6 ᠰᠠᠷ᠎ᠠ ᠶᠢᠨ 29 ᠤ ᠡᠳᠦᠷ᠂ ᠪᠦᠬᠦ ᠰᠢᠶᠠᠨ ᠤ ᠭᠤᠷᠪᠠᠳᠤᠭᠠᠷ ᠤᠯᠠᠷᠢᠯ ᠤᠨ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ | ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ ᠂ ᠪᠥᠬᠦ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠸᠧᠳᠢᠣ᠋ ᠶᠢᠨ ᠬᠤᠷᠠᠯ | ᠪᠣᠯᠣᠨ ᠪᠥᠬᠦ ᠣᠷᠣᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠠᠯᠠᠱᠠ ᠶᠢᠨ ᠨᠡᠭᠦᠷᠡᠰᠦᠨ ᠠᠭᠤᠷᠬᠠᠢ ᠨᠤᠷᠠᠭᠰᠠᠨ᠂ ᠱᠣᠷᠤᠯᠭᠠ ᠶᠢᠨ ᠢᠳᠡᠭᠡᠨ ᠤ ᠳᠡᠯᠭᠡᠭᠦᠷ ᠤᠨ ᠳᠡᠯᠪᠡᠷᠡᠯᠲᠡ᠂ | ᠤᠯᠠᠭᠠᠨᠬᠠᠳᠠ ᠶᠢᠨ ᠰᠢᠩᠭᠡᠨᠵᠢᠮᠡᠯ ᠬᠡᠢ ᠶᠢᠨ ᠯᠡᠪᠡᠷᠡᠯ ᠳᠡᠯᠪᠡᠷᠡᠯᠲᠡ ᠵᠡᠷᠭᠡ ᠠᠳᠡᠯ ᠤᠨ ᠰᠤᠷᠭᠠᠮᠵᠢ ᠶᠢ ᠭᠦᠨᠵᠡᠭᠡᠢ | ᠰᠢᠩᠭᠡᠬᠡᠨ ᠠᠪᠴᠤ᠂ ᠪᠥᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠬᠦ ᠬᠡᠷᠡᠭᠲᠡᠢ ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ | ᠯᠢᠦ ᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠯᠢᠦ ᠶᠠᠩ ᠵᠢᠭᠠᠭᠰᠠᠨ ᠨᠢ᠂ ᠠᠶᠤᠯᠭᠦᠢ ᠦᠢᠯᠡᠳᠪᠦᠷᠢᠯᠡᠯ ᠲᠠᠶᠢᠱᠠᠨ ᠠᠭᠤᠯᠠᠨ ᠠᠴᠠ ᠴᠢᠬᠤᠯᠠ ᠶᠤᠮ ᠂ | ᠶᠠᠮᠠᠷᠪᠠ ᠴᠠᠭ ᠦᠶ᠎ᠡ ᠳᠤ ᠴᠦ ᠭᠡᠳ ᠰᠤᠯᠠᠷᠠᠭᠤᠯᠵᠤ ᠪᠣᠯᠬᠤ ᠦᠭᠡᠢ ᠃ ᠤᠯᠤᠰ ᠲᠦᠷᠦ ᠶᠢ ᠡᠷᠬᠢᠮᠯᠡᠬᠦ ᠳᠡᠭᠡᠳᠦ | ᠬᠡᠮᠵᠢᠶᠡᠨ ᠠᠴᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠨ | ᠡᠵᠡᠮᠰᠢᠵᠦ ᠂ ︽ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ︾ ᠣᠶᠢᠯᠠᠭᠠᠭᠳᠠᠬᠤᠨ ᠢ ᠪᠠᠲᠤ ᠪᠤᠢ | ᠪᠣᠯᠭᠠᠵᠤ ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠢᠮᠠᠭᠲᠠ ᠴᠢᠩᠭᠠᠯᠠᠵᠤ ᠂ ᠠᠶᠤᠯᠭᠦᠢ | ᠦᠢᠯᠡᠳᠪᠦᠷᠢᠯᠡᠯ ᠢ ᠠᠯᠢᠪᠠ ᠠᠴᠠ ᠥᠨᠳᠥᠷ ᠂ ᠠᠯᠢᠪᠠ ᠠᠴᠠ ᠤᠷᠢᠳᠴᠢᠯᠠᠬᠤ ᠂ ᠠᠯᠢᠪᠠ ᠠᠴᠠ ᠴᠢᠬᠤᠯᠠ ᠪᠠᠶᠢᠷᠢᠨ ᠳᠤ | ᠲᠠᠯᠪᠢᠵᠤ ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠪᠦᠲᠦᠮᠵᠢᠲᠡᠢ | ᠰᠠᠶᠢᠲᠤᠷ ᠬᠢᠬᠦ ᠬᠡᠷᠡᠭᠲᠡᠢ ᠃ | | | ᠯᠢᠦ ᠶᠠᠩ ᠴᠢᠬᠤᠯᠠᠴᠢᠯᠠᠭᠰᠠᠨ ᠨᠢ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ | ᠪᠠᠶᠢᠴᠠᠭᠠᠬᠤ ᠠᠵᠢᠯᠯᠠᠭ᠎ᠠ ᠶᠢ ᠴᠢᠩᠭ᠎ᠠ ᠥᠷᠨᠢᠭᠦᠯᠵᠦ ᠂ ᠰᠢᠲᠠᠮᠠᠬᠠᠢ ᠬᠡᠢ ᠂ ᠠᠶᠤᠯᠲᠠᠢ ᠬᠢᠮᠢ ᠶᠢᠨ ᠪᠣᠳᠠᠰ ᠂ | ᠪᠠᠷᠢᠯᠭ᠎ᠠ ᠶᠢᠨ ᠠᠵᠢᠯ ᠂ ᠵᠠᠮ ᠬᠠᠷᠢᠯᠴᠠᠭ᠎ᠠ ᠂ ᠢᠳᠡᠭᠡᠨ ᠤ ᠵᠦᠢᠯ ᠤᠨ ᠬᠢᠨᠠᠯᠲᠠ ᠬᠠᠮᠢᠶᠠᠷᠤᠯᠲᠠ ᠂ ᠬᠥᠮᠥᠨ ᠬᠠᠷ᠎ᠠ | ᠬᠤᠷᠠᠨ ᠴᠤᠭᠯᠠᠷᠠᠭᠰᠠᠨ ᠲᠠᠯᠠᠪᠤᠷ ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠵᠡᠷᠭᠡ ᠲᠠᠯ᠎ᠠ ᠪᠠᠷ ᠬᠠᠨᠳᠤᠯᠭᠠᠲᠤ | ᠴᠢᠨᠠᠷᠲᠠᠢ ᠪᠠᠷ ᠵᠢᠭᠰᠠᠭᠠᠨ ᠪᠠᠶᠢᠴᠠᠭᠠᠵᠤ ᠬᠢᠨᠠᠨ ᠬᠠᠮᠢᠶᠠᠷᠬᠤ ᠶᠢ ᠥᠷᠨᠢᠭᠦᠯᠵᠦ ᠂ ᠡᠯ᠎ᠡ ᠲᠦᠷᠦᠯ ᠤᠨ ᠠᠶᠤᠯ | ᠲᠦᠭᠰᠢᠭᠦᠷᠢ ᠶᠢᠨ ᠬᠡᠮ ᠰᠣᠭᠤᠭ ᠢ ᠪᠦᠬᠦ ᠲᠠᠯ᠎ᠠ ᠪᠠᠷ ᠡᠵᠡᠮᠰᠢᠬᠦ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠳᠤ | ᠴᠢᠭᠯᠡᠭᠦᠯᠦᠨ ᠴᠢᠩᠭ᠎ᠠ ᠠᠳᠬᠤᠵᠤ ᠂ ᠡᠬᠡ ᠳᠠᠩᠰᠠ ᠪᠠᠶᠢᠭᠤᠯᠵᠤ ᠂ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠠᠷᠭ᠎ᠠ | ᠬᠡᠮᠵᠢᠶ᠎ᠡ ᠶᠢ ᠲᠣᠳᠣᠷᠬᠠᠶᠢᠯᠠᠵᠤ ᠂ ᠦᠳᠲᠡᠷ ᠲᠦᠷᠭᠡᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠃ ᠬᠠᠤᠯᠢ ᠶᠢ | ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠠᠶᠤᠯᠭᠦᠢ ᠶᠢᠨ | ᠪᠣᠯᠪᠠᠰᠤᠷᠠᠯ ᠢ ᠦᠨᠡᠨ ᠬᠦ ᠴᠢᠩᠭᠠᠳᠬᠠᠬᠤ ᠬᠡᠷᠡᠭᠲᠡᠢ ᠃ | ᠯᠢᠦ ᠶᠠᠩ ᠱᠠᠭᠠᠷᠳᠠᠭᠰᠠᠨ ᠨᠢ ᠂ ᠠᠶᠤᠯᠭᠦᠢ ᠦᠢᠯᠡᠳᠪᠦᠷᠢᠯᠡᠯ ᠢ ᠥᠴᠥᠬᠡᠨ ᠴᠦ ᠠᠯᠳᠠᠵᠤ ᠪᠣᠯᠬᠤ ᠦᠭᠡᠢ ᠂ | ᠶᠠᠮᠠᠷᠪᠠ ᠲᠠᠯ᠎ᠠ ᠶᠢᠨ ᠬᠢ ᠶᠢ ᠴᠦ ᠰᠤᠯᠠᠷᠠᠭᠤᠯᠵᠤ ᠪᠣᠯᠬᠤ ᠦᠭᠡᠢ ᠃ ᠡᠯ᠎ᠡ ᠪᠠᠯᠭᠠᠰᠤ ᠲᠠᠯᠠᠪᠠᠢ ᠂ ᠡᠯ᠎ᠡ ᠰᠠᠯᠠᠭ᠎ᠠ | ᠮᠥᠴᠢᠷ ᠤᠯᠠᠭᠠᠨ ᠱᠤᠭᠤᠮ ᠤᠨ ᠤᠬᠠᠮᠰᠠᠷ ᠢ ᠪᠠᠲᠤ ᠪᠤᠢ ᠪᠣᠯᠭᠠᠵᠤ ᠂ ᠠᠶᠤᠯᠭᠦᠢ ᠦᠢᠯᠡᠳᠪᠦᠷᠢᠯᠡᠯ ᠤᠨ ︽ ᠨᠠᠮ | ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ᠂ | ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ︾ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠤᠳᠤᠷᠢᠳᠬᠤ ᠬᠠᠷᠢᠭᠤᠴᠠᠯᠭ᠎ᠠ ᠂ ᠬᠢᠨᠠᠨ | ᠬᠠᠮᠢᠶᠠᠷᠬᠤ ᠬᠠᠷᠢᠭᠤᠴᠠᠯᠭ᠎ᠠ ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠂ ᠤᠬᠠᠭᠤᠯᠭ᠎ᠠ | ᠬᠥᠮᠦᠵᠢᠯ ᠢ ᠴᠢᠩᠭᠠᠳᠬᠠᠵᠤ ᠂ ᠪᠦᠬᠦ ᠠᠷᠠᠳ ᠢᠶᠠᠷ ᠢᠶᠠᠨ ᠣᠷᠣᠯᠴᠠᠬᠤ ᠂ ᠪᠦᠬᠦ ᠠᠷᠠᠳ ᠢᠶᠠᠷ ᠢᠶᠠᠨ ᠬᠢᠨᠠᠯᠲᠠ | ᠲᠠᠯᠪᠢᠬᠤ ᠂ ᠪᠦᠬᠦ ᠠᠷᠠᠳ ᠢᠶᠠᠷ ᠢᠶᠠᠨ ᠠᠰᠢᠭ ᠬᠦᠷᠳᠡᠬᠦ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ | ᠪᠣᠯᠭᠠᠬᠤ ᠬᠡᠷᠡᠭᠲᠡᠢ ᠃ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠠᠵᠢᠯ ᠢ ᠰᠠᠶᠢᠲᠤᠷ ᠬᠢᠵᠦ ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠣᠳᠠᠲᠤ ᠦᠷ᠎ᠡ | ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠩ | ᠯᠢ ᠴᠦᠨ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ ᠃ | ᠬᠤᠷᠠᠯ ᠳᠡᠭᠡᠷ᠎ᠡ ᠂ ᠠᠶᠤᠯᠭᠦᠢ ᠦᠢᠯᠡᠳᠪᠦᠷᠢᠯᠡᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ ᠂ | ᠳᠡᠭᠡᠷ᠎ᠡ ᠬᠠᠭᠠᠰ ᠵᠢᠯ ᠤᠨ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠮᠡᠳᠡᠭᠳᠡᠵᠦ ᠂ ᠰᠢᠲᠠᠮᠠᠬᠠᠢ | ᠬᠡᠢ ᠶᠢᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ︵ ᠴᠢᠨ ᠶᠢᠩ᠂ ᠯᠢᠦ ᠶᠤᠸᠠᠨ ᠹᠧᠩ ︶ | | | | | | |