ᠥᠪᠥᠷ ᠮᠣᠩᠭᠤᠯ ᠤᠨ 2023 ᠣᠨ ᠤ ᠳᠡᠳᠬᠦᠨ ᠳᠤᠰᠠᠯᠠᠬᠤ ᠲᠥᠷᠥ ᠶᠢᠨ ᠪᠣᠳᠣᠯᠭ᠎ᠠ ︵ᠬᠤᠶᠠᠷ︶
ᠨᠡᠶᠢᠲᠡᠯᠡᠭᠰᠡᠨ ᠴᠠᠭ᠄
2023/7/20
      ︽ ᠨᠢᠭᠡ ᠰᠣᠷᠣᠭᠴᠢ ᠶᠢ ᠴᠤ ᠬᠡᠷ ᠤᠨ ᠠᠮᠢᠳᠤᠷᠠᠯ ᠨᠢ ᠬᠦᠴᠢᠷᠳᠡᠯᠲᠡᠶ ᠠᠴᠠ ᠪᠣᠯᠵᠣ ᠰᠤᠷᠤᠯᠭ᠎ᠠ ᠠᠯᠳᠠᠭᠤᠯᠬᠤ ᠥᠬᠡᠶ ︾ ᠪᠣᠯ ᠨᠠᠮ ᠪᠠ ᠵᠠᠰᠠᠭ ᠤᠨ ᠣᠷᠳᠣᠨ ᠤ ᠲᠥᠪ ᠴᠢᠩᠭ᠎ᠠ ᠠᠮᠠᠯᠠᠯᠲᠠ ᠮᠥᠨ ᠃ ᠬᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ  ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠦᠨᠡᠨ ᠬᠦ ᠪᠠᠲᠤᠯᠠᠵᠤ ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠶᠢᠨ ᠲᠥᠯᠦᠭᠡ ᠂ ᠡᠳᠦᠭᠡ 2023 ᠣᠨ ᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ ᠶᠢᠨ ᠰᠤᠷᠤᠭᠴᠢᠳ ᠢ ᠳᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠳᠤᠤᠷᠠᠬᠢ ᠮᠡᠲᠦ ᠡᠮᠬᠢᠯᠡᠪᠡ ᠄       ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠳᠡᠳᠬᠦᠨ ᠲᠤᠰᠠᠯᠠᠮᠵᠢ            ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠵᠦ ᠂ ᠬᠢᠴᠢᠶᠡᠯ ᠤᠨ ᠪᠢᠴᠢᠭ  ᠢ ᠲᠥᠯᠥᠪᠦᠷᠢ ᠦᠭᠡᠶ ᠬᠠᠩᠭᠠᠨ᠎ᠠ       ᠡᠲᠡᠭᠡᠳ ᠄ ᠵᠢᠩᠬᠢᠨᠢ ᠪᠠᠷ ᠳᠠᠩᠰᠠᠯᠠᠭᠤᠯᠤᠭᠰᠠᠨ ᠪᠣᠶ ᠪᠥᠬᠦᠶ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ ᠃       ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ ᠄ ᠰᠤᠷᠤᠭᠴᠢ ᠪᠦᠷᠢ ᠳᠤ ᠵᠢᠯ ᠳᠤ 2000 ᠲᠥᠭᠦᠷᠢᠭ ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠤ ᠪᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ  ᠳᠤ ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠨᠥᠬᠦᠴᠡᠯ ᠳᠤ ᠨᠡᠶᠢᠴᠡᠬᠦ ᠰᠤᠷᠦᠭ᠌ᠴᠢ ᠶᠢ ᠥᠪᠡᠷᠲᠡᠭᠡᠨ ᠵᠠᠰᠠᠬᠤ ᠣᠷᠣᠨ  ᠠᠴᠠ ᠠᠳᠠᠯᠢ ᠪᠠᠷᠢᠮᠵᠢᠶ᠎ᠠ ᠪᠠᠷ ᠳᠡᠳᠬᠦᠨ ᠳᠤᠰᠠᠯᠠᠨ᠎ᠠ ᠂ ᠰᠤᠷᠤᠯᠭ᠎ᠠ ᠶᠢᠨ ᠰᠤᠯᠠ ᠵᠠᠷᠤᠳᠠᠯ ᠤᠨ ᠬᠤᠷᠢᠶᠠᠬᠤ ᠰᠦᠢᠳᠬᠡᠯ  ᠨᠢ ᠲᠤᠰᠠᠯᠠᠮᠵᠢ  ᠶᠢᠨ ᠪᠠᠷᠢᠮᠵᠢᠶ᠎ᠠ  ᠠᠴᠠ ᠥᠨᠳᠥᠷ ᠪᠣᠯ ᠰᠤᠷᠭᠠᠭᠤᠯᠢ ᠨᠢ ᠲᠣᠭᠲᠠᠭᠠᠯ ᠶᠣᠰᠤ  ᠪᠠᠷ ᠰᠤᠷᠤᠭᠴᠢᠳ  ᠠᠴᠠ ᠵᠥᠷᠢᠶ᠎ᠡ ᠲᠤᠭ᠎ᠠ  ᠶᠢ ᠦᠷᠭᠦᠯᠵᠢᠯᠡᠨ ᠬᠤᠷᠢᠶᠠᠵᠤ ᠪᠣᠯᠤᠨ᠎ᠠ ᠃       ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ       ᠡᠲᠡᠭᠡᠳ ᠄ ᠵᠢᠩᠬᠢᠨᠢ ᠪᠠᠷ ᠳᠠᠩᠰᠠᠯᠠᠭᠤᠯᠤᠭᠰᠠᠨ ᠰᠤᠷᠭᠠᠭᠤᠯᠢ ᠶᠢᠨ ᠬᠠᠷᠢᠶᠠᠯᠠᠯ ᠲᠠᠢ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠳᠣᠲᠣᠷᠠᠬᠢ ᠭᠡᠷ  ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢ ᠃        ᠪᠠᠷᠢᠮᠵᠢᠶ᠎ᠠ ᠄ ᠰᠤᠷᠤᠭᠴᠢ ᠪᠦᠷᠢ ᠳᠤ ᠳᠤᠮᠳᠠᠴᠢ ᠪᠠᠷ ᠵᠢᠯ ᠪᠦᠷᠢ 2000 ᠲᠥᠭᠦᠷᠢᠭ ᠂ ᠪᠣᠳᠠᠲᠠᠶ ᠪᠠᠷᠢᠮᠵᠢᠶ᠎ᠠ  ᠶᠢ ᠡᠯ᠎ᠡ ᠭᠠᠵᠠᠷ ᠤᠨ ᠪᠣᠳᠠᠲᠤ ᠪᠠᠶᠢᠳᠠᠯ  ᠲᠠᠢ  ᠪᠠᠨ ᠤᠶᠠᠯᠳᠤᠭᠤᠯᠤᠨ 1000 - 3000 ᠲᠥᠭᠦᠷᠢᠭ  ᠤᠨ ᠬᠡᠪᠴᠢᠶᠡᠨ ᠳᠣᠲᠣᠷ᠎ᠠ ᠲᠣᠭᠲᠠᠭᠠᠵᠤ ᠂ 2 - 3 ᠳᠡᠰ ᠬᠤᠪᠢᠶᠠᠵᠤ ᠪᠣᠯᠤᠨ᠎ᠠ ᠃       ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠡᠳᠬᠦᠨ ᠲᠤᠰᠠᠯᠠᠮᠵᠢ        ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ  ᠶᠢᠨ ᠰᠦᠢᠳᠬᠡᠯ  ᠢ ᠬᠡᠯᠲᠦᠷᠢᠭᠦᠯᠵᠦ ᠂ ᠬᠢᠴᠢᠶᠡᠯ  ᠤᠨ ᠪᠢᠴᠢᠭ  ᠢ ᠲᠦᠯᠦᠪᠦᠷᠢ ᠦᠭᠡᠶ ᠬᠠᠩᠭᠠᠨ᠎ᠠ       ᠡᠲᠡᠭᠡᠳ ᠄ ᠪᠣᠶ ᠪᠥᠬᠦᠶ ᠳᠤᠮᠳᠠ ᠵᠡᠷᠭᠡ  ᠶᠢᠨ ᠠᠵᠢᠯ ᠮᠡᠷᠭᠡᠵᠢᠯ  ᠤᠨ ᠰᠤᠷᠭᠠᠭᠤᠯᠢ ︵ ᠮᠡᠷᠭᠡᠵᠢᠯ  ᠤᠨ ᠠᠵᠢᠯᠴᠢᠨ  ᠤ ᠰᠤᠷᠭᠠᠭᠤᠯᠢ  ᠶᠢ ᠪᠠᠭᠲᠠᠭᠠᠨ᠎ᠠ ᠂ ᠳᠣᠷᠣᠭᠰᠢ ᠠᠳᠠᠯᠢ ︶ ᠶᠢᠨ ᠪᠦᠬᠦᠯᠢ ᠡᠳᠦᠷ ᠤᠨ ᠳᠦᠷᠢᠮᠲᠦ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠰᠣᠷᠣᠭᠴᠢ ᠃       ᠰᠤᠷᠤᠯᠭ᠎ᠠ ᠶᠢᠨ ᠰᠦᠢᠳᠬᠡᠯ  ᠢ ᠬᠡᠯᠲᠦᠷᠢᠭᠦᠯᠬᠦ ᠪᠠᠷᠢᠮᠵᠢᠶ᠎ᠠ ᠄ ᠰᠤᠷᠤᠭᠴᠢ ᠪᠦᠷᠢ ᠳᠤ ᠵᠢᠯ ᠳᠤ 2000 ᠲᠥᠭᠦᠷᠢᠭ ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ  ᠤ ᠰᠠᠯᠠᠭ᠎ᠠ ᠮᠥᠴᠢᠷ  ᠢᠶᠠᠷ ᠬᠠᠤᠯᠢ ᠶᠣᠰᠤ  ᠪᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠪᠣᠯᠤᠨ ᠬᠥᠮᠦᠨ  ᠤ ᠬᠦᠴᠦᠨ  ᠤ ᠡᠬᠢ ᠪᠠᠶᠠᠯᠢᠭ ᠪᠠ ᠨᠡᠶᠢᠭᠡᠮ  ᠤᠨ ᠪᠠᠲᠤᠯᠠᠭ᠎ᠠ  ᠶᠢᠨ ᠵᠠᠰᠠᠭ ᠵᠠᠬᠢᠷᠭᠠᠨ  ᠤ ᠰᠠᠯᠠᠭ᠎ᠠ ᠮᠥᠴᠢᠷ ᠢᠶᠠᠷ ᠬᠠᠤᠯᠢ ᠶᠣᠰᠤ  ᠪᠠᠷ ᠵᠥᠪᠰᠢᠶᠡᠷᠡᠭᠦᠯᠦᠭᠰᠡᠨ ᠠᠷᠠᠳ ᠠᠴᠠ ᠡᠷᠬᠢᠯᠡᠭᠰᠡᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠳᠤ ᠰᠤᠷᠤᠯᠴᠠᠭᠰᠠᠨ ᠰᠤᠷᠤᠯᠭ᠎ᠠ  ᠶᠢᠨ ᠰᠦᠢᠳᠬᠡᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠨᠥᠬᠦᠴᠡᠯ  ᠳᠤ ᠨᠡᠶᠢᠴᠡᠬᠦ ᠰᠤᠷᠤᠭᠴᠢ ᠶᠢ ᠥᠪᠡᠷᠲᠡᠭᠡᠨ ᠵᠠᠰᠠᠬᠤ ᠣᠷᠣᠨ  ᠠᠴᠠ ᠠᠳᠠᠯᠢ ᠪᠠᠷᠢᠮᠵᠢᠶ᠎ᠠ  ᠪᠠᠷ ᠳᠡᠳᠬᠦᠨ ᠳᠤᠰᠠᠯᠠᠨ᠎ᠠ ᠂ ᠰᠤᠷᠤᠯᠭ᠎ᠠ ᠶᠢᠨ ᠰᠦᠢᠳᠬᠡᠯ ᠨᠢ ᠲᠤᠰᠠᠯᠠᠮᠵᠢ ᠶᠢᠨ ᠪᠠᠷᠢᠮᠵᠢᠶ᠎ᠠ ᠠᠴᠠ ᠥᠨᠳᠥᠷ ᠪᠣᠯ ᠰᠤᠷᠭᠠᠭᠤᠯᠢ ᠨᠢ ᠲᠣᠭᠲᠠᠭᠠᠯ ᠶᠣᠰᠤ ᠪᠠᠷ ᠰᠤᠷᠤᠭᠴᠢᠳ ᠠᠴᠠ ᠵᠥᠷᠢᠶ᠎ᠡ ᠲᠤᠭ᠎ᠠ ᠶᠢ ᠦᠷᠭᠦᠯᠵᠢᠯᠡᠨ ᠬᠤᠷᠢᠶᠠᠵᠤ ᠪᠣᠯᠤᠨ᠎ᠠ ᠃ ᠳᠤᠮᠳᠠ ᠵᠡᠷᠭᠡ  ᠶᠢᠨ ᠠᠵᠢᠯ ᠮᠡᠷᠭᠡᠵᠢᠯ  ᠤᠨ ᠰᠤᠷᠭᠠᠭᠤᠯᠢ  ᠶᠢᠨ ᠣᠨᠴᠠᠭᠠᠢ ᠲᠥᠷᠥᠯ ᠤᠨ ᠲᠤᠰᠬᠠᠶ ᠮᠡᠷᠭᠡᠵᠢᠯ  ᠤᠨ ᠰᠤᠷᠤᠭᠴᠢ  ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ  ᠠᠴᠠ ᠥᠨᠳᠥᠷ ᠪᠠᠶᠢᠬᠤ ᠬᠡᠰᠡᠭ ᠢ ᠬᠤᠪᠢ ᠬᠥᠮᠦᠨ ᠡᠭᠦᠷᠭᠡᠯᠡᠨ᠎ᠡ ᠃       ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ  ᠤᠨ ᠤᠯᠤᠰ  ᠤᠨ ᠰᠤᠷᠤᠯᠭ᠎ᠠ ᠶᠢᠨ ᠱᠠᠩᠨᠠᠯ ᠤᠨ ᠮᠥᠩᠭᠦ       ᠡᠲᠡᠭᠡᠳ ᠄ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ  ᠤᠨ ᠳᠦᠷᠢᠮᠲᠦ ᠬᠤᠶᠠᠳᠤᠭᠠᠷ ᠣᠨ ᠵᠢᠴᠢ ᠲᠡᠭᠦᠨ ᠠᠴᠠ ᠳᠡᠭᠡᠭᠰᠢᠬᠢ ᠰᠤᠷᠤᠭᠴᠢᠳ  ᠤᠨ ᠳᠣᠲᠣᠷ᠎ᠠ ᠂ ᠰᠤᠷᠤᠯᠭ᠎ᠠ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠳᠤ ᠠᠳᠠᠯᠢ ᠣᠨ ᠤ ᠠᠳᠠᠯᠢ ᠲᠤᠰᠬᠠᠶ ᠮᠡᠷᠭᠡᠵᠢᠯ ᠤᠨ ᠡᠮᠦᠨ᠎ᠡ 5 % ︵ 5 % ᠶᠢ ᠪᠠᠭᠲᠠᠭᠠᠨ᠎ᠠ ︶  ᠳᠤ ᠣᠷᠣᠭᠰᠠᠨ ᠰᠤᠷᠤᠭᠴᠢ ᠪᠣᠯᠤᠨ ᠰᠤᠷᠤᠯᠭ᠎ᠠ ᠶᠢᠨ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠳᠤ ᠠᠳᠠᠯᠢ ᠣᠨ ᠤ ᠠᠳᠠᠯᠢ ᠲᠤᠰᠬᠠᠶ ᠮᠡᠷᠭᠡᠵᠢᠯ ᠤᠨ ᠨᠡᠷᠡᠰ ᠤᠨ ᠵᠢᠭᠰᠠᠭᠠᠯᠲᠠ ᠳᠤ 5 % ᠳᠤ ᠣᠷᠣᠭᠰᠠᠨ ᠥᠬᠡᠶ ᠪᠣᠯᠪᠠᠴᠤ ᠡᠮᠦᠨᠡᠬᠢ 30 % ︵ 30 % ᠶᠢ ᠪᠠᠭᠲᠠᠭᠠᠨ᠎ᠠ ︶ ᠳᠤ ᠣᠷᠣᠭᠰᠠᠨ ᠮᠥᠷᠲᠡᠭᠡᠨ ᠶᠣᠰᠣ ᠮᠣᠷᠠᠯ ᠬᠡᠪ ᠰᠤᠷᠲᠠᠯ ᠂ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠂ ᠨᠡᠶᠢᠭᠡᠮ  ᠤᠨ ᠦᠢᠯᠡᠳᠦᠯᠭᠡ ᠂ ᠰᠢᠨ᠎ᠡ  ᠶᠢ ᠡᠭᠦᠳᠬᠦ ᠴᠢᠳᠠᠪᠤᠷᠢ ᠂ ᠶᠡᠷᠦᠩᠬᠡᠶᠢᠯᠡᠭᠰᠡᠨ ᠬᠡᠪ ᠴᠢᠨᠠᠷ ᠵᠡᠷᠭᠡ ᠲᠠᠯ᠎ᠠ ᠪᠠᠷ ᠣᠨᠴᠠᠭᠠᠢ ᠲᠣᠪᠤᠶᠢᠮ᠎ᠠ ᠢᠯᠡᠷᠡᠯ ᠲᠠᠢ ᠰᠤᠷᠤᠭᠴᠢ ᠃       ᠪᠠᠷᠢᠮᠵᠢᠶ᠎ᠠ ᠄ ᠰᠤᠷᠤᠭᠴᠢ ᠪᠦᠷᠢ ᠵᠢᠯ ᠳᠤ 6000 ᠲᠥᠭᠦᠷᠢᠭ ᠃       ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ  ᠶᠢᠨ ᠲᠡᠳᠬᠦᠮᠵᠢ ᠶᠢᠨ ᠮᠥᠩᠭᠦ       ᠡᠲᠡᠭᠡᠳ ᠄ ᠳᠤᠮᠳᠠ ᠵᠡᠷᠭᠡ  ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡ ᠬᠤᠶᠠᠳᠤᠭᠠᠷ ᠣᠨ  ᠤ ᠪᠣᠶ ᠪᠥᠬᠦᠶ ᠮᠠᠯᠵᠢᠬᠤ ᠲᠠᠷᠢᠶᠠᠯᠠᠬᠤ ᠣᠷᠣᠨ ︵ᠰᠢᠶᠠᠨ ᠪᠠᠯᠭᠠᠰᠤ ᠶᠢ ᠪᠠᠭᠲᠠᠭᠠᠨ᠎ᠠ ︶  ᠤ ᠰᠤᠷᠭᠠᠭᠤᠯᠢ  ᠳᠤ ᠪᠠᠶᠢᠭ᠎ᠠ ᠰᠣᠷᠣᠭᠴᠢ ᠵᠢᠴᠢ ᠬᠤᠲᠠ  ᠶᠢᠨ ᠲᠠᠷᠢᠶᠠᠯᠠᠩ  ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠰᠣᠷᠣᠭᠴᠢ ᠪᠠ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠪᠤᠰᠤ ᠬᠡᠷ ᠤᠨ ᠠᠮᠢᠳᠤᠷᠠᠯ  ᠨᠢ ᠬᠦᠴᠢᠷᠳᠡᠯᠲᠡᠶ ᠰᠣᠷᠣᠭᠴᠢ ᠃       ᠪᠠᠷᠢᠮᠵᠢᠶ᠎ᠠ ᠄ ᠪᠦᠬᠦᠯᠢ ᠡᠳᠦᠷ ᠤᠨ ᠳᠦᠷᠢᠮᠲᠦ ᠰᠤᠷᠤᠯᠭ᠎ᠠ  ᠶᠢᠨ ᠨᠠᠮᠲᠠᠷ ᠤᠨ ᠰᠤᠷᠭᠠᠨ ᠬᠥᠮᠦᠵᠢᠯ  ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡ ᠬᠤᠶᠠᠳᠤᠭᠠᠷ ᠣᠨ ᠤ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠪᠣᠯᠤᠨ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠪᠤᠰᠤ ᠭᠡᠷ  ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢ ᠵᠢᠴᠢ ᠶᠡᠭᠡ ᠬᠢᠩᠭᠠᠨ ᠳᠠᠪᠠᠭᠠᠨ ᠤ ᠡᠮᠦᠨ᠎ᠡ ᠬᠤᠷᠮᠣᠶ ᠶᠢᠨ ᠠᠭᠤᠯᠠᠷᠬᠠᠭ ᠣᠷᠣᠨ ︵ᠷᠠᠰᠢᠶᠠᠨ ᠬᠤᠲᠠ ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠂ ᠵᠠᠯᠠᠶᠢᠳ ᠬᠤᠰᠢᠭᠤ ᠂ ᠲᠦᠴᠢᠦᠸᠠᠨ ᠰᠢᠶᠠᠨ ︶ ᠂ ᠶᠠᠨ ᠱᠠᠨ — ᠲᠠᠢ ᠬᠠᠩ ᠱᠠᠨ ᠠᠭᠤᠯᠠᠷᠬᠠᠭ ᠣᠷᠣᠨ ︵ ᠬᠤᠸᠠᠳᠧ ᠰᠢᠶᠠᠨ ᠂ ᠱᠠᠩᠳᠤ ᠰᠢᠶᠠᠨ ᠂ ᠰᠢᠩ ᠾᠧ ᠰᠢᠶᠠᠨ ︶  ᠤ ᠮᠠᠯᠵᠢᠬᠤ ᠲᠠᠷᠢᠶᠠᠯᠠᠬᠤ ᠣᠷᠣᠨ ︵ᠰᠢᠶᠠᠨ ᠤ ᠬᠤᠲᠠ ᠶᠢ ᠪᠠᠭᠲᠠᠭᠠᠬᠤ ᠦᠭᠡᠶ ︶  ᠤ ᠰᠤᠷᠤᠭᠴᠢ ᠪᠦᠷᠢ  ᠳᠤ ᠵᠢᠯ ᠳᠤ 2000 ᠲᠥᠭᠦᠷᠢᠭ ᠂ ᠪᠤᠰᠤᠳ ᠰᠤᠷᠤᠭᠴᠢ ᠪᠦᠷᠢ  ᠳᠤ ᠵᠢᠯ ᠳᠤ 1500 ᠲᠥᠭᠦᠷᠢᠭ ᠃       ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠬᠤ ᠰᠤᠷᠤᠭᠴᠢ ᠶᠢᠨ ᠪᠠᠶᠢᠷᠢ ᠶᠢᠨ ᠰᠦᠢᠳᠭᠡᠯ ᠤᠨ ᠳᠤᠰᠠᠯᠠᠮᠵᠢ       ᠡᠲᠡᠭᠡᠳ ᠄ ᠳᠤᠮᠳᠠ ᠵᠡᠷᠭᠡ  ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶᠠᠯᠠᠯ ᠲᠠᠢ ᠨᠢᠭᠡ ᠬᠤᠶᠠᠷ ᠭᠤᠷᠪᠠᠳᠤᠭᠠᠷ ᠣᠨ  ᠤ ᠪᠠᠶᠢᠷᠢ  ᠳᠤ ᠰᠠᠭᠤᠬᠤ ᠰᠣᠷᠣᠭᠴᠢ ︵ ᠠᠵᠢᠯᠯᠠᠵᠤ ᠰᠤᠷᠤᠯᠴᠠᠬᠤ ᠶᠢ ᠡᠭᠡᠯᠵᠢᠯᠡᠭᠦᠯᠬᠦ ᠶᠢ ᠬᠡᠷᠡᠭᠵᠢᠭᠦᠯᠵᠦ ᠪᠠᠶᠢᠭ᠎ᠠ ᠰᠣᠷᠣᠭᠴᠢ ᠶᠢ ᠪᠠᠭᠲᠠᠭᠠᠬᠤ ᠥᠬᠡᠶ ︶ ᠃       ᠪᠠᠷᠢᠮᠵᠢᠶ᠎ᠠ ᠄ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠤᠮᠳᠠ ᠵᠡᠷᠭᠡ ᠶᠢᠨ ᠲᠤᠰᠬᠠᠶ ᠮᠡᠷᠭᠡᠵᠢᠯ  ᠤᠨ ᠠᠩᠭᠢ ᠶᠢᠨ ᠪᠠᠶᠢᠷᠢ ᠳᠤ ᠰᠠᠭᠤᠭ᠎ᠠ ᠰᠤᠷᠤᠭᠴᠢ ᠪᠦᠷᠢ ᠵᠢᠯ ᠳᠤ 800 ᠲᠥᠭᠦᠷᠢᠭ ︔ ᠳᠤᠮᠳᠠ ᠵᠡᠷᠭᠡ ᠶᠢᠨ ᠠᠵᠢᠯ ᠮᠡᠷᠭᠡᠵᠢᠯ  ᠤᠨ ᠰᠤᠷᠭᠠᠭᠤᠯᠢ ᠶᠢᠨ ᠪᠠᠶᠢᠷᠢ ᠳᠤ ᠰᠠᠭᠤᠭ᠎ᠠ ᠰᠤᠷᠤᠭᠴᠢ ᠪᠦᠷᠢ ᠵᠢᠯ ᠳᠤ 500 ᠲᠥᠭᠦᠷᠢᠭ ᠃  
 
ᠢᠷᠡᠯᠲᠡ᠄ ᠰᠤᠷᠭᠠᠨ ᠬᠥᠮᠥᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号