ᠺᠠᠶᠢᠯᠤ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ︽ᠠᠵᠢᠯ ᠤᠨ ᠠᠬᠢᠴᠠ ᠶᠢ ᠨᠡᠶᠢᠲᠡᠯᠡᠬᠦ︾ ᠰᠢᠷᠢᠰ ᠰᠣᠨᠢᠨ ᠮᠡᠳᠡᠭᠡ ᠶᠢᠨ ᠨᠡᠶᠢᠲᠡᠯᠡᠬᠦ ᠬᠤᠷᠠᠯ ︵ᠳᠥᠷᠪᠡᠳᠦᠭᠡᠷ ᠲᠠᠯᠠᠪᠤᠷ︶ ᠬᠤᠷᠠᠯᠳᠤᠪᠠ
ᠨᠡᠶᠢᠲᠡᠯᠡᠭᠰᠡᠨ ᠴᠠᠭ᠄
2023/7/13
      7 ᠰᠠᠷ᠎ᠠ ᠶᠢᠨ 8 ᠤ ᠡᠳᠦᠷ᠂ ᠺᠠᠶᠢᠯᠤ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ᠠᠵᠢᠯ ᠤᠨ ᠠᠬᠢᠴᠠ ᠶᠢ ᠨᠡᠶᠢᠲᠡᠯᠡᠬᠦ︾ ᠰᠢᠷᠢᠰ ᠰᠣᠨᠢᠨ ᠮᠡᠳᠡᠭᠡ ᠶᠢᠨ ᠨᠡᠶᠢᠲᠡᠯᠡᠬᠦ ᠬᠤᠷᠠᠯ ︵ᠳᠥᠷᠪᠡᠳᠦᠭᠡᠷ ᠲᠠᠯᠠᠪᠤᠷ︶ ᠬᠤᠷᠠᠯᠳᠤᠪᠠ᠃ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ᠂ ᠲᠦᠩᠯᠢᠶᠣᠣ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠺᠠᠶᠢᠯᠤ ᠰᠢᠶᠠᠨ ᠤ ᠬᠤᠪᠢᠶᠠᠷᠢ ᠲᠥᠪ᠂ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ᠂ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠠᠴᠠ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠮᠡᠳᠡᠭᠳᠡᠬᠦ ᠶᠢᠨ ᠬᠠᠮᠲᠤ ᠨᠡᠶᠢᠭᠡᠮ ᠳᠠᠶᠠᠭᠠᠷ ᠲᠤ ᠥᠷᠭᠡᠨ ᠢᠶᠠᠷ ᠬᠢᠨᠠᠯᠲᠠ ᠲᠠᠯᠪᠢᠭᠤᠯᠬᠤ ᠪᠠᠷ ᠳᠡᠪᠰᠢᠭᠦᠯᠪᠡ᠃     
图片7.jpg
      ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ ᠶᠢᠨ ᠳᠠᠷᠤᠭ᠎ᠠ ᠲᠢᠶᠠᠨ ᠰᠢᠶᠠᠩ ᠯᠢᠨ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠮᠡᠳᠡᠭᠳᠡᠵᠦ᠂ ᠺᠠᠶᠢᠯᠤ ᠰᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠠᠮ ᠲᠡᠭᠡᠭᠡᠪᠦᠷᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠵᠤ᠂ ᠪᠦᠳᠦᠭᠡᠨ ᠪᠠᠶᠢᠭᠤᠯᠤᠯᠲᠤ ᠲᠣᠰᠬᠤᠨ ᠳᠤ ᠬᠤᠣᠰ ᠲᠡᠷᠭᠡᠨ ᠵᠠᠮ ᠨᠡᠪᠲᠡᠷᠡᠭᠦᠯᠬᠦ ᠥᠭᠡᠷᠡᠴᠢᠯᠡᠯᠲᠡ ᠶᠢᠨ ᠢᠨᠵᠧᠨᠧᠷᠢᠩ ᠢ 59.8 ᠺᠢᠯᠣᠮᠧᠲᠷ᠂ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠱᠤᠭᠤᠮ ᠢ 154 ᠺᠢᠯᠣᠮᠧᠲᠷ᠂ ᠰᠦᠯᠵᠢᠶ᠎ᠡ ᠵᠠᠮ ᠤᠨ ᠢᠨᠵᠧᠨᠧᠷᠢᠩ ᠤᠨ ᠱᠤᠭᠤᠮ ᠢ 11.8 ᠺᠢᠯᠣᠮᠧᠲᠷ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠢᠨᠵᠧᠨᠧᠷᠢᠩ ᠤᠨ ᠱᠤᠭᠤᠮ ᠢ 14.74 ᠺᠢᠯᠣᠮᠧᠲᠷ᠂ ᠠᠵᠤ ᠦᠢᠯᠡᠰ ᠤᠨ ᠵᠠᠮ ᠤᠨ ᠢᠨᠵᠧᠨᠧᠷᠢᠩ ᠤᠨ 2 ᠱᠤᠭᠤᠮ ᠢ 43.5 ᠺᠢᠯᠣᠮᠧᠲᠷ ᠪᠡᠶᠡᠯᠡᠭᠦᠯᠪᠡ︔ ︽ ᠪᠦᠲᠦᠭᠡᠨ ᠪᠠᠶᠢᠭᠤᠯᠬᠤ ᠬᠠᠮᠢᠶᠠᠷᠬᠤ ᠲᠡᠵᠢᠭᠡᠬᠦ ᠶᠢ ᠵᠡᠷᠭᠡ ᠪᠠᠷ ᠴᠢᠬᠤᠯᠠᠴᠢᠯᠠᠬᠤ ︾ ᠶᠢ ᠪᠠᠷᠢᠮᠳᠠᠯᠠᠪᠠ᠃ ᠣᠲᠣ ᠪᠣᠯᠲᠠᠯ᠎ᠠ᠂ ᠨᠡᠶᠢᠲᠡ 2353.7 ᠺᠢᠯᠣᠮᠧᠲᠷ ᠵᠠᠰᠠᠮᠠᠯ ᠵᠠᠮ ᠢ ᠲᠣᠭᠤᠷᠢᠨ ᠪᠠᠶᠢᠴᠠᠭᠠᠵᠤ᠂ 235.5 ᠺᠢᠯᠣᠮᠧᠲᠷ ᠵᠠᠮ ᠤᠨ ᠭᠠᠳᠠᠷᠭᠤ ᠶᠢᠨ ᠤᠰᠤᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ᠵᠠᠮ ᠪᠠᠶᠢᠪᠠᠯ ᠵᠠᠪᠠᠯ ᠠᠷᠠᠴᠢᠯᠠᠬᠤ ᠶᠢ ᠦᠨᠡᠨ ᠬᠦ ᠪᠠᠲᠤᠯᠠᠵᠤ᠂ ᠵᠠᠰᠠᠮᠠᠯ ᠵᠠᠮ ᠤᠨ ᠨᠡᠪᠲᠡᠷᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ︔ ᠠᠶᠠᠨᠴᠢᠳ ᠤᠨ ᠲᠡᠭᠡᠭᠡᠪᠦᠷᠢ ᠶᠢᠨ ᠰᠢᠨ᠎ᠡ ᠦᠷᠳᠡᠭᠡ ᠶᠢ ᠰᠡᠯᠪᠢᠨ ᠵᠠᠰᠠᠬᠤ ᠂ ᠥᠭᠡᠷᠡᠴᠢᠯᠡᠨ ᠪᠠᠶᠢᠭᠤᠯᠬᠤ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠪᠠ᠃ 50 ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠣᠷᠣᠭᠤᠯᠵᠤ᠂ 3 ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠰᠢᠯᠢᠳᠡᠭᠵᠢᠭᠦᠯᠦᠨ᠂ 9 ᠲᠣᠰᠬᠤᠨ ᠤ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠴᠡᠭ ᠢ ᠰᠢᠨ᠎ᠡ ᠪᠠᠷ ᠨᠡᠮᠡᠨ ᠪᠠᠶᠢᠭᠤᠯᠵᠤ᠂ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ︔ ᠵᠠᠮ ᠲᠡᠭᠡᠭᠡᠪᠦᠷᠢ ᠶᠢᠨ ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ  ᠬᠡᠷᠡᠭᠵᠢᠭᠦᠯᠪᠡ᠃ ᠵᠠᠮ ᠲᠡᠭᠡᠭᠡᠪᠦᠷᠢ ᠶᠢᠨ ᠡᠩ ᠤᠨ ᠪᠠᠷᠠᠭᠠᠨ ᠤ ᠲᠡᠭᠡᠭᠡᠪᠦᠷᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ︽ᠲᠡᠷᠡ ᠳᠠᠷᠤᠢ ᠳᠤᠨᠢ ᠭᠦᠢᠴᠡᠳᠬᠡᠬᠦ︾ ᠶᠢ ᠨᠠᠶᠢᠳᠠᠪᠤᠷᠢᠵᠢᠭᠤᠯᠪᠠ᠃      ᠡᠩ ᠤᠨ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ ︽ ᠭᠤᠷᠪᠠᠨ ᠪᠠᠶᠢᠴᠠᠭᠠᠯᠲᠠ ᠶᠢ ᠨᠢᠭᠡᠳᠬᠡᠬᠦ ︾ ᠶᠢ ᠬᠡᠷᠡᠭᠵᠢᠭᠦᠯᠵᠦ ᠂ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ ᠭᠦᠢᠴᠡᠳᠬᠡᠬᠦ ᠵᠦᠢᠯ ᠳᠤ ᠰᠦᠯᠵᠢᠶᠡᠨ ᠳᠡᠭᠡᠷ᠎ᠡ ᠣᠨ ᠤ ᠬᠢᠨᠠᠯᠲᠠ ᠬᠢᠬᠦ ᠶᠢ ᠬᠡᠷᠡᠭᠵᠢᠭᠦᠯᠦᠨ᠎ᠡ ᠃ ᠵᠠᠮ ᠲᠡᠭᠡᠭᠡᠪᠦᠷᠢ ᠶᠢᠨ ᠥᠨᠳᠥᠷ ᠳᠠᠪᠲᠠᠮᠵᠢᠲᠤ ᠬᠡᠷᠡᠭ ᠶᠠᠪᠤᠳᠠᠯ ᠤᠨ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠬᠡᠷᠡᠭ ᠶᠠᠪᠤᠳᠠᠯ ᠢ 90 ᠭᠠᠷᠤᠢ ᠪᠡᠶᠡᠯᠡᠭᠦᠯᠪᠡ︔ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠂ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ 5 ᠤᠳᠠᠭ᠎ᠠ ᠥᠷᠨᠢᠭᠦᠯᠵᠦ ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ 5 ᠤᠳᠠᠭ᠎ᠠ ᠰᠢᠢᠳᠪᠦᠷᠢᠯᠡᠵᠦ ᠂ 542 ᠲᠡᠮᠳᠡᠭ ᠤᠨ ᠫᠠᠶᠢᠰᠠ ᠂ 2 ᠬᠠᠯᠬᠠᠪᠴᠢ ᠬᠠᠰᠢᠶ᠎ᠠ ᠶᠢ ᠵᠠᠰᠠᠵᠤ ᠲᠡᠭᠰᠢᠯᠡᠭᠰᠡᠨ ᠂ ᠨᠡᠮᠡᠭᠰᠡᠨ ᠂ ᠰᠡᠯᠪᠢᠨ ᠵᠠᠰᠠᠭᠰᠠᠨ ᠵᠡᠷᠭᠡ ᠠᠵᠢᠯ ᠢ ᠬᠢᠵᠦ ᠂ ︽ ᠬᠤᠶᠠᠷ ᠠᠶᠠᠨᠴᠢᠳ ᠲᠤ ᠦᠢᠯᠡᠴᠢᠯᠡᠬᠦ ᠪᠠ ᠠᠶᠤᠯ ᠲᠦᠭᠰᠢᠭᠦᠷᠢ ᠳᠤ ᠲᠤᠯᠭᠠᠷᠠᠬᠤ ︾ ᠬᠥᠳᠡᠯᠦᠩᠭᠦᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠵᠠᠮ ᠬᠠᠷᠢᠯᠴᠠᠭᠠᠨ ᠤ ᠠᠳᠡᠯ ᠭᠠᠷᠬᠤ ᠶᠢ ᠪᠦᠲᠦᠮᠵᠢᠲᠡᠢ ᠬᠤᠷᠢᠭᠯᠠᠪᠠ ᠃      ᠲᠦᠩᠯᠢᠶᠣᠣ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠺᠠᠶᠢᠯᠤ ᠰᠢᠶᠠᠨ ᠤ ᠬᠤᠪᠢᠶᠠᠷᠢ ᠲᠥᠪ ᠤᠨ ᠡᠷᠬᠢᠯᠡᠭᠴᠢ ᠰᠢᠦᠢ ᠭᠦᠸᠧ ᠮᠧᠶ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠮᠡᠳᠡᠭᠳᠡᠵᠦ᠂ ᠡᠨᠡ ᠵᠢᠯ 6 ᠵᠦᠢᠯ ᠤᠨ ᠠᠮᠠᠯᠠᠯᠲᠠ ᠪᠠᠨ ᠢᠯᠡ ᠪᠠᠷ ᠨᠡᠶᠢᠲᠡᠯᠡᠵᠦ᠂ 100% ᠪᠠᠷ ᠪᠡᠶᠡᠯᠡᠭᠦᠯᠦᠭᠰᠡᠨ ᠨᠣᠷᠮ᠎ᠠ ᠲᠠᠢ ᠪᠣᠯᠭᠠᠪᠠ᠃ ᠣᠳᠣᠬᠠᠨ ᠳᠤ ᠺᠠᠶᠢᠯᠤ ᠶᠢᠨ ᠬᠤᠪᠢᠶᠠᠷᠢ ᠲᠥᠪ ᠲᠤ ᠣᠷᠣᠭᠰᠠᠨ ᠠᠷᠠᠯᠵᠢᠶᠠᠨ ᠤ ᠲᠦᠷᠦᠯ ᠵᠦᠢᠯ ᠳᠤ ᠨᠢᠭᠡᠨᠲᠡ ︽ ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠭᠡᠬᠦ︾  ᠶᠢ ᠪᠡᠶᠡᠯᠡᠭᠦᠯᠵᠦ ᠂ ᠲᠠᠯᠠᠪᠤᠷ ᠲᠤ ᠣᠷᠣᠬᠤ ᠪᠤᠢ ᠪᠦᠬᠦᠢ ᠲᠦᠷᠦᠯ ᠵᠦᠢᠯ ᠤᠨ ᠳᠠᠭᠠᠭᠠᠴᠢᠯᠠᠯᠲᠠ ᠨᠡᠶᠢᠲᠡᠯᠡᠬᠦ ᠨᠤᠷᠮ᠎ᠠ ᠶᠢ 100% ᠳᠤ ᠬᠦᠷᠭᠡᠵᠦ ᠂ 22 ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠪᠡᠶᠡᠯᠡᠭᠦᠯᠵᠦ ᠂ ᠮᠤᠵᠢ ᠠᠯᠤᠰᠯᠠᠨ ᠠᠯᠤᠰ ᠠᠴᠠ ᠣᠨᠳᠣᠣ ᠭᠠᠵᠠᠷ ᠲᠤ 100% ᠤᠨ ᠳᠠᠭᠠᠭᠠᠴᠢᠯᠠᠯᠲᠠ ᠦᠨᠡᠯᠡᠵᠦ ᠂ ᠲᠠᠪᠴᠠᠩ ᠤᠨ ᠠᠵᠢᠯᠯᠠᠭ᠎ᠠ ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠂ ᠮᠡᠳᠡᠭᠡ ᠵᠠᠩᠭᠢ ᠶᠢ ᠢᠯᠡ ᠪᠣᠯᠭᠠᠬᠤ ᠂ ᠠᠷᠠᠯᠵᠢᠶᠠᠨ ᠤ ᠳᠦᠷᠢᠮ ᠂ ᠦᠢᠯᠡᠴᠢᠯᠡᠭᠡᠨ ᠤ ᠵᠢᠷᠤᠮᠵᠢᠯ ᠵᠡᠷᠭᠡ ᠲᠠᠪᠤᠨ ᠨᠢᠭᠡᠳᠦᠯᠲᠡᠢ ᠪᠠᠶᠢᠬᠤ ᠶᠢ ᠪᠡᠶᠡᠯᠡᠭᠦᠯᠪᠡ︔ ᠢᠨᠵᠧᠨᠧᠷᠢᠩ ᠤᠨ ᠲᠥᠷᠥᠯ ᠤᠨ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠪᠤᠴᠠᠭᠠᠨ ᠥᠭᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠳᠠᠭᠠᠭᠠᠴᠢᠯᠠᠯᠲᠠ ᠣᠯᠣᠭᠰᠠᠨ ᠮᠡᠳᠡᠭᠳᠡᠯ ᠤᠨ ᠪᠢᠴᠢᠭ ᠢ ᠶᠠᠪᠤᠭᠤᠯᠤᠭᠰᠠᠨ ᠤ ᠳᠠᠷᠠᠭᠠᠬᠢ 1 ᠠᠵᠢᠯᠯᠠᠬᠤ ᠡᠳᠦᠷ ᠤᠨ ᠳᠣᠲᠣᠷ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ  ᠨᠢ ᠳᠠᠭᠠᠭᠠᠴᠢᠯᠠᠯᠲᠠ ᠵᠠᠷᠯᠠᠭᠴᠢ ᠶᠢᠨ ᠨᠠᠶᠢᠳᠠᠯᠭ᠎ᠠ ᠶᠣᠰᠣᠭᠠᠷ ᠰᠢᠰᠲ᠋ᠧᠮ ᠤᠨ ᠳᠣᠲᠣᠷ᠎ᠠ ᠳᠠᠭᠠᠭᠠᠴᠢᠯᠠᠯᠲᠠ ᠣᠯᠣᠭᠰᠠᠨ ᠦᠭᠡᠢ ᠬᠥᠮᠥᠨ ᠤ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠪᠤᠴᠠᠭᠠᠨ ᠥᠭᠪᠡ︔ ᠭᠡᠷ᠎ᠡ ᠲᠣᠭᠲᠠᠭᠠᠭᠰᠠᠨ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠬᠤ ᠰᠢᠰᠲ᠋ᠧᠮ ᠢ ᠨᠡᠶᠢᠲᠡᠯᠡᠭᠰᠡᠨ ᠤ ᠳᠠᠷᠠᠭᠠᠬᠢ ᠨᠢᠭᠡ ᠠᠵᠢᠯ ᠤᠨ ᠡᠳᠦᠷ ᠤᠨ ᠳᠣᠲᠣᠷ᠎ᠠ ᠳᠠᠭᠠᠭᠠᠴᠢᠯᠠᠯᠲᠠ ᠣᠯᠣᠭᠴᠢ ᠶᠢᠨ ᠳᠠᠭᠠᠭᠠᠴᠢᠯᠠᠯᠲᠠ ᠳᠤ ᠣᠷᠣᠬᠤ ᠪᠠᠲᠤᠯᠠᠭ᠎ᠠ ᠶᠢᠨ ᠮᠥᠩᠭᠦ ᠶᠢ ᠪᠤᠴᠠᠭᠠᠨ ᠥᠭᠴᠦ ᠂ ᠠᠵᠤ ᠠᠬᠤᠶᠢᠯᠠᠯ ᠤᠨ ᠪᠡᠯᠡ ᠮᠥᠩᠭᠦᠨ ᠤ ᠡᠷᠭᠢᠯᠲᠡ ᠶᠢᠨ ᠳᠠᠷᠤᠯᠲᠠ ᠶᠢ ᠶᠡᠭᠡ ᠪᠠᠷ ᠬᠥᠩᠭᠡᠷᠡᠭᠦᠯᠪᠡ ︔ ︽ᠲᠠ ᠬᠦᠴᠢᠷᠳᠡᠯ ᠲᠠᠢ ᠪᠣᠯ ᠨᠠᠳᠠ ᠳᠤ ᠬᠡᠯᠡᠭᠡᠷᠡᠢ︾ ᠭᠡᠬᠦ ᠲᠤᠰᠠᠯᠠᠮᠵᠢ ᠭᠤᠶᠤᠴᠢᠯᠠᠬᠤ ᠤᠲᠠᠰᠤ ᠪᠠ ᠪᠠᠲᠤᠯᠠᠪᠤᠷᠢ ᠶᠢᠨ ᠮᠥᠩᠭᠦ ᠶᠢ ᠪᠤᠴᠠᠭᠠᠨ ᠥᠭᠬᠦ ︽ᠰᠡᠯᠪᠢᠨ ᠵᠠᠰᠠᠬᠤ ᠲᠤᠰᠬᠠᠢ ᠲᠤᠰᠢᠶᠠᠯᠲᠠᠨ︾ ᠢ ᠭᠠᠷᠭᠠᠵᠤ᠂ ᠨᠢᠭᠡᠨᠲᠡ 5 ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠪᠡ︔ ︽ᠠᠷᠠᠯᠵᠢᠶ᠎ᠠ ᠶᠢ ᠴᠢᠯᠦᠭᠡᠲᠡᠢ ᠪᠣᠯᠭᠠᠬᠤ ᠡᠳᠦᠷ︾ ᠤᠨ ᠠᠵᠢᠯᠯᠠᠭ᠎ᠠ ᠶᠢ ᠡᠷᠭᠢᠯᠡᠵᠦ᠂ 15 ᠨᠡᠷᠡᠰ ᠠᠷᠠᠯᠵᠢᠶ᠎ᠠ ᠶᠢᠨ ᠠᠵᠢᠯ ᠤᠨ ᠬᠢᠨᠠᠯᠲᠠ ᠲᠠᠯᠪᠢᠭᠴᠢ᠂ 1 ᠨᠡᠷᠡᠰ ᠲᠤᠰᠬᠠᠢ ᠬᠠᠤᠯᠢ ᠴᠠᠭᠠᠵᠠ ᠶᠢᠨ ᠵᠥᠪᠯᠡᠭᠴᠢ ᠶᠢ ᠤᠷᠢᠵᠤ᠂ ᠵᠠᠬ᠎ᠠ ᠳᠡᠯᠭᠡᠭᠦᠷ ᠤᠨ ᠭᠤᠣᠯ ᠴᠣᠭᠴᠠ᠂ ᠠᠵᠢᠯ ᠲᠥᠷᠥᠯ ᠤᠨ ᠨᠡᠶᠢᠭᠡᠮᠯᠢᠭ᠂ ᠨᠡᠶᠢᠭᠡᠮ ᠤᠨ ᠣᠯᠠᠨ ᠨᠡᠶᠢᠲᠡ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠪᠠ︔ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠳᠥᠭᠦᠮᠴᠢᠯᠡᠵᠦ᠂ ᠲᠠᠯᠠᠪᠤᠷ ᠲᠤ ᠣᠷᠣᠬᠤ ᠭᠠᠷ ᠭᠦᠢᠴᠡᠳᠬᠡᠯ ᠢ 6 ᠵᠦᠢᠯ ᠪᠠᠶᠢᠭᠰᠠᠨ ᠠᠴᠠ 3 ᠵᠦᠢᠯ ᠪᠣᠯᠭᠠᠨ ᠬᠠᠰᠤᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠪᠡ︔ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ ᠃ ᠣᠲᠣ ᠪᠣᠯᠲᠠᠯ᠎ᠠ᠂ ᠤᠲᠠᠰᠤ ᠪᠠᠷ ᠬᠠᠷᠢᠭᠤ ᠰᠤᠷᠪᠤᠯᠵᠢᠯᠠᠬᠤ᠂ ᠸᠢᠴᠠᠲ ᠢᠶᠠᠷ ᠨᠡᠶᠢᠲᠡ 150 ᠡᠷᠦᠬᠡ ᠨᠡᠪᠲᠡᠷᠡᠯᠴᠡᠵᠦ ᠂ ᠨᠢᠭᠡ ᠤᠳᠠᠭ᠎ᠠ ᠰᠤᠷᠪᠤᠯᠵᠢᠯᠠᠵᠤ᠂ ᠪᠥᠬᠦ ᠰᠢᠶᠠᠨ ᠤ 347 ︵ᠤᠳᠠᠭ᠎ᠠ︶ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ 16 ᠤᠳᠠᠭ᠎ᠠ ᠣᠶᠢᠯᠠᠭᠠᠵᠤ᠂ ᠣᠯᠠᠨ ᠲᠦᠮᠡᠨ ᠤ ᠠᠵᠢᠯ ᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠪᠡ︔ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠡᠯ᠎ᠡ ᠭᠤᠭᠴᠤᠭ᠎ᠠ ᠳᠤ ᠶᠠᠮᠠᠷ ᠴᠤ ᠰᠦᠢᠳᠬᠡᠯ ᠬᠤᠷᠢᠶᠠᠬᠤ ᠲᠥᠷᠥᠯ ᠵᠦᠢᠯ ᠪᠠᠶᠢᠬᠤ ᠦᠭᠡᠢ᠂ ᠬᠢᠨᠠᠯᠲᠠ ᠲᠠᠯᠪᠢᠬᠤ ᠤᠲᠠᠰᠤ ᠶᠢ ᠨᠡᠶᠢᠭᠡᠮ ᠳᠠᠶᠠᠭᠠᠷ ᠲᠤ ᠨᠡᠶᠢᠲᠡᠯᠡᠭᠰᠡᠨ ᠤ ᠳᠠᠷᠠᠭ᠎ᠠ᠂ ᠰᠦᠢᠳᠬᠡᠯ ᠬᠤᠷᠢᠶᠠᠬᠤ ᠠᠰᠠᠭᠤᠳᠠᠯ ᠭᠠᠷᠤᠭᠰᠠᠨ ᠲᠤᠬᠠᠢ ᠵᠠᠭᠠᠯᠳᠤᠯᠭ᠎ᠠ ᠶᠢ ᠣᠯᠣᠭᠰᠠᠨ ᠦᠭᠡᠢ᠃      ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠴᠠᠢ ᠭᠦᠸᠧ ᠸᠧᠢ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠮᠡᠳᠡᠭᠳᠡᠵᠦ᠂ ᠤᠰᠤ ᠲᠠᠲᠠᠬᠤ ᠵᠥᠪᠰᠢᠶᠡᠷᠡᠯ ᠤᠨ ᠬᠠᠮᠢᠶ᠎ᠠ ᠪᠦᠬᠦᠢ ᠠᠵᠢᠯ ᠢ ᠲᠠᠨᠢᠵᠤ ᠠᠪᠤᠭᠰᠠᠨ ᠪᠠᠶᠢᠨ᠎ᠠ᠃ ᠪᠥᠬᠦ ᠰᠢᠶᠠᠨ ᠤ ᠤᠰᠤ ᠲᠠᠲᠠᠬᠤ ᠵᠥᠪᠰᠢᠶᠡᠷᠡᠯ ᠤᠨ ᠲᠥᠷᠥᠯ ᠵᠦᠢᠯ ᠢ ᠡᠮᠬᠢᠯᠡᠨ ᠳᠢᠭᠯᠡᠵᠦ᠂ ᠭᠤᠶᠤᠴᠢᠯᠠᠬᠤ᠂ ᠨᠤᠲᠠᠯᠠᠬᠤ᠂ ᠵᠥᠪᠰᠢᠶᠡᠷᠡᠬᠦ᠂ ᠰᠢᠯᠭᠠᠨ ᠠᠪᠬᠤ᠂ ᠦᠨᠡᠮᠯᠡᠯ ᠣᠯᠭᠤᠬᠤ᠂ ᠤᠰᠤ ᠲᠠᠲᠠᠬᠤ ᠬᠠᠮᠢᠶᠠᠷᠤᠯᠲᠠ ᠶᠢᠨ ᠡᠯ᠎ᠡ ᠵᠠᠩᠭᠢᠯᠠᠭ᠎ᠠ ᠠᠴᠠ ᠪᠣᠭᠤᠮᠲᠠ ᠶᠢ ᠴᠢᠩᠭ᠎ᠠ ᠠᠳᠬᠤᠵᠤ᠂ ᠮᠠᠲ᠋ᠧᠷᠢᠶᠠᠯ ᠢ ᠳᠠᠩᠰᠠᠯᠠᠬᠤ ᠠᠵᠢᠯ ᠢ ᠰᠠᠶᠢᠲᠤᠷ ᠬᠢᠪᠡ︔ ᠤᠰᠤ ᠲᠠᠲᠠᠬᠤ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠴᠤᠪᠤᠷᠠᠯ ᠢ ᠢᠳᠡᠪᠬᠢᠲᠡᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠲᠡᠭᠡᠭᠰᠢᠯᠡᠭᠦᠯᠪᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢ ᠡᠬᠢᠯᠡᠨ ᠬᠡᠷᠡᠭᠯᠡᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠤᠰᠤ ᠲᠠᠲᠠᠬᠤ ᠵᠥᠪᠰᠢᠶᠡᠷᠡᠯ ᠤᠨ ᠦᠢᠯᠡᠴᠢᠯᠡᠭᠡᠨ ᠢ ᠦᠷᠨᠢᠭᠦᠯᠪᠡ᠃ ᠨᠢᠭᠡ ᠰᠠᠷ᠎ᠠ ᠳᠤ ᠨᠢᠭᠡ ᠵᠠᠳᠠᠯᠤᠯᠲᠠ ᠬᠢᠵᠦ᠂ ᠨᠢᠭᠡ ᠰᠠᠷ᠎ᠠ ᠳᠤ ᠨᠢᠭᠡ ᠲᠣᠬᠢᠷᠠᠭᠤᠯᠤᠯᠲᠠ ᠬᠢᠵᠦ᠂ ᠠᠰᠠᠭᠤᠳᠠᠯ ᠤᠨ ᠨᠠᠷᠢᠨ ᠲᠠᠩᠰᠠ ᠶᠢ ᠵᠢᠭᠰᠠᠭᠠᠵᠤ᠂ ᠠᠵᠤ ᠠᠬᠤᠶᠢᠯᠠᠯ ᠤᠨ ᠤᠰᠤ ᠲᠠᠲᠠᠬᠤ ᠪᠣᠳᠠᠲᠠᠢ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠶᠢ ᠬᠡᠷᠡᠭᠵᠢᠭᠦᠯᠦᠨ᠂ ᠤᠰᠤ ᠲᠠᠲᠠᠬᠤ ᠵᠥᠪᠰᠢᠶᠡᠷᠡᠯ ᠤᠨ ︽ᠨᠢᠭᠤᠷ ᠵᠣᠯᠭᠠᠬᠤ ᠦᠭᠡᠢ ᠪᠠᠷ ᠬᠢᠨᠠᠨ ᠵᠥᠪᠰᠢᠶᠡᠷᠡᠭᠦᠯᠬᠦ︾ ᠡᠴᠦᠰ ᠤᠨ ᠨᠢᠭᠡ ᠺᠢᠯᠣᠮᠧᠲᠷ ᠢ ᠨᠡᠪᠳᠡᠷᠡᠭᠦᠯᠪᠡ᠃ ᠣᠲᠣ ᠪᠣᠯᠲᠠᠯ᠎ᠠ᠂ ᠠᠵᠤ ᠠᠬᠤᠶᠢᠯᠠᠯ ᠤᠨ ᠦᠢᠯᠡᠴᠢᠯᠡᠭᠡ ᠶᠢ ᠨᠡᠶᠢᠲᠡ 20 ᠭᠠᠷᠤᠢ ᠤᠳᠠᠭ᠎ᠠ ᠣᠷᠣᠭᠤᠯᠵᠤ᠂ ᠡᠯᠧᠺᠲᠷᠣᠨ ᠦᠨᠡᠮᠯᠡᠯ ᠢ 14 ᠳᠡᠪᠲᠡᠷ ᠲᠠᠷᠬᠠᠭᠠᠵᠤ᠂ ᠠᠵᠤ ᠠᠬᠤᠶᠢᠯᠠᠯ ᠤᠨ ᠤᠰᠤ ᠲᠠᠲᠠᠬᠤ ᠵᠥᠪᠰᠢᠶᠡᠷᠡᠯ ᠤᠨ ᠭᠠᠷᠳᠠᠮ ᠢ 5 ᠤᠳᠠᠭ᠎ᠠ ᠲᠡᠭᠦᠯᠳᠡᠷᠵᠢᠭᠦᠯᠬᠦ ᠶᠢ ᠰᠢᠪᠠᠳᠠᠨ ᠭᠦᠢᠴᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠵᠢᠷᠤᠮᠵᠢᠭᠤᠯᠤᠯᠲᠠ᠂ ᠮᠡᠳᠡᠭᠡ ᠵᠠᠩᠭᠢᠵᠢᠯᠲᠠ᠂ ᠳᠥᠭᠦᠮᠴᠢᠯᠡᠯᠲᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ ᠴᠢ ᠢᠦᠢ ᠴᠢᠶᠠᠩ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠳᠤ ᠮᠡᠳᠡᠭᠳᠡᠵᠦ ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠠᠬᠢᠭᠤᠯᠵᠤ ᠂ ᠤᠢ ᠰᠢᠭᠤᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠡᠭᠦᠷᠭᠡ ᠶᠢ 18 ᠲᠦᠮᠡᠨ ᠮᠦ ᠪᠡᠶᠡᠯᠡᠭᠦᠯᠵᠦ ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢ 8 ᠪᠠᠶᠢᠭᠤᠯᠪᠠ ︔ ᠬᠡᠰᠡᠭ ᠬᠤᠪᠢᠶᠠᠨ ᠪᠥᠬᠦ ᠰᠢᠶᠠᠨ ᠤ 22 ᠪᠠᠯᠭᠠᠰᠤ ᠲᠠᠯᠠᠪᠠᠶ ᠶᠢ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠴᠤ᠂ ᠡᠯ᠎ᠡ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠬᠤ᠂ ᠬᠡᠷᠡᠭ ᠤᠨ ᠲᠠᠩᠰᠠ ᠡᠪᠬᠡᠮᠡᠯ ᠢ ᠦᠢᠯᠡᠳᠬᠦ ᠪᠠ ᠲᠠᠩᠰᠠ ᠡᠪᠬᠡᠮᠡᠯ ᠳᠤ ᠣᠷᠣᠭᠤᠯᠬᠤ ᠵᠡᠷᠭᠡ ᠠᠵᠢᠯ ᠢ ᠢᠳᠡᠪᠬᠢᠲᠡᠢ ᠵᠢᠯᠣᠭᠤᠳᠪᠠ︔ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠥᠬᠦ ᠰᠢᠶᠠᠨ ᠤ ᠡᠯ᠎ᠡ ᠪᠠᠯᠭᠠᠰᠤ ᠲᠠᠯᠠᠪᠠᠶ ᠶᠢᠨ ᠶᠠᠪᠤᠭᠤᠯᠤᠭᠰᠠᠨ ᠭᠠᠷ ᠤᠲᠠᠰᠤᠨ ᠤ 10 ᠲᠦᠮᠡᠨ ᠣᠬᠤᠷ ᠮᠡᠳᠡᠭᠡ᠂ ᠭᠠᠯ ᠰᠡᠷᠭᠡᠶᠢᠯᠡᠬᠦ 500 ᠥᠩᠭᠡᠲᠦ ᠲᠤᠭ᠂ 100 ᠬᠥᠨᠳᠡᠯᠡᠨ ᠪᠢᠴᠢᠭᠡᠰᠦ ᠶᠢ ᠡᠯᠭᠦᠬᠦ ᠶᠢ ᠬᠠᠮᠤᠷᠪᠠ᠃ ᠣᠲᠣ ᠪᠣᠯᠲᠠᠯ᠎ᠠ᠂ ᠪᠥᠬᠦ ᠰᠢᠶᠠᠨ ᠳᠤ ᠬᠦᠨᠳᠦ ᠣᠨᠴᠠ ᠶᠡᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠠᠶᠤᠯ ᠭᠠᠷᠤᠭᠰᠠᠨ ᠦᠭᠡᠢ︔ ᠣᠶ ᠰᠢᠭᠤᠢ ᠶᠢᠨ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠨᠢᠭᠡᠨᠲᠡ 15 ᠲᠦᠮᠡᠨ ᠮᠦ ᠪᠡᠶᠡᠯᠡᠭᠦᠯᠪᠡ︔ ︽ᠪᠥᠬᠦ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠣᠶᠢᠲᠤ ᠭᠠᠵᠠᠷ ᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ︾ ᠵᠢᠴᠢ ︽ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠠᠪᠴᠠᠩ︾ ᠢ ᠢᠳᠡᠪᠬᠢᠲᠡᠢ ᠬᠡᠷᠡᠭᠯᠡᠨ᠂ ᠣᠶᠢᠲᠤ ᠭᠠᠵᠠᠷ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ︽ᠨᠢᠭᠡ ᠰᠦᠯᠵᠢᠶ᠎ᠡ ᠪᠠᠷ ᠭᠦᠢᠴᠡᠳᠭᠡᠬᠦ︾ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ︵ᠶᠠᠩ ᠵᠢᠩ ᠰᠢᠨ᠂ ᠵᠠᠩ ᠮᠧᠶ ᠨᠠ᠂ ᠪᠢ ᠯᠧ ᠲᠤᠸ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号