠨ ᠱᠧᠩ ᠰᠢᠤᠸᠠᠢ ᠳ᠋ᠠ ᠴᠧᠩ ᠤᠨ ᠲᠥᠯᠥᠭᠡᠯᠡᠭᠴᠢᠳ ᠤᠨ ᠠᠩᠭᠢ ᠲᠣᠰ ᠲᠣᠰ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ︵ ᠴᠢᠨ ᠶᠢᠩ᠂ ᠯᠢᠦ ᠶᠤᠸᠠᠨ ᠹᠧᠩ ︶       
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号