ᠺᠠᠶᠢᠯᠤ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ︽ᠠᠵᠢᠯ ᠤᠨ ᠠᠬᠢᠴᠠ ᠶᠢ ᠨᠡᠶᠢᠲᠡᠯᠡᠬᠦ︾ ᠰᠢᠷᠢᠰ ᠰᠣᠨᠢᠨ ᠮᠡᠳᠡᠭᠡ ᠶᠢᠨ ᠨᠡᠶᠢᠲᠡᠯᠡᠬᠦ ᠬᠤᠷᠠᠯ ︵ᠭᠤᠷᠪᠠᠳᠤᠭᠠᠷ ᠲᠠᠯᠠᠪᠤᠷ︶ ᠬᠤᠷᠠᠯᠳᠤᠪᠠ
ᠨᠡᠶᠢᠲᠡᠯᠡᠭᠰᠡᠨ ᠴᠠᠭ᠄
2023/7/10
      7 ᠰᠠᠷ᠎ᠠ ᠶᠢᠨ 7 ᠤ ᠡᠳᠦᠷ᠂ ᠮᠠᠨ ᠤ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ᠠᠵᠢᠯ ᠤᠨ ᠠᠬᠢᠴᠠ ᠶᠢ ᠨᠡᠶᠢᠲᠡᠯᠡᠬᠦ︾ ᠰᠢᠷᠢᠰ ᠰᠣᠨᠢᠨ ᠮᠡᠳᠡᠭᠡ ᠶᠢᠨ ᠨᠡᠶᠢᠲᠡᠯᠡᠬᠦ ᠬᠤᠷᠠᠯ ︵ᠭᠤᠷᠪᠠᠳᠤᠭᠠᠷ ᠲᠠᠯᠠᠪᠤᠷ︶ ᠬᠤᠷᠠᠯᠳᠤᠪᠠ᠃ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠂ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠳᠤ ᠮᠡᠳᠡᠭᠳᠡᠬᠦ ᠶᠢᠨ ᠬᠠᠮᠲᠤ ᠨᠡᠶᠢᠭᠡᠮ ᠳᠠᠶᠠᠭᠠᠷ ᠲᠤ ᠥᠷᠭᠡᠨ ᠢᠶᠠᠷ ᠬᠢᠨᠠᠯᠲᠠ ᠲᠠᠯᠪᠢᠭᠤᠯᠬᠤ ᠪᠠᠷ ᠳᠡᠪᠰᠢᠭᠦᠯᠪᠡ ᠃
图片6.jpg
      ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠢᠦᠢ ᠴᠠᠩ ᠮᠢᠩ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠳᠤ ᠮᠡᠳᠡᠭᠳᠡᠵᠦ ᠂ ︽ ᠦᠨᠡᠮᠯᠡᠯ ᠪᠠ ᠭᠡᠷᠡᠴᠢ ᠶᠢ ᠰᠠᠯᠭᠠᠬᠤ ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ ᠃ 1 ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠢ ᠬᠦᠴᠦᠨ ᠦᠭᠡᠢ ᠪᠣᠯᠭᠠᠵᠤ ᠂ 1 ᠵᠦᠢᠯ ᠤᠨ ᠬᠢᠨᠠᠨ ᠵᠥᠪᠰᠢᠶᠡᠷᠡᠯ ᠢ ᠳᠠᠩᠰᠠᠯᠠᠬᠤ ᠪᠣᠯᠭᠠᠨ ᠥᠭᠡᠷᠡᠴᠢᠯᠡᠵᠦ ᠂ 5 ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠪᠡ ᠃ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠦᠨᠡᠮᠯᠡᠯ ᠢ ᠰᠠᠯᠭᠠᠨ ᠭᠦᠢᠴᠡᠳᠬᠡᠬᠦ᠂ ᠦᠨᠡᠮᠯᠡᠯ ᠤᠨ ᠳᠠᠷᠠᠭ᠎ᠠ ᠦᠨᠡᠮᠯᠡᠯ ᠢ ᠬᠠᠰᠤᠬᠤ ᠶᠢ ᠤᠯᠠᠮ ᠨᠢᠭᠡ ᠠᠯᠬᠤᠮ ᠬᠡᠷᠡᠭᠵᠢᠭᠦᠯᠪᠡ᠃ ᠣᠲᠣ ᠪᠣᠯᠲᠠᠯ᠎ᠠ᠂ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠪᠠᠷ ᠨᠡᠶᠢᠲᠡ 10820 ᠠᠵᠤ ᠠᠬᠤᠶᠢᠯᠠᠯ ᠳᠤ ᠠᠰᠢᠭ ᠬᠦᠷᠲᠡᠭᠡᠪᠡ᠂ ᠡᠭᠦᠨ ᠳᠤ ᠬᠡᠯᠡᠵᠦ ᠥᠭᠬᠦ ᠠᠮᠠᠯᠠᠯᠲᠠ ᠶᠢᠨ ᠳᠦᠷᠢᠮ ᠢ 1510 ᠬᠡᠷᠡᠭᠵᠢᠭᠦᠯᠵᠦ᠂ 1067 ᠵᠦᠢᠯ ᠤᠨ ᠬᠢᠨᠠᠨ ᠵᠥᠪᠰᠢᠶᠡᠷᠡᠯ ᠢ ᠰᠢᠭᠤᠳ ᠬᠦᠴᠦᠨ ᠦᠭᠡᠢ ᠪᠣᠯᠭᠠᠵᠤ᠂ 3723 ᠵᠦᠢᠯ ᠤᠨ ᠬᠢᠨᠠᠨ ᠵᠥᠪᠰᠢᠶᠡᠷᠡᠯ ᠢ ᠥᠭᠡᠷᠡᠴᠢᠯᠡᠨ ᠳᠡᠩᠰᠡᠯᠡᠵᠦ᠂ 14990 ᠵᠦᠢᠯ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠦᠢᠯᠡᠴᠢᠯᠡᠭᠡ ᠶᠢ ᠰᠢᠯᠢᠳᠡᠭᠵᠢᠭᠦᠯᠪᠡ︔ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠷᠣᠨ ᠰᠠᠭᠤᠴᠠ ᠶᠢᠨ ᠳᠠᠩᠰᠠᠯᠠᠯᠲᠠ ᠶᠢᠨ ᠨᠥᠬᠦᠴᠡᠯ ᠢ ᠠᠭᠤᠵᠢᠭᠤ ᠲᠠᠯᠪᠢᠵᠤ᠂ ᠳᠠᠩᠰᠠᠯᠠᠯᠲᠠ ᠶᠢᠨ ᠭᠠᠷᠳᠠᠮ ᠢ ᠳᠥᠭᠦᠮᠴᠢᠯᠡᠨ ᠵᠥᠪᠰᠢᠶᠡᠷᠡᠯ ᠤᠨ ᠪᠠᠷᠢᠮᠵᠢᠶ᠎ᠠ ᠶᠢ ᠳᠣᠷᠣᠭᠰᠢᠯᠠᠭᠤᠯᠵᠤ᠂ ︽ᠨᠢᠭᠡ ᠬᠠᠶ᠋ᠢᠭ ᠲᠤ ᠣᠯᠠᠨ ᠦᠨᠡᠮᠯᠡᠯ ᠪᠠᠶᠢᠬᠤ︾ ᠪᠠ ︽ᠨᠢᠭᠡ ᠦᠨᠡᠮᠯᠡᠯ ᠣᠯᠠᠨ ᠬᠠᠶ᠋ᠢᠭ  ᠲᠠᠢ︾ ᠪᠠᠶᠢᠬᠤ ᠶᠢ ᠭᠦᠢᠴᠡᠳᠬᠡᠬᠦ ᠶᠢ ᠢᠳᠡᠪᠬᠢᠲᠡᠢ ᠠᠬᠢᠭᠤᠯᠪᠠ᠃ ᠣᠲᠣ ᠪᠣᠯᠲᠠᠯ᠎ᠠ᠂ ᠪᠥᠬᠦ ᠰᠢᠶᠠᠨ ᠢᠶᠠᠷ ᠢᠶᠠᠨ ︽ ᠨᠢᠭᠡ ᠬᠠᠶ᠋ᠢᠭ ᠲᠤ ᠣᠯᠠᠨ ᠦᠨᠡᠮᠯᠡᠯ ᠪᠠᠶᠢᠬᠤ︾ ᠲᠤᠬᠠᠶᠢᠯᠠᠭᠰᠠᠨ ᠠᠵᠢᠯ ᠢ ᠨᠡᠶᠢᠲᠡ 971 ᠬᠤᠪᠢ᠂ ︽ᠨᠢᠭᠡ ᠦᠨᠡᠮᠯᠡᠯ ᠣᠯᠠᠨ ᠬᠠᠶ᠋ᠢᠭ  ᠲᠠᠢ ᠪᠠᠶᠢᠬᠤ︾ ᠲᠤᠬᠠᠶᠢᠯᠠᠭᠰᠠᠨ ᠠᠵᠢᠯ ᠢ 63 ᠬᠤᠪᠢ ᠭᠦᠢᠴᠡᠳᠭᠡᠪᠡ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭᠯᠡᠯᠲᠡ ᠬᠢᠭᠡᠳ ᠬᠠᠮᠠᠭᠠᠯᠠᠯᠲᠠ᠂ ᠦᠢᠯᠡᠴᠢᠯᠡᠭᠡ ᠵᠡᠷᠭᠡ ᠬᠠᠮᠢᠶ᠎ᠠ ᠪᠦᠬᠦᠢ ᠠᠵᠢᠯᠯᠠᠭ᠎ᠠ ᠶᠢ ᠢᠳᠡᠪᠬᠢᠲᠡᠢ  ᠦᠷᠨᠢᠭᠦᠯᠪᠡ᠃ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠬᠦᠷᠴᠦ ︽ᠬᠤᠭᠤᠯᠠ ᠬᠦᠷᠭᠡᠬᠦ︾ ᠦᠢᠯᠡᠴᠢᠯᠡᠭᠡ ᠬᠠᠩᠭᠠᠵᠤ᠂ ᠣᠲᠣ ᠨᠢᠭᠡᠨᠲᠡ 150 ᠡᠷᠦᠬᠡ ᠤᠳᠠᠭ᠎ᠠ ᠠᠵᠤ ᠠᠬᠤᠶᠢᠯᠠᠯ ᠳᠤ ᠣᠷᠣᠪᠠ︔ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠲᠣᠬᠢᠷᠠᠭᠤᠯᠬᠤ ︽ᠴᠡᠴᠡᠷᠯᠢᠭ ᠲᠤ ᠣᠷᠣᠵᠤ ᠠᠵᠤ ᠠᠬᠤᠶᠢᠯᠠᠯ ᠳᠤ ᠠᠰᠢᠭ ᠬᠦᠷᠲᠡᠭᠡᠬᠦ︾ ᠠᠵᠢᠯᠯᠠᠭ᠎ᠠ ᠶᠢ ᠥᠷᠨᠢᠭᠦᠯᠵᠦ᠂ ᠥᠪᠥᠷ ᠮᠣᠩᠭᠤᠯ ᠤᠨ ᠴᠠᠩ   ᠡᠾᠦ᠋ᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ 5000 ᠲᠦᠮᠡᠨ ᠲᠥᠭᠦᠷᠢᠭ ᠤᠨ ᠳᠠᠨᠵᠢᠯᠠᠵᠤ ᠪᠡᠯᠡ ᠲᠣᠬᠢᠷᠠᠭᠤᠯᠬᠤ ᠵᠢᠭᠡᠯᠡᠯᠭᠡ ᠣᠯᠭᠤᠪᠠ︔ ᠣᠷᠣᠨ ᠪᠦᠰᠡ ᠠᠯᠤᠰᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠠᠮᠵᠢᠯᠴᠠᠭ᠎ᠠ ᠶᠢ ᠠᠬᠢᠭᠤᠯᠵᠤ᠂ ᠵᠠᠰᠠᠭ ᠵᠠᠬᠢᠷᠭᠠᠨ ᠤ ᠪᠠ ᠬᠠᠤᠯᠢ ᠴᠠᠭᠠᠵᠠ ᠶᠢᠨ ᠬᠠᠮᠠᠭᠠᠯᠠᠯᠲᠠ ᠶᠢᠨᠬᠤᠷᠴᠢᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠲᠠᠢ ᠬᠠᠮᠲᠤᠷᠠᠨ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠤ ᠵᠠᠰᠠᠭ ᠵᠠᠬᠢᠷᠭᠠᠨ ᠤ ᠡᠶᠡᠳᠡᠭᠦᠯᠭᠡ ᠶᠢᠨ ᠬᠡᠯᠡᠯᠴᠡᠭᠡᠷ ᠤᠨ ᠬᠠᠤᠯᠢ ᠴᠠᠭᠠᠵᠠ ᠶᠢᠨ ᠨᠤᠲᠠᠯᠠᠯᠲᠠ ᠶᠢᠨ ᠠᠵᠢᠯ ᠤᠨ ᠬᠠᠮᠲᠤᠷᠠᠯᠴᠠᠭᠠᠨ ᠤ ᠰᠠᠨᠠᠭᠤᠯᠤᠮᠵᠢ︾ ᠭᠡᠬᠦ ᠬᠤᠶᠠᠷ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠵᠤ᠂ ᠣᠷᠣᠨ ᠪᠦᠰᠡ ᠠᠯᠤᠰᠯᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ ᠬᠡᠷᠡᠭ ᠢ 2 ᠰᠢᠢᠳᠪᠦᠷᠢᠯᠡᠵᠦ᠂ ᠡᠷᠬᠡ ᠪᠠᠨ ᠬᠠᠮᠠᠭᠠᠯᠠᠬᠤ ᠦᠢᠯᠡᠳᠪᠦᠷᠢ ᠳᠤ 1 ᠲᠦᠮᠡᠨ ᠲᠥᠭᠦᠷᠢᠭ ᠤᠨ ᠲᠥᠯᠥᠪᠦᠷᠢ ᠥᠭᠴᠦ᠂ ᠡᠶᠡᠳᠡᠭᠦᠯᠭᠡ ᠶᠢᠨ ᠲᠥᠯᠥᠪᠦᠷᠢ ᠶᠢᠨ ᠠᠮᠵᠢᠯᠲᠠ ᠣᠯᠣᠭᠰᠠᠨ ᠨᠣᠷᠮ᠎ᠠ 100% ᠳᠤ ᠬᠥᠷᠪᠡ ︔ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠴᠢᠩᠭᠠᠳᠬᠠᠪᠠ︔ ᠠᠵᠤ ᠠᠬᠤᠶᠢᠯᠠᠯ ᠤᠨ ᠪᠠᠶᠢᠴᠠᠭᠠᠯᠲᠠ ᠶᠢ ᠤᠭᠲᠤᠬᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ ᠂ ᠨᠢᠭᠡᠨᠲᠡ ︽ ᠬᠤᠶᠠᠷ ᠢ ᠲᠠᠰᠢᠷᠠᠮ ᠳᠤ ᠨᠢ ᠰᠤᠭᠤᠴᠢᠵᠦ᠂ ᠨᠢᠭᠡ ᠶᠢ ᠢᠯᠡ ᠪᠣᠯᠭᠠᠬᠤ ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 102 ᠪᠦᠯᠦᠭ ᠤᠳᠠᠭ᠎ᠠ ᠥᠷᠨᠢᠭᠦᠯᠵᠦ ᠂ 1037 ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠪᠠᠶᠢᠴᠠᠭᠠᠪᠠ ︔ ︽ ᠡᠯᠡᠰᠦᠨ ᠬᠠᠶᠢᠷᠴᠠᠭ ᠤᠨ ᠬᠢᠨᠠᠯᠲᠠ ᠬᠠᠮᠢᠶᠠᠷᠤᠯᠲᠠ ︾ ᠶᠢᠨ ᠵᠠᠭᠪᠤᠷ ᠢ ᠨᠡᠭᠡᠭᠡᠵᠦ ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ ᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠪᠡ᠃ ᠣᠲᠣ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ 4 ᠵᠦᠢᠯ᠂ ᠰᠢᠳᠬᠡᠯ ᠥᠯᠥ ᠥᠭᠬᠦ ᠵᠦᠢᠯᠡᠰ 92 ᠵᠦᠢᠯ᠂ ᠬᠥᠩᠭᠡᠨ ᠢᠶᠠᠷ ᠰᠢᠳᠬᠡᠬᠦ ᠵᠦᠢᠯᠡᠰ 1 ᠵᠦᠢᠯ᠂ ᠬᠥᠩᠭᠡᠷᠡᠭᠦᠯᠦᠨ ᠰᠢᠳᠬᠡᠬᠦ ᠵᠦᠢᠯᠡᠰ 1 ᠵᠦᠢᠯ ᠪᠠᠶᠢᠨ᠎ᠠ᠃      ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠠᠷᠤᠭ᠎ᠠ ᠯᠢ ᠱᠧᠩ ᠢᠦᠢ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢ ᠨᠡᠶᠢᠭᠡᠮ ᠳᠤ ᠮᠡᠳᠡᠭᠳᠡᠵᠦ ᠂ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢ ᠥᠷᠨᠢᠭᠦᠯᠪᠡ ᠃ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠡᠳ᠋ᠯᠡᠬᠦ ᠳᠤ ᠬᠤᠯᠪᠣᠭᠳᠠᠬᠤ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ ᠂ ᠭᠠᠶᠢᠯᠢ ᠲᠤᠰᠢᠶᠠᠭᠴᠢ ᠶᠢᠨ ᠲᠦᠷᠦ ᠶᠢᠨ ᠪᠣᠳᠣᠯᠭ᠎ᠠ ᠶᠢ ᠮᠡᠳᠡᠪᠡᠯ ᠵᠣᠬᠢᠬᠤ ᠂ ᠡᠳ᠋ᠯᠡᠪᠡᠰᠦ ᠵᠣᠬᠢᠬᠤ ᠶᠢ ᠨᠢ ᠪᠦᠬᠦᠨ ᠢ ᠡᠳ᠋ᠯᠡᠬᠦ ᠶᠢ ᠪᠠᠲᠤᠯᠠᠪᠠ︔ ᠭᠠᠶᠢᠯᠢ ᠪᠤᠴᠠᠭᠠᠬᠤ ᠬᠤᠷᠳᠤᠴᠠ ᠶᠢ ᠲᠡᠭᠡᠭᠰᠢᠯᠡᠭᠦᠯᠪᠡ᠃ ᠦᠷᠳᠡᠭ ᠨᠡᠮᠡᠭᠳᠡᠯ ᠤᠨ ᠭᠠᠶᠢᠯᠢ ᠶᠢ ᠦᠯᠡᠳᠡᠭᠡᠬᠦ ᠪᠠ ᠲᠤᠯᠭᠠᠨ ᠪᠤᠴᠠᠭᠠᠬᠤ ᠲᠤᠬᠠᠶᠢᠯᠠᠭᠰᠠᠨ ᠠᠵᠢᠯ ᠢ ︽ ᠲᠡᠷᠡ ᠳᠠᠷᠤᠢ ᠳᠤᠨᠢ ᠭᠦᠢᠴᠡᠳᠬᠡᠬᠦ ︾ ᠶᠠᠪᠤᠳᠠᠯ ᠢ ᠲᠦᠯᠬᠢᠨ ᠠᠬᠢᠭᠤᠯᠵᠤ ᠂ ᠡᠷᠭᠢᠯᠲᠡ ᠶᠢᠨ ᠴᠠᠭ ᠢ ᠪᠠᠭᠠᠰᠬᠠᠪᠠ᠃ ᠭᠠᠷᠭᠠᠯᠭ᠎ᠠ ᠶᠢᠨ ᠭᠠᠶᠢᠯᠢ ᠶᠢ ᠪᠤᠴᠠᠭᠠᠬᠤ ᠲᠤᠬᠠᠶᠢᠯᠠᠭᠰᠠᠨ ᠠᠵᠢᠯ ᠢ ᠤᠯᠠᠮ ᠨᠢᠭᠡ ᠠᠯᠬᠤᠮ ᠬᠠᠰᠤᠭᠳᠠᠭᠤᠯᠤᠭᠠᠳ 2.5 ᠠᠵᠢᠯᠯᠠᠬᠤ ᠡᠳᠦᠷ ᠣᠷᠴᠢᠮ ᠭᠦᠢᠴᠡᠳᠬᠡᠵᠦ ᠲᠠᠭᠤᠰᠬᠠᠪᠠ︔ ︽ᠥᠯᠥ ᠬᠦᠷᠦᠯᠴᠡᠬᠦ ᠬᠡᠯᠪᠡᠷᠢ︾ ᠶᠢᠨ ᠭᠠᠶᠢᠯᠢ ᠭᠦᠢᠴᠡᠳᠬᠡᠬᠦ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠤᠨ ᠡᠵᠡᠯᠡᠬᠦ ᠬᠠᠷᠢᠴᠠᠯ ᠢ ᠦᠷᠭᠦᠯᠵᠢᠯᠡᠨ ᠲᠡᠭᠡᠭᠰᠢᠯᠡᠭᠦᠯᠪᠡ᠃ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠵᠢᠵᠢᠭ ᠲᠠᠰ ᠳᠠᠷᠠᠭᠠᠯᠠᠯ ᠵᠡᠷᠭᠡ ᠠᠷᠭ᠎ᠠ ᠵᠠᠮ ᠢ ᠢᠳᠡᠪᠬᠢᠲᠡᠢ ᠬᠡᠷᠡᠭᠵᠢᠭᠦᠯᠵᠦ᠂ ᠡᠯᠧᠺᠲᠷᠣᠨ ᠭᠠᠶᠢᠯᠢ ᠶᠢ ᠪᠤᠴᠠᠭᠠᠬᠤ ᠶᠢ ᠬᠡᠷᠡᠭᠵᠢᠭᠦᠯᠦᠨ᠂ ᠭᠠᠳᠠᠭᠠᠳᠤ ᠭᠠᠷᠭᠠᠯᠭ᠎ᠠ ᠶᠢᠨ ᠭᠠᠶᠢᠯᠢ ᠶᠢ ᠰᠦᠯᠵᠢᠶᠡᠨ ᠳᠡᠭᠡᠷ᠎ᠡ ᠭᠦᠢᠴᠡᠳᠬᠡᠬᠦ ᠨᠣᠷᠮ᠎ᠠ ᠶᠢ 100% ᠳᠤ ᠬᠦᠷᠦᠭᠦᠯᠪᠡ︔ ᠢᠲᠡᠭᠡᠮᠵᠢ ᠶᠢ ᠦᠨᠡᠯᠡᠬᠦ ᠬᠠᠮᠢᠶᠠᠷᠤᠯᠲᠠ ᠶᠢ ᠴᠢᠩᠭᠠᠳᠬᠠᠪᠠ᠃ ᠣᠲᠣ ᠪᠣᠯᠲᠠᠯ᠎ᠠ᠂ 52 ᠭᠠᠶᠢᠯᠢ ᠲᠤᠰᠢᠶᠠᠭᠴᠢ ᠭᠠᠶᠢᠯᠢ ᠲᠤᠰᠢᠶᠠᠬᠤ ᠢᠲᠡᠭᠡᠮᠵᠢ ᠶᠢᠨ ᠰᠡᠷᠭᠦᠭᠡᠯᠲᠡ ᠶᠢ ᠠᠮᠵᠢᠯᠲᠠᠲᠠᠢ ᠭᠤᠶᠤᠴᠢᠯᠠᠵᠤ᠂ D ᠲᠠᠰ ᠤᠨ ᠭᠠᠶᠢᠯᠢ ᠲᠤᠰᠢᠶᠠᠭᠴᠢ ᠶᠢᠨ ᠲᠤᠭ᠎ᠠ ᠪᠠ ᠡᠵᠡᠯᠡᠬᠦ ᠬᠠᠷᠢᠴᠠᠯ ᠢ ᠪᠠᠭᠤᠷᠠᠭᠤᠯᠪᠠ︔ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠪᠠ᠃ ᠭᠠᠶᠢᠯᠢ ᠪᠠ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠥᠷᠨᠢᠭᠦᠯᠵᠦ ᠂ ᠠᠵᠢᠯ ᠲᠦᠷᠦᠯ ᠤᠨ ᠬᠡᠷᠡᠭᠴᠡᠭᠡ ᠶᠢ ᠤᠨᠢᠨ ᠳᠡᠭᠡᠷ᠎ᠡ ᠨᠢ  ᠤᠶᠢᠯᠠᠭᠠᠪᠠ︔ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠬᠠᠷᠠᠭᠠᠨ ᠳᠠᠪᠲᠠᠮᠵᠢ ᠪᠠᠷ ᠰᠢᠭᠤᠳ ᠨᠡᠪᠲᠡᠷᠡᠬᠦ ᠠᠵᠢᠯᠯᠠᠭ᠎ᠠ ᠶᠢ ᠥᠷᠨᠢᠭᠦᠯᠵᠦ᠂ ᠭᠠᠶᠢᠯᠢ ᠲᠤᠰᠢᠶᠠᠭᠴᠢ ᠶᠢᠨ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠪᠡ︔ ᠵᠠᠬ᠎ᠠ ᠳᠡᠯᠭᠡᠭᠦᠷ ᠤᠨ ᠭᠤᠣᠯ ᠴᠣᠭᠴᠠ ᠲᠠᠢ ᠨᠢᠭᠲᠠ ᠬᠠᠷᠢᠯᠴᠠᠬᠤ ᠠᠵᠢᠯ ᠢ ᠦᠷᠨᠢᠭᠦᠯᠪᠡ᠃ ᠠᠵᠤ ᠠᠬᠤᠶᠢᠯᠠᠯ ᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ ᠴᠤᠭᠯᠠᠭᠤᠯᠤᠭᠰᠠᠨ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤ ᠥᠭᠴᠦ ᠰᠢᠢᠳᠪᠤᠷᠢᠯᠡᠪᠡ︔ ᠠᠵᠤ ᠠᠬᠤᠶᠢᠯᠠᠯ ᠤᠨ ᠭᠠᠶᠢᠯᠢ ᠳᠤ ᠬᠤᠯᠪᠣᠭᠳᠠᠬᠤ ᠲᠤᠭ᠎ᠠ ᠪᠠᠷᠢᠮᠲᠠ ᠶᠢᠨ ᠨᠡᠭᠡᠭᠡᠯᠲᠡ ᠶᠢᠨ ᠬᠡᠮᠵᠢᠶ᠎ᠡ ᠶᠢ ᠦᠷᠭᠡᠳᠭᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠳᠡᠭᠡᠷ᠎ᠡ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠥᠷᠥᠯ ‍ᠦᠨ‌‍ᠲ᠋ᠣᠭᠠᠴᠢᠯᠠᠭᠰᠠᠨ ᠡᠯᠧᠺᠲᠷᠣᠨ ᠪᠠᠷᠢᠮᠲᠠ ᠶᠢ ᠪᠦᠬᠦ ᠲᠠᠯ᠎ᠠ ᠪᠠᠷ ᠲᠡᠯᠭᠡᠷᠡᠭᠦᠯᠪᠡ᠃ ᠣᠲᠣ ᠪᠣᠯᠲᠠᠯ᠎ᠠ᠂ ᠲᠣᠰ ᠬᠠᠷᠢᠶ᠎ᠠ ᠣᠷᠣᠨ ᠤ ᠲᠤᠷᠰᠢᠯᠲᠠ ᠶᠢᠨ ᠴᠡᠭ ᠲᠤ ᠣᠷᠣᠭᠤᠯᠤᠭᠰᠠᠨ ᠭᠠᠶᠢᠯᠢ ᠲᠤᠰᠢᠶᠠᠭᠴᠢ ᠶᠢᠨ ᠲᠣᠭᠠᠴᠢᠯᠠᠭᠰᠠᠨ ᠡᠯᠧᠺᠲᠷᠣᠨ ᠪᠠᠷᠢᠮᠲᠠ ᠶᠢᠨ ᠬᠡᠷᠡᠭᠯᠡᠯᠲᠡ ᠶᠢᠨ ᠨᠣᠷᠮ᠎ᠠ ᠨᠢᠭᠡᠨᠲᠡ 85.49% ᠠᠴᠠ ᠳᠡᠭᠡᠭᠰᠢ ᠳᠤ ᠬᠦᠷᠪᠡ᠃ ᠰᠢᠨ᠎ᠡ ᠪᠠᠷ ᠡᠷᠭᠢᠯᠡᠭᠰᠡᠨ ᠠᠵᠤ ᠠᠬᠤᠶᠢᠯᠠᠯ ᠳᠤ ᠲᠣᠭᠠᠴᠢᠯᠠᠭᠰᠠᠨ ᠡᠯᠧᠺᠲᠷᠣᠨ ᠪᠠᠷᠢᠮᠲᠠ ᠶᠢ ᠤᠷᠢᠳ ᠢᠶᠠᠷ ᠬᠢᠨᠠᠨ ᠲᠣᠭᠲᠠᠭᠠᠵᠤ᠂ ᠬᠢᠨᠠᠨ ᠲᠣᠭᠲᠠᠭᠠᠭᠰᠠᠨ ᠬᠠᠷᠢᠴᠠᠯ ᠤᠨ ᠨᠣᠷᠮ᠎ᠠ 100% ᠳᠤ ᠬᠥᠷᠪᠡ᠃      ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠯᠢ ᠯᠢ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠮᠡᠳᠡᠭᠳᠡᠵᠦ᠂ ᠪᠥᠬᠦ ᠰᠢᠶᠠᠨ ᠤ ᠪᠣᠶ ᠪᠦᠬᠦᠢ ᠲᠥᠰᠥᠪ ᠤᠨ ᠨᠢᠭᠡᠴᠡ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ ᠲᠠᠪᠴᠠᠩ ᠤᠨ ᠬᠠᠮᠢᠶᠠᠷᠤᠯᠲᠠ ᠳᠤ ᠣᠷᠣᠭᠤᠯᠵᠤ᠂ ᠬᠤᠳᠠᠯᠳᠤᠨ ᠠᠪᠬᠤ ᠲᠥᠰᠥᠪ᠂ ᠬᠤᠳᠠᠯᠳᠤᠨ ᠠᠪᠬᠤ ᠰᠠᠨᠠᠮᠵᠢ ᠠᠴᠠ ᠠᠪᠤᠭᠠᠳ ᠬᠤᠳᠠᠯᠳᠤᠨ ᠠᠪᠬᠤ ᠲᠥᠯᠥᠪᠯᠡᠭᠡ᠂ ᠠᠷᠠᠯᠵᠢᠶ᠎ᠠ ᠶᠢ ᠬᠡᠷᠡᠭᠵᠢᠭᠦᠯᠬᠦ ᠬᠦᠷᠲᠡᠯ᠎ᠡ᠂ ᠳᠠᠬᠢᠭᠠᠳ ᠭᠡᠷ᠎ᠡ ᠪᠠᠷ ᠲᠥᠯᠥᠬᠦ᠂ ᠭᠡᠷ᠎ᠡ ᠶᠢ ᠭᠦᠢᠴᠡᠳᠬᠡᠵᠦ ᠰᠢᠯᠭᠠᠨ ᠠᠪᠬᠤ ᠪᠥᠬᠦ ᠶᠠᠪᠤᠴᠠ ᠶᠢᠨ ᠱᠤᠭᠤᠮ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠪᠠ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠯ᠎ᠡ ᠲᠠᠯ᠎ᠠ ᠶᠢᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ︽ᠠᠭᠤᠯᠵᠠᠬᠤ ᠦᠭᠡᠢ︾ ︽ᠭᠠᠷ ᠲᠦᠷᠦᠭᠦ ᠦᠭᠡᠢ︾ ᠪᠠᠶᠢᠳᠠᠯ ᠢ ᠬᠡᠪ ᠤᠨ ᠪᠠᠶᠢᠳᠠᠯ ᠪᠣᠯᠭᠠᠪᠠ᠄ ᠦᠢᠯᠡᠴᠢᠯᠡᠭᠡᠨ ᠤ ᠲᠠᠰ ᠳᠠᠷᠠᠭᠠᠯᠠᠯ ᠢ ᠰᠢᠯᠢᠳᠡᠭᠵᠢᠭᠦᠯᠵᠦ᠂ ᠭᠦᠢᠴᠡᠳᠬᠡᠬᠦ ᠴᠠᠭ ᠤᠨ ᠬᠢᠵᠠᠭᠠᠷ ᠢ ᠪᠠᠭᠠᠰᠬᠠᠨ᠂ ᠠᠵᠤ ᠠᠬᠤᠶᠢᠯᠠᠯ ᠳᠤ ᠴᠠᠭ ᠪᠠ ᠤᠴᠢᠷ ᠶᠠᠪᠤᠳᠠᠯ ᠢ ᠠᠷᠪᠢᠯᠠᠵᠤ ᠵᠣᠭᠤᠰ ᠮᠥᠩᠭᠦ ᠶᠢ ᠠᠷᠪᠢᠯᠠᠵᠤ ᠥᠭᠪᠡ︔ ︽ᠨᠢᠭᠡ ᠶᠢ ᠪᠠᠭᠠᠰᠬᠠᠵᠤ ᠭᠤᠷᠪᠠ ᠶᠢ ᠪᠠᠭᠤᠷᠠᠭᠤᠯᠬᠤ︾ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠬᠡᠷᠡᠭᠯᠡᠵᠦ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠢᠨᠠᠨ ᠰᠢᠯᠭᠠᠷᠠᠭᠤᠯᠵᠤ ᠳᠠᠭᠤᠰᠤᠭᠰᠠᠨ ᠤ ᠳᠠᠷᠠᠭ᠎ᠠ 1 ᠡᠳᠦᠷ ᠤᠨ ᠳᠣᠲᠣᠷ᠎ᠠ ᠬᠢᠨᠠᠨ ᠰᠢᠯᠭᠠᠷᠠᠭᠤᠯᠤᠭᠰᠠᠨ ᠮᠡᠳᠡᠭᠦᠯᠦᠯᠲᠡ ᠪᠠᠨ ᠬᠤᠳᠠᠯᠳᠤᠨ ᠠᠪᠤᠭᠴᠢ ᠳᠤ ᠲᠤᠰᠢᠶᠠᠪᠠ︔ ᠬᠤᠳᠠᠯᠳᠤᠨ ᠠᠪᠤᠭᠴᠢ ᠬᠢᠨᠠᠨ ᠲᠣᠭᠲᠠᠭᠠᠭᠰᠠᠨ ᠮᠡᠳᠡᠭᠦᠯᠦᠯᠲᠡ ᠶᠢ ᠣᠯᠣᠭᠰᠠᠨ ᠤ ᠲᠠᠷᠠᠭ᠎ᠠ ᠨᠢᠭᠡ ᠡᠳᠦᠷ ᠤᠨ ᠳᠣᠲᠣᠷ᠎ᠠ ᠬᠤᠳᠠᠯᠳᠤᠨ ᠠᠪᠤᠭᠰᠠᠨ ᠦᠷ᠎ᠡ ᠳ᠋ᠦᠩ ᠢᠶᠠᠨ ᠲᠣᠭᠲᠠᠭᠠᠵᠤ ᠂ ᠳᠠᠭᠠᠭᠠᠴᠢᠯᠠᠯᠲᠠ ᠣᠯᠣᠭᠰᠠᠨ ᠨᠢᠭᠡᠴᠢ ᠳᠤ ᠳᠠᠭᠠᠭᠠᠴᠢᠯᠠᠯᠲᠠ ᠣᠯᠣᠭᠰᠠᠨ ᠪᠤᠶᠤ ᠠᠷᠠᠯᠵᠢᠶ᠎ᠠ ᠪᠦᠲᠦᠭᠰᠡᠨ ᠮᠡᠳᠡᠭᠳᠡᠯ ᠤᠨ ᠪᠢᠴᠢᠭ ᠶᠠᠪᠤᠭᠤᠯᠤᠨ᠎ᠠ ︔ ᠭᠡᠷ᠎ᠡ ᠲᠣᠭᠲᠠᠭᠰᠠᠨ ᠤ ᠳᠠᠷᠠᠭ᠎ᠠ ᠨᠢᠭᠡ ᠡᠳᠦᠷ ᠤᠨ ᠳᠣᠲᠣᠷ᠎ᠠ ᠭᠡᠷ᠎ᠡ ᠪᠠᠨ ᠳᠠᠩᠰᠠᠯᠠᠭᠤᠯᠵᠤ ᠲᠠᠭᠤᠰᠬᠠᠪᠠ︔ ᠭᠡᠷ᠎ᠡ ᠲᠣᠭᠲᠠᠬᠤ ᠴᠠᠭ ᠢ 10 ᠡᠳᠦᠷ ᠤᠨ ᠳᠣᠲᠣᠷ᠎ᠠ ᠪᠠᠭᠠᠰᠬᠠᠵᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠴᠠᠭ ᠤᠨ ᠬᠢᠵᠠᠭᠠᠷ ᠢ ᠬᠠᠰᠤᠵᠤ᠂ ᠠᠵᠤ ᠠᠬᠤᠶᠢᠯᠠᠯ ᠤᠨ ᠴᠠᠭ ᠢ ᠠᠷᠪᠢᠯᠠᠪᠠ︔ ︽ᠠᠮᠠᠯᠠᠯᠲᠠ + ᠢᠲᠡᠭᠡᠮᠵᠢ ᠶᠢᠨ ᠬᠠᠮᠢᠶᠠᠷᠤᠯᠲᠠ︾ ᠶᠢᠨ ᠳᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠢ ᠳᠥᠭᠦᠮ ᠪᠣᠯᠭᠠᠪᠠ᠃ ᠡᠩ ᠤᠨ ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠪᠠ ᠭᠡᠷ᠎ᠡ ᠭᠦᠢᠴᠡᠳᠬᠡᠬᠦ ᠪᠠᠲᠤᠯᠠᠭ᠎ᠠ ᠶᠢᠨ ᠮᠥᠩᠭᠦ ᠶᠢ ᠬᠦᠴᠦᠨ ᠦᠭᠡᠢ ᠪᠣᠯᠭᠠᠵᠤ᠂ ᠡᠯᠧᠺᠲᠷᠣᠨ ᠪᠠᠲᠤᠯᠠᠭ᠎ᠠ ᠶᠢᠨ ᠪᠢᠴᠢᠭ ᠢ ᠶᠡᠬᠡᠪᠡᠷ ᠬᠡᠷᠡᠭᠵᠢᠭᠦᠯᠪᠡ᠃ ᠡᠨᠡ ᠵᠢᠯ ᠠᠴᠠ ᠨᠠᠰᠢ᠂ ᠮᠠᠨ ᠤ ᠰᠢᠶᠠᠨ ᠤ ᠪᠡᠶᠡᠯᠡᠭᠦᠯᠦᠭᠰᠡᠨ 16 ᠬᠤᠳᠠᠯᠳᠤᠨ ᠠᠪᠬᠤ ᠲᠥᠷᠥᠯ ᠵᠦᠢᠯ ᠢ ︽ᠠᠭᠤᠯᠵᠠᠬᠤ ᠦᠭᠡᠢ︾ ᠬᠡᠯᠪᠡᠷᠢ ᠪᠠᠷ ᠬᠡᠷᠡᠭᠵᠢᠭᠦᠯᠵᠦ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠦᠨ᠎ᠡ ᠲᠥᠯᠥᠪᠦᠷᠢ ᠦᠭᠡᠢ ᠪᠠᠷ ᠬᠠᠩᠭᠠᠵᠤ᠂ ᠬᠠᠩᠭᠠᠯᠭ᠎ᠠ ᠶᠢᠨ ᠬᠤᠳᠠᠯᠳᠤᠭᠠᠴᠢᠨ ᠳᠤ ᠡᠮᠦᠨᠡᠬᠢ ᠬᠤᠭᠤᠴᠠᠭᠠᠨ ᠤ ᠥᠪᠡᠷ ᠤᠨ ᠥᠷᠲᠡᠭ ᠢ 10 ᠲᠦᠮᠡ ᠰᠢᠬᠠᠮ ᠲᠥᠭᠦᠷᠢᠭ ᠠᠷᠪᠢᠯᠠᠵᠤ ᠥᠭᠪᠡ᠂ ᠳᠠᠭᠠᠭᠠᠴᠢᠯᠠᠯᠲᠠ ᠳᠤ ᠣᠷᠣᠬᠤ ᠪᠠᠲᠤᠯᠠᠭ᠎ᠠ ᠶᠢᠨ ᠮᠥᠩᠭᠦ ᠪᠠ ᠭᠡᠷ᠎ᠡ ᠭᠦᠢᠴᠡᠳᠬᠡᠬᠦ ᠪᠠᠲᠤᠯᠠᠭ᠎ᠠ ᠶᠢᠨ ᠮᠥᠩᠭᠦ ᠶᠢ ᠬᠦᠴᠦᠨ ᠦᠭᠡᠢ ᠪᠣᠯᠭᠠᠬᠤ ᠪᠠᠷ ᠳᠠᠮᠵᠢᠭᠤᠯᠤᠨ᠂ ᠬᠠᠩᠭᠠᠯᠭ᠎ᠠ ᠶᠢᠨ ᠬᠤᠳᠠᠯᠳᠤᠭᠠᠴᠢᠨ ᠳᠤ 500 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠶᠢ ᠠᠷᠪᠢᠯᠠᠨ ᠥᠭᠴᠦ᠂ ᠠᠵᠤ ᠠᠬᠤᠶᠢᠯᠠᠯ ᠤᠨ ᠵᠣᠭᠤᠰ ᠢ ᠠᠷᠪᠢᠯᠠᠵᠤ ᠥᠭᠪᠡ︔ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠦᠷᠦ ᠶᠢᠨ ᠪᠣᠳᠣᠯᠭ᠎ᠠ ᠶᠢ ᠴᠢᠩᠭᠠᠳᠬᠠᠵᠤ ᠂ ᠠᠵᠤ ᠠᠬᠤᠶᠢᠯᠠᠯ ᠤᠨ ᠳᠠᠷᠤᠭᠠᠰᠤ ᠶᠢ ᠬᠦᠭᠭᠡᠯᠡᠪᠡ︔ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ 2023 ᠣᠨ ᠠᠴᠠ ᠨᠠᠰᠢ᠂ ᠮᠠᠨ ᠤ ᠰᠢᠶᠠᠨ ᠤ ᠲᠥᠷᠥᠯ ᠵᠦᠢᠯ ᠤᠨ ᠬᠤᠳᠠᠯᠳᠤᠨ ᠠᠪᠬᠤ ᠲᠥᠰᠥᠪ ᠤᠨ ᠲᠤᠭ᠎ᠠ 5299 ᠲᠦᠮᠡᠨ ᠲᠥᠭᠦᠷᠢᠭ ᠲᠤ ᠬᠦᠷᠴᠦ᠂ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠤᠭᠰᠠᠨ 4858 ᠲᠦᠮᠡᠨ ᠲᠥᠭᠦᠷᠢᠭ ᠤᠷᠢᠳᠴᠢᠯᠠᠨ ᠦᠯᠡᠳᠡᠭᠡᠵᠦ᠂ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠤᠭᠰᠠᠨ ᠤᠷᠢᠳᠴᠢᠯᠠᠨ ᠦᠯᠡᠳᠡᠭᠡᠭᠰᠡᠨ ᠲᠤᠭ᠎ᠠ  ᠨᠢ ᠲᠥᠷᠥᠯ ᠵᠦᠢᠯ ᠤᠨ ᠶᠡᠷᠦᠩᠬᠡᠢ ᠲᠣᠭᠠᠨ ᠤ 91.67% ᠶᠢ ᠡᠵᠡᠯᠡᠪᠡ︔ ᠳᠤᠮᠳᠠ ᠵᠢᠵᠢᠭ ᠠᠵᠤ ᠠᠬᠤᠶᠢᠯᠠᠯ ᠤᠨ ᠦᠨ᠎ᠡ ᠬᠠᠩᠰᠢ ᠶᠢ ᠬᠠᠰᠤᠵᠤ ᠭᠠᠷᠭᠠᠬᠤ ᠳᠦᠷᠢᠮ ᠢ ᠨᠠᠶᠢᠳᠠᠪᠤᠷᠢᠵᠢᠭᠤᠯᠵᠤ᠂ ᠲᠣᠭᠲᠠᠭᠠᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠤᠨ ᠮᠡᠳᠡᠭᠦᠯᠦᠭᠰᠡᠨ ᠦᠨ᠎ᠡ ᠶᠢ 20% ᠪᠠᠷ ᠬᠠᠰᠤᠵᠤ᠂ ᠬᠠᠰᠤᠵᠤ ᠭᠠᠷᠭᠠᠭᠰᠠᠨ ᠤ ᠳᠠᠷᠠᠭᠠᠬᠢ ᠦᠨ᠎ᠡ ᠬᠠᠩᠰᠢ ᠪᠠᠷ ᠬᠢᠨᠠᠨ ᠲᠣᠭᠲᠠᠭᠠᠬᠤ ᠳᠤ ᠣᠷᠣᠯᠴᠠᠭᠤᠯᠪᠠ︔ ᠵᠠᠰᠠᠭ ᠤᠨ ᠣᠷᠳᠣᠨ ᠤ ᠬᠤᠳᠠᠯᠳᠤᠨ ᠠᠪᠬᠤ ᠤᠷᠢᠳᠴᠢᠯᠠᠨ ᠵᠣᠭᠤᠰ ᠥᠭᠬᠦ ᠳᠦᠷᠢᠮ ᠢ ᠬᠡᠷᠡᠭᠵᠢᠭᠦᠯᠪᠡ᠃ ᠣᠲᠣ ᠪᠣᠯᠲᠠᠯ᠎ᠠ᠂ 16 ᠵᠦᠢᠯ ᠤᠨ ᠬᠤᠳᠠᠯᠳᠤᠨ ᠠᠪᠬᠤ ᠵᠦᠢᠯᠡᠰ ᠢ ᠪᠡᠶᠡᠯᠡᠭᠦᠯᠵᠦ᠂ ᠤᠷᠢᠳᠴᠢᠯᠠᠨ ᠲᠥᠯᠥᠬᠦ ᠵᠦᠢᠯᠡᠰ ᠢ ᠪᠣᠯᠵᠣᠨ ᠲᠣᠭᠲᠠᠭᠰᠠᠨ ᠵᠦᠢᠯᠡᠰ 2 ᠪᠠᠶᠢᠵᠤ᠂ ᠵᠦᠢᠯᠡᠰ ᠤᠨ ᠡᠵᠡᠯᠡᠬᠦ ᠬᠠᠷᠢᠴᠠᠯ 12.5% ᠳᠤ ᠬᠦᠷᠪᠡ︔ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢᠨ ᠪᠡᠯᠡ ᠲᠣᠬᠢᠷᠠᠭᠤᠯᠭ᠎ᠠ ᠶᠢ ᠠᠬᠢᠭᠤᠯᠵᠤ᠂ ︽ᠵᠠᠰᠠᠭ ᠤᠨ ᠣᠷᠳᠣᠨ ᠤ ᠬᠤᠳᠠᠯᠳᠤᠨ ᠠᠪᠬᠤ ᠵᠢᠭᠡᠯᠡᠯᠭᠡ︾ ᠶᠢ ᠠᠬᠢᠭᠤᠯᠬᠤ ᠲᠤᠬᠠᠶᠢᠯᠠᠭᠰᠠᠨ ᠠᠵᠢᠯ ᠤᠨ ᠵᠣᠬᠢᠴᠠᠭᠤᠯᠬᠤ ᠬᠤᠷᠠᠯ ᠢ ᠵᠣᠬᠢᠶᠠᠨ ᠪᠠᠶᠢᠭᠤᠯᠤᠨ ︽ᠵᠠᠰᠠᠭ ᠠᠵᠤ ᠠᠬᠤᠶᠢᠯᠠᠯ ᠪᠠᠩᠬᠢ︾ ᠭᠤᠷᠪᠠᠨ ᠲᠠᠯ᠎ᠠ ᠶᠢ ᠵᠣᠯᠭᠠᠭᠤᠯᠬᠤ ᠪᠠᠷ ᠳᠠᠮᠵᠢᠭᠤᠯᠤᠨ᠂ ᠪᠠᠶᠢᠩᠭᠤ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠦᠴᠢᠷᠳᠡᠯ ᠢ ᠨᠠᠮᠳᠠᠭᠤᠯᠬᠤ ᠳᠤ ᠬᠦᠴᠦᠨ ᠨᠡᠮᠡᠷᠢᠯᠡᠪᠡ︔ ᠣᠶᠤᠨᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠯᠲᠡ ᠶᠢᠨ ᠦᠢᠯᠡᠴᠢᠯᠡᠭᠡᠨ ᠤ ᠰᠢᠨ᠎ᠡ ᠳᠦᠷᠢ ᠲᠥᠷᠬᠦ ᠶᠢ ᠤᠯᠠᠮ ᠨᠢᠭᠡ ᠠᠯᠬᠤᠮ ᠪᠣᠶ ᠪᠣᠯᠭᠠᠨ᠎ᠠ᠃ ᠢᠯᠡ ᠲᠣᠳᠣᠷᠬᠠᠢ ᠬᠤᠳᠠᠯᠳᠤᠨ ᠠᠪᠬᠤ ᠶᠢ ᠪᠠᠷᠢᠮᠲᠠᠯᠠᠨ ᠪᠤᠢ ᠪᠣᠯᠭᠠᠪᠠ᠃ ᠬᠤᠳᠠᠯᠳᠤᠨ ᠠᠪᠬᠤ ᠮᠡᠳᠡᠭᠡ ᠵᠠᠩᠭᠢ ᠶᠢ ᠪᠦᠬᠦᠨ ᠢ ᠢᠯᠡ ᠪᠣᠯᠭᠠᠬᠤ ᠪᠠ ᠬᠤᠶᠠᠷ ᠢ ᠢᠯᠡ ᠪᠣᠯᠭᠠᠬᠤ ᠶᠢ ᠪᠡᠶᠡᠯᠡᠭᠦᠯᠵᠦ ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠠᠶᠢᠳᠠᠯ ᠢ ᠮᠡᠳᠡᠬᠦ ᠡᠷᠬᠡ ᠶᠢ ᠪᠦᠲᠦᠮᠵᠢᠲᠡᠢ  ᠪᠠᠳᠤᠯᠠᠪᠠ︔ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠢ ᠶᠢᠨ ᠬᠥᠮᠥᠨ ᠤ ᠬᠠᠤᠯᠢ ᠶᠤᠰᠤᠨ ᠤ ᠡᠷᠬᠡ ᠶᠢ ᠬᠠᠮᠠᠭᠠᠯᠠᠪᠠ᠃ ᠵᠠᠭᠠᠯᠳᠤᠬᠤ ᠦᠭᠡᠢ ᠪᠠᠷ ᠬᠠᠷᠠᠯᠲᠠ ᠪᠣᠯᠭᠠᠵᠤ᠂ ︽ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠬᠤᠶᠢᠨ᠎ᠠ︾ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠢᠳᠡᠪᠬᠢᠲᠡᠢ ᠪᠠᠶᠢᠭᠤᠯᠵᠤ᠂ ᠪᠥᠬᠦ ᠲᠠᠯ᠎ᠠ ᠶᠢᠨ᠂ ᠪᠥᠬᠦ ᠶᠠᠪᠤᠴᠠ ᠶᠢᠨ᠂ ᠪᠥᠬᠦ ᠬᠦᠴᠦᠨ ᠵᠦᠢᠯ ᠤᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠪᠡ︔ ᠰᠡᠵᠢᠭᠯᠡᠬᠦ ᠪᠠ ᠵᠠᠭᠠᠯᠳᠤᠯᠭ᠎ᠠ ᠶᠢ ᠰᠢᠢᠳᠪᠦᠷᠢᠯᠡᠬᠦ ᠶᠢ ᠵᠢᠷᠤᠮᠵᠢᠭᠤᠯᠵᠤ ᠂ ᠵᠢᠭᠤᠷᠠᠯᠳᠤᠭᠠᠨ ᠢ ᠡᠶᠡᠳᠡᠭᠦᠯᠬᠦ ᠶᠢ ᠴᠢᠩᠭᠠᠳᠬᠠᠵᠤ ᠂ ᠤᠷᠢᠳᠠᠪᠠᠷ ᠡᠶᠡᠳᠡᠭᠦᠯᠬᠦ ᠂ ᠲᠠᠷᠠᠭ᠎ᠠ ᠨᠢ ᠲᠠᠰᠤᠯᠤᠨ ᠲᠣᠭᠲᠠᠭᠠᠬᠤ ᠪᠠ ᠡᠶᠡᠳᠡᠭᠦᠯᠬᠦ ᠪᠠ ᠲᠠᠰᠤᠯᠤᠨ ᠲᠣᠭᠲᠠᠭᠠᠬᠤ ᠶᠢ ᠵᠡᠷᠭᠡ ᠪᠠᠷ ᠶᠠᠪᠤᠭᠤᠯᠬᠤ ᠵᠠᠭᠪᠤᠷ ᠢ ᠲᠡᠭᠦᠯᠳᠡᠷᠵᠢᠭᠦᠯᠪᠡ᠃ ᠡᠨᠡ ᠵᠢᠯ ᠠᠴᠠ ᠨᠠᠰᠢ᠂ ᠵᠠᠭᠠᠯᠳᠤᠭᠰᠠᠨ ᠤᠴᠢᠷ ᠭᠠᠷᠤᠭᠰᠠᠨ ᠦᠭᠡᠢ᠃      ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠢᠦᠢ ᠵᠢᠩ ᠺᠠᠩ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢ ᠨᠡᠶᠢᠭᠡᠮ ᠳᠤ ᠮᠡᠳᠡᠭᠳᠡᠵᠦ ᠂ ᠢᠲᠡᠭᠡᠮᠵᠢ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢ ᠴᠢᠩᠭᠠᠳᠬᠠᠪᠠ ᠃ ᠵᠠᠰᠠᠭ ᠤᠨ ᠶᠠᠪᠤᠳᠠᠯ ᠤᠨ ᠢᠲᠡᠭᠡᠮᠵᠢ ᠠᠯᠳᠠᠭᠰᠠᠳ ᠢ ᠵᠠᠰᠠᠬᠤ ᠠᠵᠢᠯ ᠢ‌ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠠᠰᠠᠭᠤᠳᠠᠯ ᠤᠨ ᠰᠦᠪᠡᠭᠴᠢ ᠶᠢ ᠪᠥᠬᠦ ᠲᠠᠯ᠎ᠠ ᠪᠠᠷ ᠴᠤᠬᠯᠠᠭᠤᠯᠪᠠ︔ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠳᠦᠷᠢᠮ ᠢ ᠪᠠᠶᠢᠭᠤᠯᠪᠠ︔ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠬᠥᠮᠥᠰ ᠤᠨ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠬᠦᠨᠳᠦ ᠨᠣᠴᠢᠲᠠᠢ ᠮᠠᠭᠤ ᠦᠶᠯᠡ ᠠᠵᠢᠯᠯᠠᠭ᠎ᠠ ᠲᠠᠢ ᠪᠠᠶᠢᠪᠠᠯ ᠠᠵᠢᠯ ᠲᠥᠷᠥᠯ ᠳᠤ ᠣᠷᠣᠬᠤ ᠶᠢ ᠴᠠᠭᠠᠵᠠᠯᠠᠬᠤ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠬᠡᠷᠡᠭᠵᠢᠭᠦᠯᠪᠡ︔ ᠲᠤᠭ᠎ᠠ ᠪᠠᠷᠢᠮᠲᠠ ᠴᠤᠭᠯᠠᠭᠤᠯᠬᠤ ᠶᠢ ᠴᠢᠩᠭᠠᠳᠬᠠᠪᠠ︔ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠦᠨᠡᠯᠡᠯᠲᠡ ᠶᠢ ᠦᠷᠭᠦᠯᠵᠢᠯᠡᠨ ᠠᠬᠢᠭᠤᠯᠪᠠ︔ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠪᠡᠶᠡᠯᠡᠭᠦᠯᠬᠦ ᠶᠠᠪᠤᠴᠠ ᠶᠢ ᠰᠢᠯᠢᠳᠡᠭᠵᠢᠭᠦᠯᠪᠡ᠃ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠢᠭᠡ ᠯᠡ ᠥᠷᠲᠡᠭᠡᠨ ᠳᠤ ᠨᠡᠪᠲᠡᠷᠡᠭᠦᠯᠬᠦ ᠶᠢ ᠠᠬᠢᠭᠤᠯᠪᠠ᠃ ᠣᠳᠣᠬᠠᠨ ᠳᠤ ᠨᠢᠭᠡᠨᠲᠡ 7 ᠵᠤᠷᠪᠤᠰ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠡᠮᠬᠢᠯᠡᠨ ᠳᠢᠭᠯᠡᠵᠦ ᠨᠡᠶᠢᠲᠡᠯᠡᠪᠡ︔ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠭᠤᠶᠤᠴᠢᠯᠠᠬᠤ ᠦᠭᠡᠢ ᠪᠠᠷ ᠡᠳ᠋ᠯᠡᠬᠦ︾ ᠶᠢ ᠲᠦᠯᠬᠢᠨ ᠠᠬᠢᠭᠤᠯᠪᠠ᠃ ᠣᠲᠣ ᠪᠣᠯᠲᠠᠯ᠎ᠠ᠂ ︽ᠥᠪᠥᠷ ᠮᠣᠩᠭᠤᠯ ᠤᠨ ᠠᠵᠤ ᠠᠬᠤᠶᠢᠯᠠᠯ ᠢ ᠨᠡᠪᠲᠡᠷᠡᠭᠦᠯᠬᠦ︾ ᠲᠠᠪᠴᠠᠩ ᠢᠶᠠᠷ ᠳᠠᠮᠵᠢᠭᠤᠯᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ 7 ᠵᠤᠷᠪᠤᠰ ᠨᠡᠶᠢᠲᠡᠯᠡᠪᠡ︔ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭ᠎ᠠ ᠶᠢᠨ ᠬᠢᠨᠠᠯᠲᠠ ᠶᠢ ᠴᠢᠩᠭᠠᠳᠬᠠᠪᠠ᠃ ︽ᠬᠤᠶᠠᠷ ᠢ ᠲᠠᠰᠢᠷᠠᠮ ᠳᠤ ᠨᠢ ᠰᠤᠭᠤᠴᠢᠵᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠪᠡ᠃ ︽ᠳᠠᠭᠠᠭᠠᠴᠢᠯᠠᠯᠲᠠ ᠵᠠᠷᠯᠠᠭᠰᠠᠨ ᠤ ᠳᠠᠷᠠᠭ᠎ᠠ ᠭᠡᠷ᠎ᠡ ᠭᠦᠢᠴᠡᠳᠬᠡᠬᠦ︾ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠳᠠᠭᠠᠭᠠᠴᠢᠯᠠᠯᠲᠠ ᠵᠠᠷᠯᠠᠭᠰᠠᠨ ᠤ ᠳᠠᠷᠠᠭ᠎ᠠ ᠭᠡᠷ᠎ᠡ ᠭᠦᠢᠴᠡᠳᠬᠡᠬᠦ︾ ᠶᠢ ᠪᠠᠶᠢᠴᠠᠭᠠᠨ ᠵᠢᠯᠤᠭᠤᠳᠬᠤ ᠶᠢ ᠦᠷᠨᠢᠭᠦᠯᠪᠡ︔ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠦᠷᠢᠶᠡᠨ ᠳᠠᠬᠢ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠪᠠ᠃ ᠵᠠᠭᠠᠯᠳᠤᠯᠭ᠎ᠠ ᠶᠢ ᠬᠤᠭᠤᠴᠠᠭ᠎ᠠ ᠠᠴᠠ ᠬᠡᠲᠦᠷᠡᠲᠡᠯ᠎ᠡ ᠰᠢᠢᠳᠪᠦᠷᠢᠯᠡᠬᠦ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠪᠠ ᠵᠠᠭᠠᠯᠳᠤᠯᠭ᠎ᠠ ᠶᠢ ᠪᠦᠬᠦᠨ ᠢ ᠬᠦᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠪᠡ᠃ ︵ᠵᠠᠩ ᠮᠧᠶ ᠨᠠ᠂ ᠶᠠᠩ ᠵᠢᠩ ᠰᠢᠨ᠂ ᠪᠢ ᠯᠧ ᠲᠤᠸ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号