| | 6 ᠰᠠᠷ᠎ᠠ ᠶᠢᠨ 27 ᠤ ᠡᠳᠦᠷ ᠂ ᠵᠡᠭᠦᠨ ᠬᠤᠶᠢᠲᠤ ᠶᠢᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ | ᠣᠷᠳᠣᠨ ᠤ ᠳᠠᠷᠤᠭ᠎ᠠ ᠨᠠᠷ ᠮᠠᠶᠢᠰᠢᠨ ᠪᠠᠯᠭᠠᠰᠤᠨ ᠤ ᠬᠤᠪᠢᠰᠬᠠᠯ ᠤᠨ ᠬᠥᠮᠦᠵᠢᠯ ᠤᠨ ᠰᠠᠭᠤᠷᠢᠨ ᠳᠤ ᠢᠷᠡᠵᠥ | ᠲᠣᠭᠤᠷᠢᠨ ᠦᠵᠡᠵᠦ ᠰᠠᠨᠠᠯ ᠢᠶᠠᠨ ᠰᠣᠯᠢᠯᠴᠠᠵᠤ ᠂ ᠲᠤᠬᠠᠢ ᠶᠢᠨ ᠭᠠᠵᠠᠷ ᠲᠤᠨᠢ ᠦᠷᠡᠭᠳᠡᠭᠰᠡᠨ ᠪᠠᠭᠠᠲᠤᠷ ᠮᠠᠶᠢᠰᠢᠨ ᠤ | ᠪᠤᠩᠬᠤᠨ ᠤ ᠬᠦᠷᠢᠶᠡᠯᠡᠩ ᠤᠨ ᠦᠵᠡᠭᠦᠯᠦᠯᠭᠡ ᠶᠢᠨ ᠣᠷᠳᠣᠨ ᠂ ᠬᠤᠪᠢᠰᠬᠠᠯ ᠤᠨ ᠳᠤᠷᠠᠰᠬᠠᠯᠲᠤ ᠬᠥᠮᠦᠵᠢᠯ ᠤᠨ | ᠣᠷᠳᠣᠨ ᠢᠶᠠᠷ ᠲᠣᠭᠤᠷᠢᠨ ᠦᠵᠡᠪᠡ᠃ ᠶᠠᠷᠢᠯᠴᠠᠬᠤ ᠬᠤᠷᠠᠯ ᠳᠡᠭᠡᠷ᠎ᠡ ᠂ ᠮᠠᠶᠢᠰᠢᠨ ᠪᠠᠯᠭᠠᠰᠤᠨ ᠤ ᠨᠠᠮ ᠤᠨ | ᠬᠤᠷᠢᠶᠠᠨ ᠤ ᠬᠠᠷᠢᠭᠤᠴᠠᠯᠭᠠᠲᠠᠨ ᠠᠴᠠ ᠮᠠᠶᠢᠰᠢᠨ ᠤ ᠦᠷᠡᠭᠳᠡᠭᠰᠡᠨ ᠪᠠᠭᠠᠲᠤᠷᠴᠤᠳ ᠤᠨ ᠰᠤᠷᠭᠠᠨ ᠬᠥᠮᠦᠵᠢᠯ ᠤᠨ | ᠰᠠᠭᠤᠷᠢᠨ ᠤ ᠦᠨᠳᠦᠰᠦᠨ ᠪᠠᠶᠢᠳᠠᠯ ᠢ ᠲᠠᠨᠢᠯᠴᠠᠭᠤᠯᠵᠤ ᠂ ᠬᠤᠶᠠᠷ ᠲᠠᠯ᠎ᠠ ᠪᠠᠷ ᠢᠶᠠᠨ ᠳᠤᠷᠠᠰᠬᠠᠯ ᠤᠨ ᠣᠷᠳᠣᠨ ᠤ | ᠨᠠᠮ ᠤᠨ ᠲᠡᠦᠬᠡ ᠶᠢᠨ ᠰᠤᠳᠤᠯᠭᠠᠨ ᠂ ᠳᠡᠯᠭᠡᠨ ᠦᠵᠡᠭᠦᠯᠦᠯᠭᠡ ᠂ ᠤᠬᠠᠭᠤᠯᠭ᠎ᠠ ᠬᠥᠮᠦᠵᠢᠯ ᠂ ᠡᠵᠡᠩᠨᠡᠯᠲᠡ ᠶᠢᠨ | ᠪᠠᠲᠤᠯᠠᠭ᠎ᠠ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ | | | | | | |