ᠯᠢᠦ ᠶᠠᠩ ᠳᠣᠭᠤᠶᠢᠯᠠᠩ ᠳᠠᠭᠠᠭᠤᠯᠤᠨ ᠨᠠᠨᠵᠢᠩ ᠤᠨ ᠬᠤᠸᠠ ᠸᠧᠢ ᠳᠤ ᠬᠦᠷᠴᠦ ᠡᠮ ᠡᠮᠨᠡᠯᠭᠡ ᠶᠢᠨ ᠪᠠᠶᠢᠴᠠᠭᠠᠯᠲᠠ ᠬᠢᠵᠦ ᠬᠤᠳᠠᠯᠳᠤᠭᠠᠴᠢᠨ ᠤᠷᠢᠪᠠ
ᠨᠡᠶᠢᠲᠡᠯᠡᠭᠰᠡᠨ ᠴᠠᠭ᠄
2023/7/24
      7 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢᠦ ᠶᠠᠩ ᠳᠣᠭᠤᠶᠢᠯᠠᠩ ᠳᠠᠭᠠᠭᠤᠯᠤᠨ ᠨᠠᠨᠵᠢᠩ ᠤᠨ ᠬᠤᠸᠠ ᠸᠧᠢ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠪᠠᠶᠢᠴᠠᠭᠠᠨ ᠦᠵᠡᠵᠦ ᠬᠤᠳᠠᠯᠳᠤᠭᠠᠴᠢᠨ ᠤᠷᠢᠪᠠ᠃ ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠠᠵᠢᠯ ᠢ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠪᠠ᠃ 
图片9.jpg
      ᠯᠢᠦ ᠶᠠᠩ ᠨᠠᠷ ᠬᠤᠸᠠ ᠸᠧᠢ ᠶᠢᠨ ᠡᠮ ᠡᠮᠨᠡᠯᠭᠡ ᠶᠢᠨ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠂ ᠨᠡᠶᠢᠯᠡᠮᠡᠯ ᠲᠤᠷᠰᠢᠯᠲᠠ ᠶᠢᠨ ᠲᠠᠰᠤᠭ ᠂ ᠠᠭᠤᠰᠬᠠᠨ ᠭᠠᠷᠭᠠᠬᠤ ᠲᠤᠷᠰᠢᠯᠲᠠ ᠶᠢᠨ ᠲᠠᠰᠤᠭ ᠵᠢᠴᠢ ᠳᠤᠮᠳᠠ ᠵᠡᠷᠭᠡ ᠶᠢᠨ ᠲᠤᠷᠰᠢᠯᠲᠠ ᠶᠢᠨ ᠲᠤᠷᠰᠢᠯᠲᠠ ᠶᠢᠨ ᠲᠠᠰᠤᠭ ᠢ ᠲᠣᠭᠤᠷᠢᠨ ᠦᠵᠡᠵᠦ ᠂ ᠠᠮᠢᠳᠤ ᠪᠣᠳᠠᠰ ᠤᠨ ᠡᠮ ᠡᠮᠨᠡᠯᠭᠡ ᠶᠢᠨ ᠡᠮ ᠤᠨ ᠵᠦᠢᠯᠡᠰ ᠢ ᠰᠤᠳᠤᠯᠤᠨ ᠨᠡᠭᠡᠭᠡᠬᠦ ᠂ ᠨᠡᠶᠢᠯᠡᠮᠡᠯ ᠪᠠᠶᠢᠴᠠᠭᠠᠨ ᠰᠢᠯᠭᠠᠬᠤ ᠂ ᠳᠤᠮᠳᠠ ᠵᠡᠷᠭᠡ ᠶᠢᠨ ᠲᠤᠷᠰᠢᠯᠲᠠ ᠶᠢᠨ ᠮᠡᠳᠡᠭᠦᠯᠦᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ 
图片10.jpg
      ᠶᠠᠷᠢᠯᠴᠠᠬᠤ ᠬᠤᠷᠠᠯ ᠳᠡᠭᠡᠷ᠎ᠡ ᠂ ᠬᠤᠶᠠᠷ ᠲᠠᠯ᠎ᠠ ᠪᠠᠷ ᠢᠶᠠᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠂ ᠰᠢᠨ᠎ᠡ ᠡᠮ ᠢ ᠰᠤᠳᠤᠯᠤᠨ ᠨᠡᠭᠡᠭᠡᠬᠦ ᠲᠤᠷᠰᠢᠯᠲᠠ ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ᠯᠢᠦ ᠶᠠᠩ ᠢᠯᠡᠷᠬᠡᠶᠢᠯᠡᠭᠰᠡᠨ ᠨᠢ ᠂ ᠺᠠᠶᠢᠯᠤ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠨᠡᠭᠡᠭᠡᠯᠲᠡ ᠶᠢᠨ ᠲᠣᠭᠤᠷᠢᠭ  ᠨᠢ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠠᠮᠢᠳᠤ ᠪᠣᠳᠠᠰ ᠤᠨ ᠡᠮ ᠡᠮᠨᠡᠯᠭᠡ ᠪᠠᠷ ᠨᠡᠷᠡᠶᠢᠳᠦᠭᠰᠡᠨ ᠮᠤᠵᠢ ᠶᠢᠨ ᠳᠡᠰ ᠤᠨ ᠨᠡᠭᠡᠭᠡᠯᠲᠡ ᠶᠢᠨ ᠲᠣᠭᠤᠷᠢᠭ ᠠᠵᠤ ᠦᠢᠯᠡᠰ ᠤᠨ ᠰᠠᠭᠤᠷᠢ ᠰᠠᠶᠢᠨ ᠂ ᠰᠠᠭᠤᠷᠢ ᠢᠵᠢ ᠪᠦᠷᠢᠳᠦᠭᠰᠡᠨ ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠰᠢᠯᠢᠳᠡᠭ ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠪᠣᠯᠣᠨ ᠬᠤᠸᠠ ᠸᠧᠢ ᠡᠮ ᠡᠮᠨᠡᠯᠭᠡ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ ᠂ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠬᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ ᠂ ᠬᠤᠶᠠᠷ ᠲᠠᠯ᠎ᠠ ᠶᠢᠨ ᠨᠢᠭᠲᠠ ᠬᠠᠮᠲᠤᠷᠠᠯᠴᠠᠭᠠᠨ ᠤ ᠬᠥᠭᠦᠷᠭᠡ ᠶᠢ ᠪᠠᠶᠢᠭᠤᠯᠵᠤ ᠂ ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠣᠨᠳᠣᠣᠰᠢᠭᠤᠯᠬᠤ ᠪᠠᠷ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠃ ᠬᠤᠸᠠ ᠸᠧᠢ ᠶᠢᠨ ᠡᠮ ᠡᠮᠨᠡᠯᠭᠡ ᠶᠢᠨ ᠲᠡᠷᠢᠭᠦᠨ ᠬᠡᠷᠡᠭ ᠶᠠᠪᠤᠳᠠᠯ ᠤᠨ ᠲᠤᠰᠢᠶᠠᠯᠲᠠᠨ ᠸᠠᠩ ᠯᠢ ᠮᠢᠨ ᠢᠯᠡᠷᠬᠡᠶᠢᠯᠡᠭᠰᠡᠨ ᠨᠢ ᠂ ᠺᠠᠶᠢᠯᠤ ᠰᠢᠶᠠᠨ ᠤ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠲᠥᠪᠯᠡᠷᠡᠭᠰᠡᠨ ᠬᠥᠭᠵᠢᠯᠲᠡ ᠶᠢᠨ ᠳᠠᠪᠠᠭᠤᠯᠢᠭ ᠮᠡᠳᠡᠭᠳᠡᠮ᠎ᠡ ᠪᠠᠶᠢᠵᠤ ᠂ ᠠᠵᠤ ᠠᠬᠤᠶᠢᠯᠠᠯ ᠤᠨ ᠪᠡᠯᠡ ᠣᠷᠣᠭᠤᠯᠤᠨ ᠦᠢᠯᠡᠰ ᠪᠣᠰᠬᠠᠬᠤ ᠶᠢᠨ ᠥᠩ ᠰᠢᠮᠡᠯᠢᠭ ᠬᠥᠷᠥᠰᠥ ᠰᠢᠷᠣᠢ ᠪᠣᠯᠣᠨ᠎ᠠ ᠂ ᠬᠤᠸᠠ ᠸᠧᠢ ᠡᠮ ᠡᠮᠨᠡᠯᠭᠡ ᠨᠢ ᠲᠡᠷᠢᠭᠦᠨ ᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠂ ᠴᠢᠳᠠᠪᠤᠷᠢᠲᠠᠨ ᠤ ᠳᠠᠪᠠᠭᠤᠯᠢᠭ ᠂ ᠲᠤᠷᠰᠢᠯᠭ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠤ ᠂ ᠤᠯᠠᠨ ᠲᠠᠯ᠎ᠠ ᠪᠠᠷ ᠤᠯᠠᠨ ᠬᠠᠷᠠᠭᠠᠰᠤ ᠠᠴᠠ ᠭᠦᠨᠵᠡᠭᠡᠢ ᠬᠠᠮᠲᠤᠷᠠᠯᠴᠠᠬᠤ ᠶᠢ ᠲᠥᠯᠥᠪᠵᠢᠭᠦᠯᠵᠦ ᠂ ᠵᠠᠪᠰᠠᠷ ᠤᠨ ᠲᠤᠷᠰᠢᠯᠲᠠ ᠶᠢᠨ ︽ ᠲᠤᠷᠰᠢᠯᠲᠠ ᠶᠢᠨ ᠲᠠᠷᠢᠶ᠎ᠠ ︾  ᠶᠢ ᠰᠠᠶᠢᠲᠤᠷ ᠠᠰᠢᠭᠯᠠᠵᠤ ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠴᠢᠨᠠᠷ ᠰᠠᠶᠢᠲᠠᠢ ᠬᠥᠭᠵᠢᠯᠲᠡ ᠳᠤ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠡᠷᠭᠦᠬᠦ ᠪᠣᠯᠣᠨ᠎ᠠ ᠃ ᠣᠶᠢᠷ᠎ᠠ ᠳᠤ᠂ ᠬᠤᠸᠠ ᠸᠧᠢ ᠡᠮ ᠡᠮᠨᠡᠯᠭᠡ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠺᠠᠶᠢᠯᠤ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠪᠣᠯᠣᠨ᠎ᠠ᠃ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号