7 ᠰᠠᠷ᠎ᠠ ᠶᠢᠨ 9 ᠤ ᠡᠳᠦᠷ᠂ ᠮᠠᠨ ᠤ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ︽ᠠᠵᠢᠯ ᠤᠨ ᠠᠬᠢᠴᠠ ᠶᠢ ᠨᠡᠶᠢᠲᠡᠯᠡᠬᠦ︾ ᠰᠢᠷᠢᠰ ᠰᠣᠨᠢᠨ ᠮᠡᠳᠡᠭᠡ ᠶᠢᠨ ᠨᠡᠶᠢᠲᠡᠯᠡᠬᠦ ᠬᠤᠷᠠᠯ ︵ | ᠲᠠᠪᠤᠳᠤᠭᠠᠷ ᠲᠠᠯᠠᠪᠤᠷ︶ ᠬᠤᠷᠠᠯᠳᠤᠪᠠ᠃ ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠂ ᠰᠢᠶᠠᠨ ᠤ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠂ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠂ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠂ ᠰᠢᠶᠠᠨ ᠤ ᠠᠷᠠᠳ ᠤᠨ ᠶᠠᠪᠤᠳᠠᠯ ᠤᠨ | ᠲᠣᠪᠴᠢᠶ᠎ᠠ ᠠᠴᠠ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠳᠤ ᠮᠡᠳᠡᠭᠳᠡᠬᠦ ᠶᠢᠨ ᠬᠠᠮᠲᠤ ᠪᠦᠬᠦ | ᠨᠡᠶᠢᠭᠡᠮ ᠳᠤ ᠥᠷᠭᠡᠨ ᠢᠶᠠᠷ ᠬᠢᠨᠠᠯᠲᠠ ᠲᠠᠯᠪᠢᠭᠤᠯᠬᠤ ᠪᠠᠷ ᠳᠡᠪᠰᠢᠭᠦᠯᠪᠡ ᠃ | | | | ᠰᠢᠶᠠᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ ᠯᠢᠨ ᠬᠤᠩ ᠵᠢᠶᠦ᠋ᠨ ᠠᠮᠠᠯᠠᠯᠲᠠ ᠪᠠᠨ | ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠳᠤ ᠮᠡᠳᠡᠭᠳᠡᠵᠦ ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ | ᠴᠢᠩᠭᠠᠳᠬᠠᠵᠤ ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠶᠢ ᠠᠬᠢᠭᠤᠯᠪᠠ ᠃ ᠰᠣᠶᠣᠯ ᠤᠨ | ᠣᠷᠳᠣᠨ ᠂ ᠨᠣᠮ ᠤᠨ ᠰᠠᠩ ᠤᠨ ᠶᠡᠷᠦᠩᠬᠡᠢ ᠬᠤᠪᠢᠶᠠᠷᠢ ᠣᠷᠳᠣᠨ ᠤ ᠳᠦᠷᠢᠮ ᠤᠨ ᠪᠠᠶᠢᠭᠤᠯᠤᠯᠲᠠ ᠶᠢ ᠲᠦᠯᠬᠢᠨ | ᠠᠬᠢᠭᠤᠯᠵᠤ ᠂ ᠭᠤᠷᠪᠠᠨ ᠱᠠᠲᠤᠨ ᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ | ᠲᠠᠰᠤᠷᠠᠯᠳᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠪᠡ᠃ ᠣᠲᠣ ᠪᠣᠯᠲᠠᠯ᠎ᠠ᠂ ᠨᠣᠮ ᠤᠨ ᠰᠠᠩ ᠪᠠ ᠰᠣᠶᠣᠯ ᠤᠨ | ᠣᠷᠳᠣᠨ ᠤ ᠬᠤᠪᠢᠶᠠᠷᠢ ᠣᠷᠳᠣᠨ ᠢ ᠲᠣᠰ ᠲᠣᠰ 5 ᠰᠢᠨ᠎ᠡ ᠪᠠᠷ ᠪᠠᠶᠢᠭᠤᠯᠵᠤ᠂ 24 ᠴᠠᠭ ᠤᠨ ᠥᠪᠡᠰᠦᠪᠡᠨ | ᠦᠢᠯᠡᠴᠢᠯᠡᠬᠦ ᠨᠣᠮ ᠤᠨ ᠰᠠᠩ ᠢ 1 ᠰᠢᠨ᠎ᠡ ᠪᠠᠷ ᠪᠠᠶᠢᠭᠤᠯᠵᠤ᠂ 2674 ᠳᠡᠪᠲᠡᠷ ᠨᠣᠮ ᠪᠢᠴᠢᠭ ᠢ ᠬᠤᠳᠠᠯᠳᠤᠨ | ᠠᠪᠤᠭᠰᠠᠨ ᠪᠠ ᠪᠡᠯᠡᠭᠯᠡᠨ ᠬᠦᠷᠭᠡᠭᠰᠡᠨ ᠢ ᠭᠥᠯᠢᠶᠡᠨ ᠠᠪᠴᠤ᠂ ᠣᠯᠠᠨ ᠨᠡᠶᠢᠲᠡ ᠶᠢᠨ ᠰᠣᠶᠣᠯ ᠤᠨ ᠲᠠᠯᠠᠪᠠᠶ | ᠣᠷᠳᠣᠨ ᠢ ᠬᠤᠯᠪᠣᠯᠳᠤᠭᠤᠯᠤᠨ ᠨᠡᠶᠢᠯᠡᠭᠦᠯᠬᠦ ᠠᠵᠢᠯᠯᠠᠭ᠎ᠠ ᠶᠢ 3 ᠤᠳᠠᠭ᠎ᠠ ᠥᠷᠨᠢᠭᠦᠯᠪᠡ︔ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠵᠦ ᠂ ᠬᠤᠳᠠᠯᠳᠤᠭᠠᠡᠷᠬᠢᠯᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ ᠶᠢ ᠠᠬᠢᠭᠤᠯᠪᠠ᠃ ᠣᠲᠣ ᠪᠣᠯᠲᠠᠯ᠎ᠠ᠂ ᠤᠯᠠᠭᠠᠨᠮᠥ᠋ᠴᠢᠷ᠂ ᠰᠣᠶᠣᠯ ᠤᠨ ᠣᠷᠳᠣᠨ ᠢ ᠵᠣᠬᠢᠶᠠᠨ | ᠪᠠᠶᠢᠭᠤᠯᠤᠨ ︽ᠰᠣᠶᠣᠯ ᠢ ᠬᠥᠳᠡᠭᠡ ᠪᠠᠭᠤᠯᠭᠠᠬᠤ︾ ᠠᠷᠠᠳ ᠲᠤ ᠠᠰᠢᠭ ᠬᠦᠷᠲᠡᠭᠡᠬᠦ ᠲᠣᠭᠯᠠᠯᠲᠠ᠂ ︽ᠪᠠᠶᠠᠷ | ᠪᠠᠶᠠᠰᠤᠯ ᠪᠣᠯᠪᠠᠰᠤᠨ ᠢ ᠬᠦᠷᠭᠡᠬᠦ︾ ᠦᠨᠳᠦᠰᠦᠨ ᠱᠠᠲᠤᠨ ᠳᠤ ᠪᠠᠭᠤᠯᠭᠠᠬᠤ ᠲᠣᠭᠯᠠᠯᠲᠠ ᠵᠡᠷᠭᠡ ᠡᠯ᠎ᠡ ᠲᠥᠷᠥᠯ ᠤᠨ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ 90 ᠭᠠᠷᠤᠢ ᠲᠠᠯᠠᠪᠤᠷ ᠥᠷᠨᠢᠭᠦᠯᠵᠦ᠂ ᠡᠯ᠎ᠡ | ᠲᠥᠷᠥᠯ ᠤᠨ ᠬᠠᠪᠰᠤᠷᠤᠨ ᠵᠢᠯᠤᠭᠤᠳᠬᠤ ᠪᠣᠯᠪᠠᠰᠤᠷᠠᠯ ᠢ 10 ᠭᠠᠷᠤᠢ ᠤᠳᠠᠭ᠎ᠠ ᠥᠷᠨᠢᠭᠦᠯᠵᠦ᠂ ᠪᠥᠬᠦ ᠠᠷᠠᠳ ᠤᠨ | ᠤᠩᠰᠢᠯᠭ᠎ᠠ ᠶᠢᠨ ᠠᠵᠢᠯᠯᠠᠭ᠎ᠠ ᠶᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ 50 ᠭᠠᠷᠤᠢ ᠤᠳᠠᠭ᠎ᠠ | ᠥᠷᠨᠢᠭᠦᠯᠪᠡ︔ ᠰᠣᠶᠣᠯ ᠵᠢᠭᠤᠯᠴᠢᠯᠠᠯ ᠤᠨ ᠣᠷᠣᠨ ᠪᠦᠰᠡ ᠶᠢᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠪᠠ᠃ ᠲᠤᠯᠤᠭᠠᠨ ᠭᠡᠷ ᠬᠥᠳᠡᠭᠡ | ᠲᠣᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠭᠠᠵᠠᠷ ᠢ ᠶᠠᠭ ᠪᠠᠶᠢᠭᠤᠯᠵᠤ ᠪᠤᠢ ᠂ ᠵᠢᠱᠢᠯᠲᠡ ᠪᠠᠷ 8 ᠰᠠᠷ᠎ᠠ ᠶᠢᠨ | ᠡᠬᠢ ᠪᠠᠷ ᠠᠰᠢᠭᠯᠠᠯᠲᠠ ᠳᠤ ᠣᠷᠣᠭᠤᠯᠪᠠ᠃ ᠮᠠᠶᠢᠰᠢᠨ ᠭᠤᠣᠯ ᠰᠡᠳᠦᠪᠲᠦ ᠠᠷᠠᠳ ᠤᠨ ᠣᠷᠣᠨ ᠰᠠᠭᠤᠴᠠ ᠶᠢᠨ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠢᠴᠢ ᠣᠶᠤᠨᠲᠤ ᠬᠤᠪᠢᠰᠬᠠᠯᠳᠦ ᠵᠤᠭᠠᠴᠠᠯ ᠤᠨ ᠲᠦᠷᠦᠯ ᠵᠦᠢᠯ ᠢ | ᠶᠠᠭ ᠡᠮᠬᠢ ᠳᠢᠭᠯᠢᠮ ᠲᠠᠢ ᠠᠬᠢᠭᠤᠯᠵᠤ ᠪᠤᠢ ︔ ᠳᠡᠯᠡᠬᠡᠢ ᠶᠢᠨ ᠨᠣᠮ ᠤᠩᠰᠢᠬᠤ ᠡᠳᠦᠷ ᠂ ᠳᠤᠮᠳᠠᠳᠤ ᠤᠯᠤᠰ ᠤᠨ | ᠵᠢᠭᠤᠯᠴᠢᠯᠠᠯ ᠤᠨ ᠡᠳᠦᠷ ᠵᠡᠷᠭᠡ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠂ ᠡᠷᠲᠡᠨ ᠤ ᠬᠠᠶᠢᠯᠠᠰᠤᠨ ᠤ | ᠰᠣᠶᠣᠯ ᠵᠢᠭᠤᠯᠴᠢᠯᠠᠯ ᠤᠨ ᠨᠠᠶᠢᠷ ᠂ ᠺᠠᠶᠢᠯᠤ ᠶᠢᠨ ᠲᠣᠮᠣ ᠬᠡᠯᠪᠡᠷᠢ ᠶᠢᠨ ᠥᠩᠭᠡᠲᠦ ᠳ᠋ᠧᠩ ᠤᠨ ᠰᠣᠶᠣᠯ ᠤᠷᠠᠯᠢᠭ ᠤᠨ | ᠨᠠᠶᠢᠷ ᠵᠢᠴᠢ ᠬᠤᠶᠠᠳᠤᠭᠠᠷ ᠬᠤᠭᠤᠴᠠᠭᠠᠨ ᠤ ᠳᠠᠭᠤᠤ ᠬᠥᠭᠵᠢᠮ ᠫᠢᠸᠤ᠋ ᠶᠢᠨ ᠠᠮᠲᠠᠲᠤ ᠢᠳᠡᠭᠡᠨ ᠤ ᠨᠠᠶᠢᠷ ᠵᠡᠷᠭᠡ | ᠥᠪᠡᠷᠮᠢᠴᠡ ᠣᠨᠴᠠᠯᠢᠭ ᠲᠠᠢ ᠪᠠᠶᠠᠷ ᠳᠤᠷᠠᠰᠬᠠᠯ ᠤᠨ ᠠᠵᠢᠯᠯᠠᠭ᠎ᠠ ᠶᠢ ᠡᠷᠬᠢᠯᠡᠵᠦ ᠂ ᠰᠣᠶᠣᠯ ᠵᠢᠭᠤᠯᠴᠢᠯᠠᠯ ᠤᠨ ᠨᠠᠷᠠᠲᠤ | ᠲᠡᠮᠳᠡᠭᠲᠦ ᠤᠨ ᠨᠥᠯᠥᠭᠡᠯᠡᠬᠦ ᠬᠦᠴᠦᠨ ᠢ ᠥᠷᠭᠡᠳᠬᠡᠵᠦ ᠂ ᠵᠠᠬ᠎ᠠ ᠳᠡᠯᠭᠡᠭᠦᠷ ᠤᠨ ᠬᠡᠷᠡᠭᠯᠡᠭᠡ ᠂ ᠠᠵᠤ ᠦᠢᠯᠡᠰ ᠤᠨ | ᠬᠥᠭᠵᠢᠯᠲᠡ ᠶᠢ ᠲᠠᠶᠢᠴᠢᠯᠠᠪᠠ ᠃ | ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠯᠢ ᠶᠠ ᠵᠢᠶᠦ᠋ᠨ | ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠮᠡᠳᠡᠭᠳᠡᠵᠦ᠂ ᠳᠤᠮᠳᠠᠳᠤ ᠪᠠᠭ᠎ᠠ ᠰᠤᠷᠭᠠᠭᠤᠯᠢ | ᠪᠠ ᠬᠡᠦᠬᠡᠳ ᠤᠨ ᠴᠡᠴᠡᠷᠯᠢᠭ ᠤᠨ ᠡᠷᠳᠡᠮ ᠤᠨ ᠴᠣᠯᠠ ᠶᠢᠨ ᠠᠵᠢᠯ ᠢ ᠥᠷᠭᠡᠳᠬᠡᠪᠡ᠃ 4685 ᠲᠦᠮᠡᠨ | ᠲᠥᠭᠦᠷᠢᠭ ᠤᠨ ᠪᠡᠯᠡ ᠣᠷᠣᠭᠤᠯᠵᠤ᠂ ᠲᠠᠪᠤᠳᠤᠭᠠᠷ ᠬᠡᠦᠬᠡᠳ ᠤᠨ ᠴᠡᠴᠡᠷᠯᠢᠭ᠂ ᠵᠢᠷᠭᠤᠳᠤᠭᠠᠷ ᠬᠡᠦᠬᠡᠳ ᠤᠨ | ᠴᠡᠴᠡᠷᠯᠢᠭ᠂ ᠳᠣᠯᠣᠳᠤᠭᠠᠷ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠣᠶ᠂ ᠣᠲᠣ | ᠶᠠᠭ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠵᠦ ᠪᠣᠶ᠃ 3 ᠬᠡᠦᠬᠡᠳ ᠤᠨ ᠴᠡᠴᠡᠷᠯᠢᠭ ᠢ | ᠪᠠᠶᠢᠭᠤᠯᠵᠤ ᠳᠠᠭᠤᠰᠤᠭᠰᠠᠨ ᠤ ᠳᠠᠷᠠᠭ᠎ᠠ ᠨᠡᠶᠢᠲᠡ 900 ᠬᠥᠮᠥᠨ ᠤ ᠡᠷᠳᠡᠮ ᠤᠨ ᠴᠣᠯᠠ ᠨᠡᠮᠡᠪᠡ︔ ᠲᠡᠭᠦᠰᠬᠦ | ᠦᠨᠡᠮᠯᠡᠯ ᠢ ᠡᠯᠧᠺᠲᠷᠤᠨᠴᠢᠯᠠᠬᠤ ᠠᠬᠢᠴᠠ ᠶᠢᠨ ᠠᠵᠢᠯ ᠢ ᠲᠦᠷᠭᠡᠳᠬᠡᠵᠦ᠂ ᠦᠢᠯᠡᠴᠢᠯᠡᠭᠡᠨ ᠤ ᠵᠦᠢᠯᠡᠰ ᠢ ᠰᠦᠯᠵᠢᠶᠡᠨ | ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠨᠢᠭᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠵᠦ᠂ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠳᠤ ᠤᠯᠠᠮ ᠨᠢᠭᠡ ᠠᠯᠬᠤᠮ ᠬᠦᠴᠦ ᠨᠡᠮᠡᠷᠢᠯᠡᠵᠦ᠂ ᠰᠣᠷᠣᠭᠴᠢ ᠶᠢᠨ | ᠲᠡᠭᠦᠰᠬᠦ ᠭᠦᠢᠴᠡᠳᠬᠡᠬᠦ ᠶᠠᠪᠤᠴᠠ ᠶᠢ ᠳᠥᠭᠦᠮᠴᠢᠯᠡᠨ᠂ ᠰᠣᠷᠣᠭᠴᠢ᠂ ᠭᠡᠷ ᠤᠨ ᠠᠬᠠᠮᠠᠳ ᠢ ᠳᠤᠲᠠᠭᠤ ᠭᠦᠶᠦᠯᠭᠡᠪᠡ︔ | ᠬᠡᠦᠬᠡᠳ ᠤᠨ ᠴᠡᠴᠡᠷᠯᠢᠭ ᠤᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠦᠯᠦᠪᠯᠡᠪᠡ︔ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠳᠡᠪᠰᠢᠬᠦ ᠶᠢ ᠰᠢᠯᠤᠭᠤᠳᠬᠠᠪᠠ᠃ 2023 | ᠣᠨ ᠳᠤ᠂ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠥᠬᠦ ᠣᠷᠣᠨ ᠤ ᠲᠤᠰᠬᠠᠢ | ᠰᠣᠷᠣᠭᠴᠢ ᠡᠯᠰᠡᠬᠦ ᠳᠤᠮᠳᠠ ᠠᠴᠠ 476 ᠰᠣᠷᠣᠭᠴᠢ ᠮᠠᠨ ᠤ ᠣᠷᠣᠨ ᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠳᠤ ᠡᠯᠰᠡᠭᠳᠡᠪᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠵᠢᠯ ᠣᠯᠬᠤ ᠪᠠ | ᠰᠤᠷᠭᠠᠭᠤᠯᠢ ᠳᠡᠪᠰᠢᠬᠦ ᠶᠢ ᠵᠡᠷᠭᠡ ᠪᠠᠷ ᠴᠢᠬᠤᠯᠠᠴᠢᠯᠠᠬᠤ ᠳᠠᠰᠢ ᠬᠤᠪᠢᠷᠠᠭᠤᠯᠬᠤ ᠶᠢ ᠢᠳᠡᠪᠬᠢᠲᠡᠢ ᠲᠦᠯᠬᠢᠨ | ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠲᠤ ᠨᠡᠶᠢᠴᠡᠭᠰᠡᠨ ᠰᠤᠷᠭᠠᠭᠤᠯᠢ ᠳᠡᠪᠰᠢᠬᠦ | ᠰᠤᠷᠭᠠᠨ ᠬᠥᠮᠦᠵᠢᠯ ᠤᠨ ᠵᠠᠭᠪᠤᠷ ᠢ ᠬᠠᠶᠢᠨ ᠰᠦᠪᠡᠭᠴᠢᠯᠡᠪᠡ ︔ ᠪᠠᠭᠰᠢ ᠲᠣᠬᠢᠷᠠᠭᠤᠯᠬᠤ ᠠᠵᠢᠯ ᠢ ᠰᠢᠯᠢᠳᠡᠭᠵᠢᠭᠦᠯᠪᠡ | ᠃ 2023 ᠣᠨ ᠳᠤ 202 ᠪᠠᠭᠰᠢ ᠨᠥᠬᠦᠪᠦᠷᠢᠯᠡᠬᠦ ᠪᠠᠷ ᠲᠥᠯᠥᠪᠯᠡᠵᠦ᠂ ᠣᠲᠣ ᠨᠢᠭᠡᠨᠲᠡ ᠪᠠᠭᠰᠢ ᠡᠯᠰᠡᠬᠦ | ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢ ᠪᠡᠶᠡᠯᠡᠭᠦᠯᠪᠡ᠃ | ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠴᠢ ᠶᠢᠨ ᠮᠧᠶ ᠠᠮᠠᠯᠠᠯᠲᠠ ᠪᠠᠨ | ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠮᠡᠳᠡᠭᠳᠡᠵᠦ᠂ ᠬᠢᠲᠠᠳ ᠡᠮ ᠡᠮᠨᠡᠯᠭᠡ ︵ᠮᠣᠩᠭᠤᠯ ᠡᠮ | ᠡᠮᠨᠡᠯᠭᠡ︶ ᠶᠢᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ | 1︱6 ᠰᠠᠷ᠎ᠠ ᠳᠤ᠂ ᠬᠢᠲᠠᠳ ᠡᠮᠨᠡᠯᠭᠡ ᠶᠢᠨ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠶᠢ 4 ᠤᠳᠠᠭ᠎ᠠ | ᠥᠷᠨᠢᠭᠦᠯᠵᠦ᠂ ᠣᠯᠠᠨ ᠲᠦᠮᠡᠨ ᠳᠤ 400 ᠭᠠᠷᠤᠢ ᠬᠥᠮᠥᠨ ᠤᠳᠠᠭ᠎ᠠ ᠦᠢᠯᠡᠴᠢᠯᠡᠪᠡ︔ ᠣᠨᠴᠠᠯᠢᠭ ᠲᠠᠢ | ᠳᠠᠪᠠᠭᠤᠯᠢᠭ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠪᠡ᠃ ᠡᠮᠡᠭᠲᠡᠶᠢᠴᠦᠳ ᠬᠡᠦᠬᠡᠳ ᠵᠢᠴᠢ ︽ | ᠨᠢᠭᠡ ᠨᠠᠰᠤᠲᠠᠨ ᠨᠢᠭᠡ ᠨᠢᠯᠬᠠᠰ︾ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ | ᠦᠢᠯᠡᠴᠢᠯᠡᠭᠡ ᠶᠢ ᠴᠢᠩᠭᠠᠳᠬᠠᠪᠠ︔ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ | ᠪᠠᠶᠢᠭᠤᠯᠤᠯᠲᠠ ᠶᠢ ᠠᠬᠢᠭᠤᠯᠪᠠ᠃ ᠰᠢᠶᠠᠨ ᠤ ᠰᠢᠭᠤᠳ ᠬᠠᠷᠢᠶ᠎ᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠸᠢᠴᠠᠲ ᠤᠨ ᠵᠢᠵᠢᠭ ᠫᠷᠣᠭ᠍ᠷᠠᠮ ᠵᠢᠴᠢ ︽ ᠮᠦᠩᠬᠡ ᠰᠤᠪᠠᠭ︾ APP ᠶᠢᠨ ᠬᠡᠷᠡᠭᠯᠡᠯᠲᠡ ᠶᠢ | ᠪᠡᠶᠡᠯᠡᠭᠦᠯᠵᠦ᠂ ᠰᠦᠯᠵᠢᠶᠡᠨ ᠳᠡᠭᠡᠷ᠎ᠡ ᠤᠷᠢᠳᠴᠢᠯᠠᠨ ᠳ᠋ᠤᠭᠠᠷᠯᠠᠬᠤ᠂ ᠮᠥᠷᠯᠡᠵᠦ ᠪᠠᠶᠢᠴᠠᠭᠠᠨ ᠯᠠᠪᠯᠠᠬᠤ᠂ ᠠᠰᠠᠭᠤᠵᠤ | ᠣᠨᠣᠰᠢᠯᠠᠬᠤ ᠵᠢᠴᠢ ᠰᠦᠯᠵᠢᠶᠡᠨ ᠳᠡᠭᠡᠷ᠎ᠡ ᠲᠣᠭᠠᠴᠠᠭ᠎ᠠ ᠬᠢᠬᠦ ᠵᠡᠷᠭᠡ ᠴᠢᠳᠠᠮᠵᠢ ᠶᠢ ᠪᠡᠶᠡᠯᠡᠭᠦᠯᠪᠡ᠃ 1︱6 | ᠰᠠᠷ᠎ᠠ ᠳᠤ᠂ ᠪᠥᠬᠦ ᠰᠢᠶᠠᠨ ᠢᠶᠠᠷ ᠢᠶᠠᠨ ᠰᠦᠯᠵᠢᠶᠡᠨ ᠳᠡᠭᠡᠷ᠎ᠡ 10000 ᠭᠠᠷᠤᠢ ᠬᠥᠮᠥᠨ ᠤᠳᠠᠭ᠎ᠠ ᠳ᠋ᠤᠭᠠᠷᠯᠠᠬᠤ ᠶᠢ | ᠪᠡᠶᠡᠯᠡᠭᠦᠯᠪᠡ︔ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠦᠷᠭᠡᠳᠭᠡᠪᠡ᠃ ᠣᠲᠣ ᠪᠣᠯᠲᠠᠯ᠎ᠠ᠂ | ᠪᠥᠬᠦ ᠰᠢᠶᠠᠨ ᠳᠤ ᠣᠲᠣ 21 ᠬᠡᠦᠬᠡᠳ ᠰᠠᠭᠠᠲᠠᠭᠤᠯᠬᠤ ᠪᠠᠶᠢᠭᠤᠯᠤᠮᠵᠢ ᠲᠠᠢ ᠪᠠᠶᠢᠵᠤ᠂ ᠨᠡᠶᠢᠲᠡ 942 ᠬᠡᠦᠬᠡᠳ | ᠰᠠᠭᠠᠲᠠᠭᠤᠯᠬᠤ ᠪᠠᠶᠢᠷᠢ ᠶᠢᠨ ᠲᠤᠭ᠎ᠠ ᠶᠢ ᠬᠠᠩᠭᠠᠵᠤ ᠪᠠᠶᠢᠨ᠎ᠠ᠃ ᠪᠥᠬᠦ ᠰᠢᠶᠠᠨ ᠤ ᠮᠢᠩᠭᠠᠨ ᠬᠥᠮᠥᠨ ᠠᠮᠠ ᠪᠦᠷᠢ ᠳᠤ | 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠪᠠᠶᠢᠷᠢ ᠨᠠᠶᠢᠳᠠᠬᠤ ᠲᠤᠭ᠎ᠠ ᠶᠢ 3 ᠪᠣᠯᠭᠠᠵᠤ᠂ ᠣᠨ ᠤ ᠪᠠᠶᠢᠷᠢ | ᠨᠠᠶᠢᠳᠠᠬᠤ ᠡᠭᠦᠷᠭᠡ ᠶᠢ 100% ᠪᠠᠷ ᠪᠡᠶᠡᠯᠡᠭᠦᠯᠪᠡ᠃ 21 ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢ ᠰᠢᠶᠠᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠠᠩᠬ᠎ᠠ ᠠᠯᠬᠤᠮ ᠳᠠᠩᠰᠠᠯᠠᠭᠤᠯᠵᠠᠢ᠂ ᠡᠭᠦᠨ ᠳᠤ 6 ᠬᠡᠦᠬᠡᠳ | ᠰᠠᠭᠠᠲᠠᠭᠤᠯᠬᠤ ᠪᠠᠶᠢᠭᠤᠯᠤᠮᠵᠢ ᠶᠢ ᠨᠢᠭᠡᠨᠲᠡ ᠤᠯᠤᠰ ᠤᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ | ᠰᠢᠰᠲ᠋ᠧᠮ ᠳᠤ ᠳᠠᠩᠰᠠᠯᠠᠭᠤᠯᠵᠠᠢ︔ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠪᠠ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠡᠮᠴᠢ ᠰᠤᠪᠢᠯᠠᠭᠴᠢᠳ ᠵᠢᠴᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠰᠢᠶᠠᠩ ᠤᠨ | ᠡᠮᠴᠢ ᠶᠢ ᠪᠣᠯᠪᠠᠰᠤᠷᠠᠭᠤᠯᠬᠤ ᠠᠵᠢᠯ ᠢ ᠶᠡᠬᠡᠪᠡᠷ ᠦᠷᠨᠢᠭᠦᠯᠪᠡ᠃ 1︱ 6 ᠰᠠᠷ᠎ᠠ ᠳᠤ᠂ 11 ᠤᠳᠠᠭ᠎ᠠ ᠪᠣᠯᠪᠠᠰᠤᠷᠠᠯ | ᠥᠷᠨᠢᠭᠦᠯᠵᠦ᠂ ᠨᠡᠶᠢᠲᠡ 1750 ᠭᠠᠷᠤᠢ ᠬᠥᠮᠥᠨ ᠤᠳᠠᠭ᠎ᠠ ᠣᠷᠣᠯᠴᠠᠪᠠ ︔ 2023 ᠣᠨ ᠤ ︽ᠦᠨᠳᠦᠰᠦᠨ | ᠱᠠᠲᠤᠨ ᠳᠤ ᠴᠢᠨᠠᠷ ᠰᠠᠶᠢᠲᠠᠢ ᠦᠢᠯᠡᠴᠢᠯᠡᠬᠦ︾ ᠠᠵᠢᠯ ᠤᠨ ᠲᠥᠯᠥᠪᠯᠡᠭᠡ ᠶᠢ ᠦᠨᠳᠦᠰᠦᠯᠡᠨ᠂ ᠦᠨᠳᠦᠰᠦᠨ | ᠪᠠᠷᠢᠮᠵᠢᠶ᠎ᠠ ᠳᠤ ᠭᠦᠷᠦᠭᠰᠡᠨ ᠦᠨᠳᠦᠰᠦᠨ ᠱᠠᠲᠤᠨ ᠤ 7 ᠡᠮᠴᠢᠯᠡᠭᠡᠨ ᠤ ᠪᠠᠶᠢᠭᠤᠯᠤᠮᠵᠢ᠂ ᠲᠠᠨᠢᠯᠴᠠᠭᠤᠯᠬᠤ | ᠪᠠᠷᠢᠮᠵᠢᠶ᠎ᠠ ᠳᠤ ᠭᠦᠷᠦᠭᠰᠡᠨ 1 ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠲᠣᠭᠲᠠᠭᠠᠪᠠ︔ ᠨᠡᠶᠢᠭᠡᠮ | ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠪᠠᠶᠢᠭᠤᠯᠤᠯᠳᠠ ᠶᠢ ᠠᠬᠢᠭᠤᠯᠪᠠ᠃ ᠳ᠋ᠦᠩ ᠹᠧᠩ ᠪᠠᠯᠭᠠᠰᠤᠨ ᠤ ᠭᠤᠣᠯ | ᠡᠷᠡᠭᠦᠯ ᠬᠠᠮᠠᠭᠠᠯᠠᠯ ᠤᠨ ᠬᠤᠷᠢᠶ᠎ᠠ ᠨᠢᠭᠡᠨᠲᠡ ᠤᠯᠤᠰ ᠤᠨ ᠪᠠᠲᠤᠯᠠᠨ ᠲᠠᠨᠢᠯᠴᠠᠭᠤᠯᠬᠤ ᠪᠠᠷᠢᠮᠵᠢᠶ᠎ᠠ ᠶᠢ ᠪᠠᠲᠤᠯᠠᠵᠤ᠂ | ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠳ᠋ᠦᠩ ᠹᠧᠩ | ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠵᠢᠷᠤᠮᠵᠢᠭᠰᠠᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠪᠡ︔ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ | ᠰᠢᠰᠲ᠋ᠧᠮ ᠢ ᠪᠠᠶᠢᠭᠤᠯᠵᠤ᠂ ᠭᠡᠷ᠎ᠡ ᠲᠣᠭᠲᠠᠬᠤ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢ ᠠᠬᠢᠭᠤᠯᠪᠠ᠃ | ᠣᠳᠣᠬᠠᠨ ᠳᠤ ᠲᠤᠬᠠᠶᠢᠯᠠᠭᠰᠠᠨ ᠠᠵᠢᠯ ᠤᠨ ᠠᠵᠢᠯᠲᠠᠨ ᠤ ᠰᠢᠰᠲ᠋ᠧᠮ ᠤᠨ ᠪᠣᠯᠪᠠᠰᠤᠷᠠᠯ ᠤᠨ ᠠᠵᠢᠯ ᠢ ᠨᠢᠭᠡᠨᠲᠡ | ᠲᠠᠭᠤᠰᠬᠠᠪᠠ︔ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠭᠦᠯᠪᠡ᠃ | ᠬᠤᠶᠠᠷ ᠥᠮᠡᠨ ᠢ ᠰᠢᠭᠰᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠦᠷᠨᠢᠭᠦᠯᠪᠡ᠃ ᠣᠲᠣ ᠪᠣᠯᠲᠠᠯ᠎ᠠ᠂ | 18073 ᠬᠥᠮᠥᠨ ᠤ ᠰᠢᠭᠰᠢᠨ ᠪᠠᠶᠢᠴᠠᠭᠠᠯᠲᠠ ᠶᠢ ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 205% ᠪᠠᠷ ᠨᠡᠮᠡᠭᠳᠡᠪᠡ︔ ᠭᠠᠳᠠᠭᠠᠳᠤ ᠯᠤᠭ᠎ᠠ ᠶᠢᠨ ᠡᠮ ᠡᠮᠨᠡᠯᠭᠡ ᠶᠢᠨ ᠬᠠᠮᠳᠤᠷᠠᠯᠴᠠᠭ᠎ᠠ ᠶᠢ ᠴᠢᠩᠭᠠᠳᠬᠠᠪᠠ᠃ | ᠰᠢᠶᠠᠨ ᠤ ᠡᠮᠨᠡᠯᠭᠡ ᠶᠢᠨ ᠬᠤᠷᠢᠶ᠎ᠠ᠂ ᠰᠢᠶᠠᠨ ᠤ ᠬᠢᠲᠠᠳ ᠡᠮᠨᠡᠯᠭᠡ ᠶᠢᠨ ᠬᠤᠷᠢᠶ᠎ᠠ᠂ ᠰᠢᠶᠠᠨ ᠤ ᠮᠣᠩᠭᠤᠯ ᠡᠮᠨᠡᠯᠭᠡ ᠶᠢᠨ | ᠬᠤᠷᠢᠶ᠎ᠠ ᠲᠣᠰ ᠲᠣᠰ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠲᠦᠩᠯᠢᠶᠣᠣ | ᠬᠤᠲᠠ ᠶᠢᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ | ᠡᠮᠨᠡᠯᠭᠡ ᠶᠢᠨ ᠬᠤᠷᠢᠶ᠎ᠠ᠂ ᠲᠦᠩᠯᠢᠶᠣᠣ ᠬᠤᠲᠠ ᠶᠢᠨ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ᠂ ᠭᠢᠷᠢᠨ | ᠶᠡᠭᠡ ᠰᠤᠷᠭᠠᠭᠤᠯᠢ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠣᠯᠠᠨ ᠤᠯᠤᠰ ᠤᠨ ᠮᠣᠩᠭᠤᠯ ᠡᠮᠨᠡᠯᠭᠡ ᠶᠢᠨ | ᠬᠤᠷᠢᠶ᠎ᠠ ᠲᠠᠢ ᠡᠮᠨᠡᠯᠭᠡ ᠶᠢᠨ ᠬᠤᠯᠪᠣᠭᠠᠲᠤ ᠴᠣᠭᠴᠠ ᠶᠢᠨ ᠬᠠᠷᠢᠴᠠᠭ᠎ᠠ ᠪᠠᠶᠢᠭᠤᠯᠪᠠ᠃ ᠠᠯᠪᠠᠨ ᠠᠴᠠ ᠪᠠᠶᠢᠭᠤᠯᠤᠭᠰᠠᠨ | ᠭᠤᠷᠪᠠᠨ ᠡᠮᠨᠡᠯᠭᠡ ᠶᠢᠨ ᠬᠤᠷᠢᠶ᠎ᠠ ᠲᠤᠰᠬᠠᠢ ᠮᠡᠷᠭᠡᠵᠢᠯᠲᠡᠨ ᠤᠷᠢᠵᠤ 24 ᠬᠥᠮᠥᠨ ᠤᠳᠠᠭ᠎ᠠ ᠰᠠᠭᠤᠯᠭᠠᠨ ᠡᠮᠨᠡᠭᠦᠯᠵᠦ᠂ | ᠲᠤᠰᠬᠠᠢ ᠮᠡᠷᠭᠡᠵᠢᠯᠲᠡᠨ ᠤᠷᠢᠵᠤ 2398 ᠬᠥᠮᠥᠨ ᠤᠳᠠᠭ᠎ᠠ ᠡᠮᠨᠡᠭᠦᠯᠦᠭᠰᠡᠨ ᠪᠥᠭᠡᠳ ᠡᠮᠨᠡᠯᠭᠡ ᠶᠢᠨ ᠬᠤᠷᠢᠶᠠᠨ ᠤ | ᠳᠣᠲᠣᠷᠠᠬᠢ ᠬᠥᠮᠥᠰ ᠢ ᠵᠣᠬᠢᠶᠠᠨ ᠪᠠᠶᠢᠭᠤᠯᠵᠤ ᠭᠠᠳᠠᠭᠰᠢ ᠭᠠᠷᠭᠠᠵᠤ ᠳᠠᠪᠲᠠᠨ ᠪᠣᠯᠪᠠᠰᠤᠷᠠᠭᠤᠯᠤᠭᠠᠳ 137 ᠬᠥᠮᠥᠨ | ᠤᠳᠠᠭ᠎ᠠ ᠳᠤ ᠬᠦᠷᠭᠡᠪᠡ︔ ᠡᠮᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠠᠵᠢᠯᠯᠠᠭ᠎ᠠ ᠶᠢ ᠴᠢᠩᠭᠠᠳᠬᠠᠪᠠ᠃ ᠰᠢᠶᠠᠨ ᠤ ᠰᠢᠭᠤᠳ ᠬᠠᠷᠢᠶ᠎ᠠ ᠡᠮᠴᠢᠯᠡᠭᠡᠨ ᠤ | ᠪᠠᠶᠢᠭᠤᠯᠤᠮᠵᠢ ᠬᠢᠭᠡᠳ 19 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ︽ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠂ ᠴᠢᠳᠠᠪᠤᠷᠢᠲᠠᠨ ᠢ ᠳᠣᠷᠣᠭᠰᠢ ᠪᠠᠭᠤᠯᠭᠠᠬᠤ ᠂ ᠮᠡᠷᠭᠡᠵᠢᠯ ᠢᠶᠠᠷ ᠳᠡᠮᠵᠢᠬᠦ ︾ ᠠᠵᠢᠯ ᠲᠦᠷᠦᠯ ᠤᠨ | ᠰᠢᠰᠲ᠋ᠧᠮ ᠢᠶᠠᠷ ᠢᠶᠠᠨ ᠳᠡᠮᠵᠢᠬᠦ ᠬᠠᠷᠢᠴᠠᠭ᠎ᠠ ᠶᠢ ᠪᠦᠷᠢᠯᠳᠦᠭᠦᠯᠬᠦ ᠶᠢ ᠲᠦᠯᠬᠢᠨ ᠠᠬᠢᠭᠤᠯᠪᠠ᠃ ᠣᠲᠣ ᠪᠣᠯᠲᠠᠯ᠎ᠠ᠂ | ᠡᠮᠴᠢ ᠨᠠᠷ ᠦᠨᠳᠦᠰᠦᠨ ᠱᠠᠲᠤᠨ ᠳᠤ ᠪᠠᠭᠤᠵᠤ 1090 ᠤᠳᠠᠭ᠎ᠠ ᠰᠠᠭᠤᠵᠤ ᠡᠮᠨᠡᠭᠦᠯᠬᠦ᠂ 88 ᠤᠳᠠᠭ᠎ᠠ ᠵᠢᠭᠠᠨ | ᠰᠤᠷᠭᠠᠯᠲᠠ ᠶᠢᠨ ᠥᠷᠥᠭᠡ ᠪᠠᠶᠢᠴᠠᠭᠠᠬᠤ᠂ 112 ᠤᠳᠠᠭ᠎ᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠬᠦ᠂ | 22 ᠤᠳᠠᠭ᠎ᠠ ᠮᠡᠰᠡ ᠵᠠᠰᠠᠯ ᠬᠢᠵᠦ ᠵᠢᠭᠠᠨ ᠰᠤᠷᠭᠠᠬᠤ᠂ ᠬᠠᠮᠲᠤᠷᠠᠨ ᠣᠨᠣᠰᠢᠯᠠᠭᠰᠠᠨ ᠪᠠ ᠬᠦᠴᠢᠷ ᠲᠦᠪᠡᠭᠲᠡᠢ | ᠡᠪᠡᠳᠴᠢᠨ ᠤ ᠵᠢᠱᠢᠶ᠎ᠡ ᠶᠢᠨ ᠶᠠᠷᠢᠯᠴᠠᠭ᠎ᠠ ᠶᠢ 29 ᠤᠳᠠᠭ᠎ᠠ ᠥᠷᠨᠢᠭᠦᠯᠪᠡ︔ ᠢᠯᠡ ᠪᠠᠷ ᠤᠷᠢᠨ ᠬᠡᠷᠡᠭᠯᠡᠬᠦ ᠶᠢ | ᠵᠣᠬᠢᠶᠠᠨ ᠪᠠᠶᠢᠭᠤᠯᠤᠨ ᠦᠷᠨᠢᠭᠦᠯᠪᠡ᠃ 2023 ᠣᠨ ᠳᠤ ᠺᠠᠶᠢᠯᠤ ᠰᠢᠶᠠᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠢᠰᠲ᠋ᠧᠮ ᠤᠨ ᠬᠢᠨ ᠠᠵᠢᠯ ᠦᠢᠯᠡᠰ ᠤᠨ ᠨᠢᠭᠡᠴᠢ ᠶᠢᠨ 76 ᠠᠵᠢᠯᠲᠠᠨ ᠡᠯᠰᠡᠬᠦ ᠪᠠᠷ ᠲᠥᠯᠥᠪᠯᠡᠵᠦ ᠪᠣᠶ᠃ | | ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠠᠷᠤᠭ᠎ᠠ ᡂᠢ ᠰᠢ ᠬᠠᠢ ᠠᠮᠠᠯᠠᠯᠲᠠ ᠪᠠᠨ | ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠮᠡᠳᠡᠭᠳᠡᠵᠦ᠂ ᠣᠨᠳᠣᠣ ᠭᠠᠵᠠᠷ ᠲᠤ ᠡᠮᠨᠡᠯᠭᠡ ᠳᠤ ᠰᠠᠭᠤᠬᠤ ᠶᠢ | ᠰᠦᠯᠵᠢᠶᠡᠨ ᠳᠤ ᠬᠤᠯᠪᠣᠭᠰᠠᠨ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠪᠠᠯᠭᠠᠰᠤ ᠲᠠᠯᠠᠪᠠᠶ ᠶᠢ ᠪᠦᠬᠦᠨ ᠢ | ᠬᠠᠮᠤᠷᠪᠠ᠃ ᠰᠢᠶᠠᠨ ᠤ ᠬᠡᠪᠴᠢᠶᠡᠨ ᠳᠠᠬᠢ ᠨᠥᠬᠦᠴᠡᠯ ᠳᠤ ᠨᠡᠶᠢᠴᠡᠬᠦ 17 ᠡᠮᠴᠢᠯᠡᠭᠡᠨ ᠤ ᠪᠠᠶᠢᠭᠤᠯᠤᠮᠵᠢ ᠶᠢ ᠣᠨᠳᠣᠣ | ᠭᠠᠵᠠᠷ ᠲᠤ ᠡᠮᠨᠡᠯᠭᠡ ᠳᠤ ᠰᠠᠭᠤᠬᠤ ᠰᠦᠯᠵᠢᠶ᠎ᠡ ᠶᠢᠨ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠶᠢᠨ | ᠬᠡᠪᠴᠢᠶᠡᠨ ᠳᠤ ᠤᠷᠤᠭᠤᠯᠪᠠ︔ ᠴᠤᠩᠬᠤᠪᠴᠢ ᠶᠢᠨ ᠦᠢᠯᠡᠴᠢᠯᠡᠭᠡᠨ ᠤ ᠶᠠᠰᠤ ᠴᠢᠨᠠᠷ ᠢ ᠴᠢᠩᠭ᠎ᠠ ᠠᠳᠬᠤᠵᠤ᠂ ︽ | ᠶᠡᠷᠦᠩᠬᠡᠢ ᠯᠠᠩᠭᠦᠢ ᠶᠢᠨ ᠳᠦᠷᠢᠮ︾ ᠢ ᠬᠡᠷᠡᠭᠵᠢᠭᠦᠯᠪᠡ᠃ ︽ ᠨᠢᠭᠡ ᠴᠤᠩᠬᠤᠪᠴᠢ ᠪᠠᠷ ᠭᠦᠢᠴᠡᠳᠬᠡᠬᠦ ᠂ ᠨᠢᠭᠡ | ᠤᠳᠠᠭ᠎ᠠ ᠳᠤ ᠮᠡᠳᠡᠭᠳᠡᠬᠦ ᠂ ᠤᠴᠢᠷ ᠶᠠᠪᠤᠳᠠᠯ ᠭᠦᠢᠴᠡᠳᠭᠡᠬᠦ ᠳᠤ ᠬᠠᠮᠤᠭ ᠤᠯᠠᠨ ᠳᠠᠭᠠᠨ ᠨᠢᠭᠡ ᠤᠳᠠᠭ᠎ᠠ ᠭᠦᠶᠦᠬᠦ ︾ | ᠶᠢ ᠪᠡᠶᠡᠯᠡᠭᠦᠯᠪᠡ︔ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠ ᠠᠵᠢᠯ ᠤᠨ ᠶᠠᠪᠤᠴᠠ ᠶᠢ ᠰᠢᠯᠢᠳᠡᠭᠵᠢᠭᠦᠯᠪᠡ᠃ | ᠳᠡᠭᠡᠳᠦ ᠱᠠᠲᠤᠨ ᠠᠴᠠ ᠳᠣᠷᠣᠭᠰᠢ ᠪᠠᠭᠤᠯᠭᠠᠭᠰᠠᠨ 28 ᠵᠦᠢᠯ ᠤᠨ ᠵᠦᠢᠯᠡᠰ ᠢ ᠵᠠᠯᠭᠠᠨ ᠨᠠᠶᠢᠳᠠᠪᠤᠷᠢᠵᠢᠭᠤᠯᠵᠤ᠂ | ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠠᠴᠠ 29 | ᠵᠦᠢᠯ ᠤᠨ ᠵᠣᠬᠢᠴᠠᠩᠭᠤᠢ ᠵᠦᠢᠯᠡᠰ ᠢ ᠲᠠᠨᠢᠵᠤ ᠠᠪᠤᠭᠠᠳ᠂ 17 ᠵᠦᠢᠯ ᠤᠨ ᠪᠠᠯᠭᠠᠰᠤᠨ ᠤ ᠲᠠᠰ ᠤᠨ ᠵᠦᠢᠯᠡᠰ ᠢ | ᠳᠣᠷᠣᠭᠰᠢ ᠪᠠᠭᠤᠯᠭᠠᠵᠤ᠂ 7 ᠵᠦᠢᠯ ᠤᠨ ᠭᠠᠴᠠᠭᠠᠨ ᠤ ᠲᠠᠰ ᠤᠨ ᠵᠦᠢᠯᠡᠰ ᠢ ᠳᠣᠷᠣᠭᠰᠢ ᠪᠠᠭᠤᠯᠭᠠᠪᠠ᠃ ︽ | ᠭᠤᠷᠪᠠ ᠶᠢ ᠪᠠᠭᠠᠰᠬᠠᠬᠤ︾ ᠪᠠᠷ ᠳᠠᠮᠵᠢᠭᠤᠯᠤᠨ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ | ᠦᠢᠯᠡᠴᠢᠯᠡᠭᠡ ᠶᠢ ᠰᠢᠯᠢᠳᠡᠭᠵᠢᠭᠦᠯᠵᠦ᠂ ᠡᠭᠦᠨ ᠳᠤ 4 ᠵᠦᠢᠯ ᠤᠨ ᠮᠠᠲ᠋ᠧᠷᠢᠶᠠᠯ ᠤᠨ ᠴᠢᠬᠤᠯᠠ ᠨᠥᠬᠦᠴᠡᠯ ᠢ | ᠴᠣᠮᠬᠠᠳᠬᠠᠨ᠂ ᠬᠡᠷᠡᠭ ᠭᠦᠢᠴᠡᠳᠬᠡᠬᠦ ᠵᠠᠩᠭᠢᠯᠠᠭ᠎ᠠ ᠶᠢᠨ ᠲᠤᠭ᠎ᠠ ᠶᠢ 27 ᠳᠥᠭᠦᠮᠴᠢᠯᠡᠵᠦ᠂ 252 ᠡᠳᠦᠷ ᠤᠨ | ᠬᠤᠭᠤᠴᠠᠭ᠎ᠠ ᠶᠢ ᠪᠠᠭᠠᠰᠬᠠᠨ ᠭᠦᠢᠴᠡᠳᠬᠡᠵᠦ᠂ ᠬᠠᠮᠤᠭ ᠤᠨ ᠶᠡᠭᠡ ᠬᠡᠮᠵᠢᠶ᠎ᠡ ᠪᠠᠷ ᠬᠤᠳᠠᠯᠳᠤᠭᠠᠴᠢᠨ ᠢ ᠬᠠᠷᠠᠭᠠᠯᠵᠠᠵᠤ | ᠠᠷᠠᠳ ᠲᠤ ᠲᠥᠬᠦᠮ ᠦᠵᠡᠭᠦᠯᠪᠡ︔ ᠦᠢᠯᠡᠴᠢᠯᠡᠭᠡᠨ ᠤ ᠶᠠᠰᠤ ᠴᠢᠨᠠᠷ ᠢ ᠲᠡᠭᠡᠭᠰᠢᠯᠡᠭᠦᠯᠪᠡ᠃ ︽ ᠦᠬᠡᠨᠴᠡ ᠲᠤᠷᠤᠢ | ᠠᠯᠵᠠᠭᠤ ᠬᠤᠶᠢᠷᠭᠤ ᠰᠤᠯᠠ ᠵᠠᠳᠠᠭᠠᠢ ᠤᠳᠠᠭᠠᠨ ᠳᠤᠷ᠎ᠠ ᠪᠠᠷ ᠪᠠᠶᠢᠬᠤ︾ ᠲᠤᠰᠬᠠᠢ ᠵᠠᠰᠠᠯᠲᠠ ᠶᠢ ᠭᠦᠨᠵᠡᠭᠡᠢ | ᠦᠷᠨᠢᠭᠦᠯᠪᠡ︔ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠶᠢ ᠪᠦᠬᠦ | ᠬᠦᠴᠦᠨ ᠢᠶᠠᠷ ᠪᠠᠶᠢᠭᠤᠯᠪᠠ᠃ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠣᠭᠤᠷᠢᠭ︾ ᠢ ᠪᠠᠶᠢᠭᠤᠯᠵᠤ᠂ ᠪᠥᠬᠦ ᠰᠢᠶᠠᠨ ᠤ 13 ᠦᠨᠳᠦᠰᠦᠨ ᠱᠠᠲᠤᠨ ᠤ ᠡᠮ | ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ᠂ 227 ᠦᠨᠳᠦᠰᠦᠨ ᠱᠠᠲᠤᠨ ᠤ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠴᠡᠭ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠᠲᠤ ᠡᠭᠦᠷᠭᠡ ᠶᠢ ᠪᠡᠶᠡᠯᠡᠭᠦᠯᠵᠦ | ᠂ ᠪᠠᠯᠭᠠᠰᠤ ᠲᠠᠯᠠᠪᠠᠶ᠂ ᠵᠡᠭᠡᠯᠢ ᠭᠤᠳᠤᠮᠵᠢ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠢ ᠪᠦᠬᠦᠨ ᠢ ᠬᠠᠮᠤᠷᠬᠤ ᠶᠢ | ᠪᠡᠶᠡᠯᠡᠭᠦᠯᠪᠡ︔ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠭᠤᠷᠢᠨ | ᠭᠠᠵᠠᠷ ᠢ ᠢᠳᠡᠪᠬᠢᠳᠡᠢ ᠪᠠᠷ ᠪᠠᠶᠢᠭᠤᠯᠪᠠ︔ ᠪᠠᠯᠭᠠᠰᠤ ᠲᠠᠯᠠᠪᠠᠶ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ᠂ | ᠰᠠᠭᠤᠭᠠᠯᠢ ᠠᠷᠠᠳ ᠤᠨ ᠲᠣᠭᠤᠷᠢᠭ᠂ ᠡᠪᠡᠳᠴᠢᠲᠡᠨ ᠤ ᠭᠡᠷ ᠪᠦᠯᠢ᠂ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ᠂ | ᠲᠣᠭᠲᠠᠭᠰᠠᠨ ᠴᠡᠭ ᠤᠨ ᠡᠮ ᠤᠨ ᠳᠡᠯᠭᠡᠭᠦᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠭᠦᠨᠵᠡᠭᠡᠶᠢᠷᠡᠨ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ | ᠡᠷᠦᠬᠡ ᠪᠣᠯᠭᠠᠨ ᠳᠤ ᠮᠡᠳᠡᠭᠦᠯᠪᠡ᠃ | ᠰᠢᠶᠠᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠲᠤᠤ ᠺᠦᠨ ᠠᠮᠠᠯᠠᠯᠲᠠ ᠪᠠᠨ | ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠮᠡᠳᠡᠭᠳᠡᠵᠦ᠂ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠡᠮᠴᠢᠯᠡᠭᠡ ᠪᠠ ᠨᠠᠰᠤᠵᠢᠯ ᠤᠨ ᠠᠰᠠᠷᠠᠮᠵᠢ ᠶᠢᠨ ᠤᠶᠠᠯᠳᠤᠯ ᠢ | ᠠᠬᠢᠭᠤᠯᠪᠠ᠃ ᠪᠥᠬᠦ ᠰᠢᠶᠠᠨ ᠤ 11 ᠬᠡᠪᠴᠢᠶᠡᠵᠢᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠴᠥᠮ | ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠵᠠᠭᠪᠤᠷ ᠢ ᠪᠡᠶᠡᠯᠡᠭᠦᠯᠪᠡ᠂ ᠡᠭᠦᠨ ᠳᠤ᠄ ᠥᠪᠡᠷ ᠤᠨ ᠡᠮᠨᠡᠯᠭᠡ ᠶᠢᠨ | ᠬᠤᠷᠢᠶ᠎ᠠ 3 ᠪᠠᠶᠢᠵᠤ᠂ ᠡᠮᠴᠢᠯᠡᠭᠡᠨ ᠤ ᠪᠠᠶᠢᠭᠤᠯᠤᠮᠵᠢ ᠶᠢ 3 ᠣᠷᠣᠭᠤᠯᠤᠨ ᠠᠪᠴᠢᠷᠠᠵᠤ᠂ 5 ᠡᠮᠴᠢᠯᠡᠭᠡᠨ ᠤ | ᠪᠠᠶᠢᠭᠤᠯᠤᠮᠵᠢ ᠲᠠᠢ ᠭᠡᠷ᠎ᠡ ᠲᠣᠭᠲᠠᠵᠤ᠂ ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠡᠵᠡᠯᠡᠬᠦ ᠬᠠᠷᠢᠴᠠᠯ ᠢ | 100% ᠪᠠᠷ ᠪᠦᠬᠦᠨ ᠢ ᠬᠠᠮᠤᠷᠬᠤ ᠬᠠᠷᠠᠯᠲᠠ ᠶᠢ ᠪᠡᠶᠡᠯᠡᠭᠦᠯᠪᠡ︔ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠢ ᠵᠦᠢ | ᠵᠣᠬᠢᠰᠲᠠᠢ ᠲᠥᠯᠥᠪᠵᠢᠭᠦᠯᠵᠦ ᠂ ᠬᠤᠳᠠ ᠬᠥᠳᠡᠭᠡ ᠶᠢᠨ ᠬᠠᠩᠭᠠᠯᠭ᠎ᠠ ᠶᠢᠨ ᠬᠤᠪᠢᠶᠠᠷᠢᠯᠠᠯᠲᠠ ᠶᠢ ᠲᠡᠩᠴᠡᠭᠦᠷᠢᠰᠢᠭᠦᠯᠪᠡ᠃ | ᠬᠤᠲᠠ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠷᠬᠦᠴᠡ ᠶᠢᠨ | ᠨᠤᠷᠮ᠎ᠠ ᠶᠢ 100% ᠳᠤ ᠬᠦᠷᠦᠭᠦᠯᠪᠡ︔ ᠨᠠᠰᠤᠵᠢᠯ ᠤᠨ ᠦᠢᠯᠡᠴᠢᠯᠡᠭᠡᠨ ᠤ ᠲᠤᠰᠬᠠᠢ ᠮᠡᠷᠭᠡᠵᠢᠯ ᠤᠨ | ᠴᠢᠳᠠᠪᠤᠷᠢᠲᠠᠨ ᠢ ᠬᠥᠮᠥᠵᠢᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠠᠰᠤᠵᠢᠯ ᠤᠨ ᠦᠢᠯᠡᠴᠢᠯᠡᠭᠡᠨ ᠤ | ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠦᠨ ᠪᠣᠯᠪᠠᠰᠤᠷᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠪᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠢ ᠳᠡᠭᠡᠭᠰᠢᠯᠡᠭᠦᠯᠬᠦ | ᠠᠵᠢᠯᠯᠠᠭ᠎ᠠ ᠶᠢᠨ ᠪᠣᠯᠪᠠᠰᠤᠷᠠᠯ ᠤᠨ ᠠᠩᠭᠢ ᠶᠢ 2 ᠬᠤᠭᠤᠴᠠᠭ᠎ᠠ ᠡᠷᠭᠢᠯᠡᠵᠦ᠂ ᠪᠥᠬᠦ ᠰᠢᠶᠠᠨ ᠤ ᠰᠤᠪᠢᠯᠠᠭᠴᠢ ᠶᠢᠨ | ᠪᠣᠯᠪᠠᠰᠤᠷᠠᠯ ᠢ 110 ᠬᠥᠮᠥᠨ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ 110% ᠳᠤ ᠬᠥᠷᠪᠡ︔ ᠲᠦᠩᠯᠢᠶᠣᠣ | ᠬᠤᠲᠠ ᠶᠢᠨ ᠣᠶᠤᠨᠲᠤ ᠨᠠᠰᠤᠵᠢᠯ ᠤᠨ ᠦᠢᠯᠡᠴᠢᠯᠡᠭᠡᠨ ᠤ ᠲᠠᠪᠴᠠᠩ ᠤᠨ ᠨᠠᠰᠤᠲᠠᠶᠢᠴᠤᠳ ᠤᠨ ᠮᠡᠳᠡᠭᠡ ᠵᠠᠩᠭᠢ ᠶᠢ | ᠲᠠᠩᠰᠠ ᠡᠪᠬᠡᠮᠡᠯ ᠳᠤ ᠣᠷᠣᠭᠤᠯᠬᠤ ᠶᠢ ᠴᠢᠩᠭᠠᠳᠬᠠᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ | ᠵᠣᠯᠭᠠᠭᠤᠯᠬᠤ ᠶᠢ ᠪᠡᠶᠡᠯᠡᠭᠦᠯᠦᠨ᠂ ᠲᠣᠣᠷ ᠰᠦᠯᠵᠢᠶ᠎ᠡ ᠪᠦᠷᠢᠨ ᠲᠡᠭᠦᠯᠳᠡᠷ᠂ ᠦᠢᠯᠡᠴᠢᠯᠡᠭᠡ ᠣᠯᠠᠨ ᠡᠰᠢᠵᠢᠭᠰᠡᠨ᠂ | ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ | ᠦᠢᠯᠡᠴᠢᠯᠡᠭᠡᠨ ᠤ ᠪᠠᠶᠢᠷᠢᠰᠢᠯ ᠢ ᠪᠣᠶ ᠪᠣᠯᠭᠠᠪᠠ᠃ ︵ᠵᠠᠩ ᠮᠧᠶ ᠨᠠ᠂ ᠶᠠᠩ ᠵᠢᠩ ᠰᠢᠨ᠂ ᠪᠢ ᠯᠧ ᠲᠤᠸ︶ | | | | | |