ᠺᠠᠶᠢᠯᠤ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ︽ᠠᠵᠢᠯ ᠤᠨ ᠠᠬᠢᠴᠠ ᠶᠢ ᠨᠡᠶᠢᠲᠡᠯᠡᠬᠦ︾ ᠰᠢᠷᠢᠰ ᠰᠣᠨᠢᠨ ᠮᠡᠳᠡᠭᠡ ᠶᠢᠨ ᠨᠡᠶᠢᠲᠡᠯᠡᠬᠦ ᠬᠤᠷᠠᠯ  ︵ᠨᠢᠭᠡᠳᠦᠭᠡᠷ ᠲᠠᠯᠠᠪᠤᠷ︶ ᠬᠤᠷᠠᠯᠳᠤᠪᠠ
ᠨᠡᠶᠢᠲᠡᠯᠡᠭᠰᠡᠨ ᠴᠠᠭ᠄
2023/7/6
      7 ᠰᠠᠷ᠎ᠠ ᠶᠢᠨ 5 ᠤ ᠡᠳᠦᠷ᠂ ᠺᠠᠶᠢᠯᠤ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ︽ᠠᠵᠢᠯ ᠤᠨ ᠠᠬᠢᠴᠠ ᠶᠢ ᠨᠡᠶᠢᠲᠡᠯᠡᠬᠦ︾ ᠰᠢᠷᠢᠰ ᠰᠣᠨᠢᠨ ᠮᠡᠳᠡᠭᠡ ᠶᠢᠨ ᠨᠡᠶᠢᠲᠡᠯᠡᠬᠦ ᠬᠤᠷᠠᠯ ︵ᠨᠢᠭᠡᠳᠦᠭᠡᠷ ᠲᠠᠯᠠᠪᠤᠷ︶ ᠬᠤᠷᠠᠯᠳᠤᠪᠠ᠃ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠠᠮᠠᠯᠠᠯᠲᠠ‌‍ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠮᠡᠳᠡᠭᠳᠡᠭᠰᠡᠨ ᠪᠥᠭᠡᠳ ᠨᠡᠶᠢᠭᠡᠮ ᠳᠠᠶᠠᠭᠠᠷ ᠲᠤ ᠥᠷᠭᠡᠨ ᠢᠶᠠᠷ ᠬᠢᠨᠠᠯᠲᠠ ᠲᠠᠯᠪᠢᠭᠤᠯᠬᠤ ᠪᠠᠷ ᠳᠡᠪᠰᠢᠭᠦᠯᠪᠡ᠃
图片3.jpg
      ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠴᠧᠨ ᠮᠠᠨ ᠵᠢᠶᠦ᠋ᠨ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠮᠡᠳᠡᠭᠳᠡᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠲᠦᠷᠦᠭᠦᠯᠡᠨ ᠬᠢᠬᠦ ᠨᠢᠭᠡᠴᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠢᠭᠡᠳᠦᠯᠲᠡᠢ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠠᠭᠠᠰᠬᠠᠨ᠂ ᠡᠩ ᠤᠨ ᠨᠡᠶᠢᠭᠡᠮ ᠤᠨ ᠪᠡᠯᠡ ᠣᠷᠣᠭᠤᠯᠤᠯᠲᠠ ᠶᠢᠨ ᠵᠤᠶᠢᠯᠡᠰ ᠤᠨ ᠲᠥᠷᠥᠯ ᠵᠦᠢᠯ ᠢ ᠰᠢᠯᠢᠳᠡᠭᠵᠢᠭᠦᠯᠬᠦ᠂ ᠬᠠᠰᠤᠬᠤ᠂ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠬᠢᠨᠠᠨ ᠵᠥᠪᠰᠢᠶᠡᠷᠡᠬᠦ ᠭᠤᠭᠴᠤᠭ᠎ᠠ ᠶᠢ 12 ᠪᠠᠶᠢᠭᠰᠠᠨ ᠠᠴᠠ 6 ᠪᠣᠯᠭᠠᠨ ᠪᠠᠭᠠᠰᠬᠠᠵᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 43 ᠠᠵᠢᠯᠯᠠᠬᠤ ᠡᠳᠦᠷ ᠪᠠᠶᠢᠭᠰᠠᠨ ᠠᠴᠠ 24 ᠠᠵᠢᠯᠯᠠᠬᠤ ᠡᠳᠦᠷ ᠪᠣᠯᠭᠠᠨ ᠪᠠᠭᠠᠰᠬᠠᠪᠠ︔ ︽ ᠢᠨᠲ᠋ᠧᠷ ᠰᠦᠯᠵᠢᠶ᠎ᠡ + ︾ ᠶᠢᠨ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠦᠷᠭᠦᠯᠵᠢᠯᠡᠨ ᠲᠦᠯᠬᠢᠨ ᠠᠬᠢᠭᠤᠯᠪᠠ᠃ 2023 ᠣᠨ ᠳᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠰᠢᠰᠲ᠋ᠧᠮ ᠤᠨ ᠬᠢᠨᠠᠨ ᠵᠥᠪᠰᠢᠶᠡᠷᠡᠬᠦ ᠵᠦᠢᠯᠡᠰ 87 ᠪᠠᠶᠢᠵᠤ᠂ ᠨᠡᠶᠢᠯᠡᠭᠦᠯᠦᠨ ᠬᠢᠨᠠᠨ ᠵᠥᠪᠰᠢᠶᠡᠷᠡᠬᠦ ᠨᠣᠷᠮ᠎ᠠ 2022 ᠣᠨ ᠳᠤ 5.26% ᠪᠠᠶᠢᠭᠰᠠᠨ  ᠠᠴᠠ ᠪᠠᠨ ᠳᠡᠭᠡᠭᠰᠢᠯᠡᠭᠡᠳ 66.67% ᠪᠣᠯᠪᠠ︔ ᠠᠵᠤ ᠠᠬᠤᠶᠢᠯᠠᠯ ᠪᠠ ᠣᠯᠠᠨ ᠲᠦᠮᠡᠨ ᠳᠤ ︽ᠠᠰᠠᠷᠠᠭᠴᠢ ᠮᠠᠶ᠋ᠢᠭ︾ ᠂ ︽ᠨᠢᠭᠡ ᠳᠤ ᠨᠢᠭᠡ︾ ᠶᠢᠨ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠬᠠᠩᠭᠠᠪᠠ︔ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠢ ᠱᠠᠲᠤ ᠬᠤᠪᠢᠶᠠᠨ ᠭᠦᠢᠴᠡᠳᠬᠡᠬᠦ ᠶᠢ ᠬᠡᠷᠡᠭᠵᠢᠭᠦᠯᠪᠡ᠃ ᠪᠦᠲᠦᠭᠡᠨ ᠪᠠᠶᠢᠭᠤᠯᠤᠯᠲᠠ ᠶᠢᠨ ᠨᠢᠭᠡᠴᠢ ︽ᠰᠠᠭᠤᠷᠢ ᠨᠦᠬᠡ︾ ︽ᠭᠠᠵᠠᠷ ᠳᠣᠣᠷᠠᠬᠢ ᠥᠷᠥᠭᠡ︾ ︽+ 0 ᠠᠴᠠ ᠳᠡᠭᠡᠭᠰᠢ︾ ᠵᠡᠷᠭᠡ ᠱᠠᠲᠤ ᠦᠶ᠎ᠡ ᠶᠢ ᠡᠵᠡᠨ ᠮᠡᠳᠡᠵᠦ ᠰᠣᠩᠭᠤᠵᠤ ᠱᠠᠲᠤ ᠬᠤᠪᠢᠶᠠᠨ ᠪᠠᠷᠢᠯᠭ᠎ᠠ ᠪᠠᠷᠢᠬᠤ ᠵᠥᠪᠰᠢᠶᠡᠷᠡᠯ ᠢ  ᠭᠦᠢᠴᠡᠳᠭᠡᠪᠡ︔ ᠤᠰᠤ ᠬᠡᠢ ᠳᠤᠯᠠᠭᠠᠯᠠᠭ᠎ᠠ ᠶᠢᠨ ᠤᠭᠰᠠᠷᠠᠯᠲᠠ ᠶᠢᠨ ᠨᠢᠭᠡ ᠬᠡᠮᠵᠢᠭᠦᠷ ᠢᠶᠠᠷ ᠨᠡᠶᠢᠳᠡᠮ ᠭᠦᠢᠴᠡᠳᠬᠡᠬᠦ ᠶᠢ ᠲᠦᠯᠬᠢᠨ ᠠᠬᠢᠭᠤᠯᠵᠤ᠂ ᠬᠠᠮᠲᠤ ᠳᠤᠨᠢ ᠭᠥᠯᠢᠶᠡᠨ ᠠᠪᠴᠤ ᠰᠢᠢᠳᠪᠦᠷᠢᠯᠡᠬᠦ ᠶᠢ ᠨᠡᠶᠢᠯᠡᠭᠦᠯᠦᠨ ᠬᠤᠯᠪᠣᠵᠤ᠂ ᠤᠷᠢᠳᠴᠢᠯᠠᠨ ᠣᠷᠣᠪᠠ᠃      ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠦ᠋ ᠭᠦᠸᠧ ᠵᠦ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠮᠡᠳᠡᠭᠳᠡᠵᠦ᠂ ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ‌‍ᠲ᠋ᠡᠭᠦᠯᠳᠡᠷᠵᠢᠭᠦᠯᠪᠡ᠃ ᠰᠢᠶᠠᠨ ᠤ ᠬᠡᠪᠴᠢᠶᠡᠨ ᠳᠠᠬᠢ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠤᠯᠪᠣᠭ᠎ᠠ ᠶᠢ ᠪᠠᠶᠢᠭᠤᠯᠵᠤ᠂ ᠵᠠᠬᠢᠶᠠᠯᠠᠭ᠎ᠠ ᠶᠢᠨ ᠬᠠᠭᠤᠳᠠᠰᠤ᠂ ᠠᠵᠢᠯ ᠤᠨ ᠪᠠᠶᠢᠷᠢ ᠲᠣᠭᠲᠠᠭᠠᠬᠤ᠂ ᠬᠠᠨᠳᠤᠯᠭ᠎ᠠ ᠲᠠᠢ ᠪᠠᠷ ᠬᠥᠮᠥᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠴᠢᠨ ᠲᠠᠷᠢᠶᠠᠴᠢᠨ ᠤ ᠣᠶᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠠᠭᠠᠨ ᠰᠢᠯᠵᠢᠵᠦ ᠠᠵᠢᠯ ᠣᠯᠬᠤ ᠶᠢ ᠠᠬᠢᠭᠤᠯᠪᠠ᠃ ᠡᠨᠡ ᠵᠢᠯ ᠠᠴᠠ ᠨᠠᠰᠢ᠂ ᠨᠢᠭᠡᠨᠲᠡ 827 ᠬᠥᠮᠥᠨ ᠢ ᠪᠣᠯᠪᠠᠰᠤᠷᠠᠭᠤᠯᠵᠤ᠂ ᠠᠮᠠᠯᠠᠯᠲᠠ ᠶᠢᠨ ᠲᠣᠭᠠᠨ ᠤ 118% ᠶᠢ ᠪᠡᠶᠡᠯᠡᠭᠦᠯᠪᠡ︔ ᠺᠠᠶᠢᠯᠤ ᠰᠢᠶᠠᠨ ᠤ ᠠᠩᠬᠠᠳᠠᠭᠴᠢ ︽ ᠡᠳᠦᠷ ᠤᠨ ᠬᠦᠴᠦᠨ ᠤ ᠵᠠᠬ᠎ᠠ ᠳᠡᠯᠭᠡᠭᠦᠷ︾ ᠢ ᠪᠣᠶ ᠪᠣᠯᠭᠠᠵᠤ᠂ 5000 ᠭᠠᠷᠤᠢ ᠵᠦᠢᠯ ᠤᠨ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ ᠴᠤᠭᠯᠠᠭᠤᠯᠤᠨ ᠨᠡᠶᠢᠲᠡᠯᠡᠵᠦ᠂ 1760 ᠬᠥᠮᠥᠨ ᠤ ᠲᠠᠷᠠᠬᠠᠢ ᠪᠤᠲᠠᠷᠬᠠᠢ ᠠᠵᠢᠯᠲᠠᠨ ᠬᠡᠷᠡᠭᠯᠡᠬᠦ ᠠᠰᠠᠭᠤᠨ ᠯᠠᠪᠯᠠᠯᠲᠠ ᠶᠢ ᠬᠠᠷᠢᠭᠤᠯᠵᠦ ᠂ 870 ᠬᠥᠮᠥᠨ ᠢ ᠠᠵᠢᠯ ᠳᠤ ᠣᠷᠣᠭᠤᠯᠪᠠ︔ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ᠂ ᠬᠠᠪᠤᠷ ᠤᠨ ᠰᠠᠯᠬᠢᠨ ᠤ ᠠᠵᠢᠯᠯᠠᠭ᠎ᠠ ᠵᠡᠷᠭᠡ ᠭᠤᠣᠯ ᠰᠡᠳᠦᠪᠲᠦ ᠠᠵᠢᠯᠲᠠᠨ ᠡᠯᠰᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠪᠠ ᠭᠤᠣᠯᠳᠠᠯᠭ᠎ᠠ ᠲᠠᠢ ᠠᠵᠤ ᠠᠬᠤᠶᠢᠯᠠᠯ ᠳᠤ ᠦᠷᠭᠦᠯᠵᠢᠯᠡᠨ ᠮᠥᠷᠳᠡᠨ ᠦᠢᠯᠡᠴᠢᠯᠡᠪᠡ ᠃ 2023 ᠣᠨ ᠳᠤ ᠰᠦᠯᠵᠢᠶᠡᠨ ᠳᠡᠭᠡᠷᠡᠬᠢ ᠠᠵᠢᠯᠲᠠᠨ ᠡᠯᠰᠡᠬᠦ ᠴᠤᠭᠯᠠᠭᠠᠨ ᠢ 1 ᠤᠳᠠᠭ᠎ᠠ ᠨᠡᠶᠢᠲᠡᠯᠡᠵᠦ᠂ ᠲᠤᠬᠠᠢ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠢ 2 ᠤᠳᠠᠭ᠎ᠠ ᠡᠷᠭᠢᠯᠡᠵᠦ᠂ 2200 ᠭᠠᠷᠤᠢ ᠠᠵᠢᠯ ᠤᠨ ᠪᠠᠶᠢᠷᠢ ᠬᠠᠩᠭᠠᠵᠤ᠂ ᠨᠡᠶᠢᠲᠡ 700 ᠭᠠᠷᠤᠢ ᠬᠥᠮᠥᠨ ᠠᠵᠢᠯᠲᠠᠨ ᠡᠯᠰᠡᠬᠦ ᠨᠢᠭᠡᠴᠢ ᠲᠠᠢ ᠠᠵᠢᠯᠲᠠᠨ ᠡᠯᠰᠡᠬᠦ ᠲᠤᠬᠠᠢ ᠶᠢᠨ ᠲᠠᠯᠠᠪᠤᠷ ᠲᠤ ᠠᠩᠬ᠎ᠠ ᠠᠯᠬᠤᠮ ᠤᠨ ᠠᠵᠢᠯ ᠣᠯᠬᠤ ᠰᠠᠨᠠᠮᠵᠢ ᠲᠠᠢ ᠪᠣᠯᠪᠠ︔ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠥᠷᠥ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠪᠠ᠃ ᠵᠢᠯ ᠤᠨ ᠡᠬᠢᠨ ᠠᠴᠠ ᠨᠠᠰᠢ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ 40 ᠬᠤᠪᠢ ᠬᠢᠨᠠᠨ ᠬᠠᠷᠭᠤᠭᠤᠯᠵᠤ᠂ ᠨᠡᠶᠢᠲᠡ 782 ᠲᠦᠮᠡᠨ ᠲᠥᠭᠦᠷᠢᠭ ᠲᠠᠷᠬᠠᠭᠠᠪᠠ︔ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠭᠠᠷᠳᠠᠨ ᠬᠢᠬᠦ ᠦᠢᠯᠡᠴᠢᠯᠡᠭᠡ ᠶᠢ ᠰᠢᠯᠢᠳᠡᠭᠵᠢᠭᠦᠯᠪᠡ᠃ ᠤᠤᠯ ᠤᠨ 12 ᠵᠦᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠲᠤ 41 ᠵᠦᠢᠯ ᠤᠨ ᠮᠠᠲ᠋ᠧᠷᠢᠶᠠᠯ ᠢ ᠴᠣᠮᠬᠠᠳᠬᠠᠵᠤ᠂ ᠤᠤᠯ ᠤᠨ 4 ᠵᠦᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠲᠤ ᠨᠡᠶᠢᠲᠡ 60 ᠠᠵᠢᠯ ᠤᠨ ᠡᠳᠦᠷ ᠤᠨ ᠠᠮᠠᠯᠠᠯᠲᠠ ᠶᠢ ᠭᠦᠢᠴᠡᠳᠬᠡᠬᠦ ᠬᠤᠭᠤᠴᠠᠭ᠎ᠠ ᠶᠢ ᠳᠠᠬᠢᠨᠲᠠ 56 ᠠᠵᠢᠯ ᠤᠨ ᠡᠳᠦᠷ ᠤᠨ ᠬᠢᠵᠠᠭᠠᠷ ᠢ ᠪᠠᠭᠠᠰᠬᠠᠵᠤ᠂ ᠪᠠᠭᠠᠰᠬᠠᠭᠰᠠᠨ ᠬᠠᠷᠢᠴᠠᠯ 93.33% ᠳᠤ ᠬᠥᠷᠪᠡ︔ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠲᠠᠪᠴᠠᠩ ᠤᠨ ᠪᠠᠶᠢᠭᠤᠯᠤᠯᠳᠠ ᠶᠢ ᠠᠬᠢᠭᠤᠯᠪᠠ᠃ ᠡᠨᠡ ᠵᠢᠯ ᠠᠴᠠ ᠨᠠᠰᠢ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠲᠤᠬᠠᠶᠢᠯᠠᠭᠰᠠᠨ ᠠᠵᠢᠯ ᠢ ᠨᠡᠶᠢᠲᠡ 16165 ᠬᠤᠪᠢ ᠭᠥᠯᠢᠶᠡᠨ ᠠᠪᠴᠤ ᠰᠢᠢᠳᠪᠦᠷᠢᠯᠡᠵᠦ᠂ ︽ᠶᠡᠷᠦᠩᠬᠡᠢ ᠯᠠᠩᠭᠦᠢ ᠶᠢᠨ ᠳᠦᠷᠢᠮ︾ ᠢᠶᠠᠷ 2659 ᠬᠤᠪᠢ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠤᠷᠢᠯᠡᠪᠡ︔ ᠠᠩᠬᠠᠳᠠᠭᠴᠢ ︽ᠨᠡᠶᠢᠭᠡᠮ ᠤᠨ ᠪᠠᠲᠤᠯᠠᠭ᠎ᠠ ᠶᠢᠨ ᠪᠠᠩᠬᠢ ᠶᠢ ᠨᠢᠭᠡ ᠴᠣᠭᠴᠠᠵᠢᠭᠤᠯᠬᠤ︾ ᠦᠢᠯᠡᠴᠢᠯᠡᠭᠡᠨ ᠤ ᠲᠣᠣᠷ ᠴᠡᠭ ᠢ ᠪᠠᠶᠢᠭᠤᠯᠵᠤ᠂ 17 ᠵᠦᠢᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠢ ᠲᠠᠷᠢᠶᠠᠯᠠᠩ ᠬᠤᠳᠠᠯᠳᠤᠭᠠᠨ ᠤ ᠪᠠᠩᠬᠢ ᠳᠤ ᠪᠠᠭᠤᠯᠭᠠᠪᠠ︔ 86 ᠵᠦᠢᠯ ᠤᠨ ᠥᠨᠳᠥᠷ ᠳᠠᠪᠲᠠᠮᠵᠢᠲᠤ ᠤᠴᠢᠷ ᠶᠠᠪᠤᠳᠠᠯ ᠢ ᠳᠣᠷᠣᠭᠰᠢ ᠪᠠᠭᠤᠯᠭᠠᠵᠤ ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠶᠢ ︽ ᠣᠶᠢᠷ᠎ᠠ ᠬᠠᠪᠢ ᠳᠤᠨᠢ ᠭᠦᠢᠴᠡᠳᠭᠡᠬᠦ︾ ᠶᠠᠪᠤᠳᠠᠯ ᠢ ᠤᠯᠠᠮ ᠨᠢᠭᠡ ᠠᠯᠬᠤᠮ ᠲᠦᠯᠬᠢᠨ ᠠᠬᠢᠭᠤᠯᠪᠠ ᠃
图片4.jpg
      ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠺᠧᠦ ᠶᠠᠨ ᠮᠢᠩ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠳᠤ ᠮᠡᠳᠡᠭᠳᠡᠵᠦ ᠂ ᠤᠳᠤ ᠪᠣᠯᠲᠠᠯ᠎ᠠ ᠂ ᠮᠠᠨ ᠤ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠪᠠᠷ ᠴᠢᠷᠮᠠᠶᠢᠬᠤ ᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 23 ᠵᠦᠢᠯ ᠤᠨ ᠡᠭᠦᠷᠭᠡ ᠶᠢᠨ ᠭᠦᠢᠴᠡᠳᠬᠡᠯ ᠲᠤᠭ᠎ᠠ ᠶᠢᠨ 22 ᠵᠦᠢᠯ ᠢ ᠨᠢᠭᠡᠨᠲᠡ ᠪᠡᠶᠡᠯᠡᠭᠦᠯᠪᠡ︔ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ᠰᠦᠯᠵᠢᠶᠡᠨ ᠠᠴᠠ ᠭᠠᠳᠠᠨ᠎ᠠ ︽ᠨᠢᠭᠡ ᠴᠤᠩᠬᠤᠪᠴᠢ ᠪᠠᠷ ᠨᠡᠶᠢᠳᠡᠮ ᠭᠦᠢᠴᠡᠳᠭᠡᠬᠦ︾ ᠦᠢᠯᠡᠴᠢᠯᠡᠭᠡᠨ ᠤ ᠵᠠᠭᠪᠤᠷ ᠢ ᠪᠠᠶᠢᠭᠤᠯᠪᠠ᠃ ᠣᠳᠣᠬᠠᠨ ᠳᠤ᠂ ᠨᠢᠭᠡ ᠴᠣᠭᠴᠠᠵᠢᠭᠤᠯᠬᠤ ᠲᠠᠪᠴᠠᠩ ᠢᠶᠠᠷ ᠳᠠᠮᠵᠢᠭᠤᠯᠤᠨ ᠪᠥᠬᠦ ᠰᠢᠶᠠᠨ ᠤ 33 ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠤᠨ ᠲᠣᠳᠣᠷᠬᠠᠢ ᠬᠠᠭᠤᠳᠠᠰᠤ ᠪᠠ ᠨᠢᠭᠡ ᠴᠣᠭᠴᠠᠵᠢᠭᠤᠯᠬᠤ ᠲᠠᠪᠴᠠᠩ ᠤᠨ ᠲᠠᠨᠢᠵᠤ ᠠᠪᠬᠤ ᠵᠦᠢᠯᠡᠰ ᠤᠨ ᠬᠡᠷᠡᠭᠵᠢᠭᠦᠯᠬᠦ ᠲᠣᠳᠣᠷᠬᠠᠢ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ᠂ ᠲᠠᠨᠢᠵᠤ ᠠᠪᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 1504 ᠵᠦᠢᠯᠡᠰ ᠢ ᠪᠡᠶᠡᠯᠡᠭᠦᠯᠪᠡ︔ ᠠᠯᠠᠭᠠᠨ ᠳᠡᠭᠡᠷ᠎ᠡ ᠪᠠᠨ ᠭᠦᠢᠴᠡᠳᠬᠡᠬᠦ ᠴᠢᠳᠠᠪᠤᠷᠢ ᠶᠢᠨ ᠬᠢᠷᠢ ᠲᠦᠪᠰᠢᠨ ᠢᠶᠠᠨ ᠲᠡᠭᠡᠭᠰᠢᠯᠡᠭᠦᠯᠪᠡ᠃ ᠡᠯ᠎ᠡ ᠰᠠᠯᠠᠭ᠎ᠠ ᠮᠥᠴᠢᠷ ᠤᠨ ᠡᠮᠬᠢᠯᠡᠨ ᠳᠢᠭᠯᠡᠬᠦ ᠪᠠ ᠲᠠᠨᠢᠵᠤ ᠠᠪᠬᠤ ᠪᠠᠷ ᠳᠡᠮᠵᠢᠨ᠂ ᠨᠢᠭᠡ ᠴᠣᠭᠴᠠᠵᠢᠭᠤᠯᠤᠭᠰᠠᠨ ᠲᠠᠪᠴᠠᠩ ᠢ ᠵᠣᠯᠭᠠᠭᠤᠯᠤᠭᠰᠠᠨ ᠠᠯᠠᠭᠠᠨ ᠳᠡᠭᠡᠷᠡᠬᠢ ᠬᠡᠷᠡᠭ ᠶᠠᠪᠤᠳᠠᠯ 458 ᠵᠦᠢᠯ ᠪᠣᠯᠪᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠪᠠᠶᠢᠷᠢᠯᠠᠭᠤᠯᠬᠤ ᠶᠢ ᠵᠢᠷᠤᠮᠵᠢᠭᠤᠯᠵᠤ ᠂ ︽ ᠶᠡᠷᠦᠩᠬᠡᠶᠢᠯᠡᠭᠰᠡᠨ ᠴᠣᠩᠬᠤᠪᠴᠢ ︾ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠪᠡ᠃ ᠣᠳᠣᠬᠠᠨ ᠳᠤ ᠨᠢᠭᠡᠨᠲᠡ 1400 ᠭᠠᠷᠤᠢ ᠵᠦᠢᠯ ᠤᠨ ᠲᠤᠬᠠᠶᠢᠯᠠᠭᠰᠠᠨ ᠠᠵᠢᠯ ᠶᠡᠷᠦᠩᠬᠡᠶᠢᠯᠡᠭᠰᠡᠨ ᠴᠣᠩᠬᠤᠪᠴᠢ  ᠪᠠᠷ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠵᠦ᠂ ᠶᠡᠷᠦᠩᠬᠡᠶᠢᠯᠡᠭᠰᠡᠨ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠭᠰᠡᠨ ᠨᠣᠷᠮ᠎ᠠ‌ᠨᠢᠭᠡᠨᠲᠡ 90% ᠳᠤ ᠬᠦᠷᠪᠡ︔ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠦᠷᠭᠦᠯᠵᠢᠯᠡᠨ ᠠᠬᠢᠭᠤᠯᠵᠤ᠂ ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠭᠦᠢᠴᠡᠳᠬᠡᠬᠦ᠂ ᠪᠥᠬᠦ ᠶᠠᠪᠤᠴᠠ ᠳᠤ ᠰᠢᠮᠳᠠᠭᠤᠯᠤᠨ ᠰᠢᠢᠳᠪᠦᠷᠢᠯᠡᠭᠦᠯᠬᠦ ᠶᠢ ᠪᠡᠶᠡᠯᠡᠭᠦᠯᠦᠨ᠎ᠡ᠃ 1︱ 5 ᠳ᠋ᠤᠭᠠᠷ ᠰᠠᠷ᠎ᠠ ᠳᠤ᠂ ᠬᠠᠯᠠᠮᠰᠢᠯ ᠤᠲᠠᠰᠤᠨ ᠤ ᠲᠥᠪ ᠠᠴᠠ 4520 ᠬᠤᠪᠢ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠡᠷᠭᠢᠯᠡᠵᠦ ᠂ 4520 ᠬᠤᠪᠢ ᠶᠢ ᠴᠠᠭ ᠲᠤᠬᠠᠢ ᠳᠤᠨᠢ ᠳᠠᠭᠠᠵᠤ ᠰᠢᠢᠳᠪᠦᠷᠢᠯᠡᠵᠡᠢ᠂ ᠳᠠᠭᠠᠭᠰᠠᠨ ᠨᠣᠷᠮ᠎ᠠ 100%᠂ ᠰᠢᠢᠳᠪᠦᠷᠢᠯᠡᠭᠰᠡᠨ ᠨᠣᠷᠮ᠎ᠠ 85.8%᠂ ᠬᠠᠨᠤᠮᠵᠢᠲᠠᠶ ᠨᠣᠷᠮ᠎ᠠ 85.8% ᠪᠣᠯᠣᠨ᠎ᠠ᠃      ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠳᠠᠷᠤᠭ᠎ᠠ ᠳ᠋ᠠᠢ ᠴᠦᠨ ᠦ᠋ ᠠᠮᠠᠯᠠᠯᠲᠠ ᠪᠠᠨ ᠪᠡᠶᠡᠯᠡᠭᠦᠯᠦᠭᠰᠡᠨ ᠪᠠᠶᠢᠳᠠᠯ ᠢᠶᠠᠨ ᠨᠡᠶᠢᠭᠡᠮ ᠨᠡᠶᠢᠲᠡ ᠳᠤ ᠮᠡᠳᠡᠭᠳᠡᠵᠦ᠂ ᠣᠳᠣᠬᠠᠨ ᠳᠤ ᠨᠢᠭᠡᠨᠲᠡ ︽ᠺᠠᠶᠢᠯᠤ ᠰᠢᠶᠠᠨ ᠤ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠳᠤ ᠬᠡᠷᠡᠭᠯᠡᠬᠦ ᠭᠠᠵᠠᠷ︾ ᠤᠨ ᠪᠠᠷᠢᠮᠵᠢᠶᠠᠲᠤ ᠭᠠᠵᠠᠷ ᠤᠨ ︽ᠰᠢᠯᠵᠢᠭᠦᠯᠦᠨ ᠬᠤᠳᠠᠯᠳᠤᠬᠤ ᠲᠥᠰᠥᠯ︾ ᠢ ᠲᠣᠭᠲᠠᠭᠠᠨ ᠨᠡᠶᠢᠲᠡᠯᠡᠵᠦ᠂ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ᠂ ᠰᠢᠯᠵᠢᠭᠦᠯᠦᠨ ᠬᠤᠳᠠᠯᠳᠤᠬᠤ ᠶᠠᠪᠤᠴᠠ ᠶᠢ ᠬᠢᠵᠠᠭᠠᠷᠯᠠᠬᠤ ᠶᠢᠨ ᠬᠠᠮᠲᠤ ᠠᠵᠢᠯᠯᠠᠬᠤ ᠠᠷᠭ᠎ᠠ ᠮᠠᠶ᠋ᠢᠭ᠂ ᠠᠵᠢᠯ ᠤᠨ ᠵᠢᠯᠣᠭᠤᠳᠤᠯᠭ᠎ᠠ᠂ ᠵᠥᠪᠯᠡᠯᠴᠡᠭᠡᠷ ᠤᠨ ᠪᠢᠴᠢᠭ ᠵᠡᠷᠭᠡ ᠶᠢ ᠲᠣᠭᠲᠠᠭᠠᠵᠤ᠂ ︽ᠪᠠᠷᠢᠮᠵᠢᠶᠠᠲᠤ ᠭᠠᠵᠠᠷ︾ ᠤᠨ ᠰᠢᠯᠵᠢᠭᠦᠯᠦᠨ ᠬᠤᠳᠠᠯᠳᠤᠬᠤ ᠲᠠᠰ ᠳᠠᠷᠠᠭᠠᠯᠠᠯ ᠢ ᠵᠢᠷᠤᠮᠵᠢᠭᠤᠯᠪᠠ︔ ᠬᠢᠨᠠᠨ ᠵᠥᠪᠰᠢᠶᠡᠷᠡᠬᠦ ᠠᠵᠢᠯ ᠢ ᠪᠥᠬᠦᠳᠡ ᠶᠢ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠲᠤᠰᠬᠠᠢ ᠣᠷᠣᠨ ᠳᠤ ᠲᠥᠪᠯᠡᠷᠡᠭᠦᠯᠦᠭᠰᠡᠨ ᠪᠥᠭᠡᠳ ᠬᠢᠨᠠᠨ ᠵᠥᠪᠰᠢᠶᠡᠷᠡᠬᠦ ᠶᠢ ᠡᠯᠧᠺᠲᠷᠤᠨᠴᠢᠯᠠᠵᠦ᠂ ᠬᠢᠨᠠᠨ ᠵᠥᠪᠰᠢᠶᠡᠷᠡᠬᠦ ᠠᠵᠢᠯ ᠤᠨ ᠪᠥᠬᠦ ᠶᠠᠪᠤᠴᠠ ᠶᠢ ᠰᠦᠯᠵᠢᠶ᠎ᠡ ᠪᠠᠷ ᠡᠷᠭᠢᠯᠡᠵᠦ᠂ ᠬᠢᠨᠠᠨ ᠵᠥᠪᠰᠢᠶᠡᠷᠡᠬᠦ ᠳᠤᠮᠳᠠᠴᠢ ᠴᠠᠭ ᠤᠨ ᠬᠢᠵᠠᠭᠠᠷ ᠢ ᠤᠤᠯ ᠤᠨ 1/5 ᠬᠦᠷᠲᠡᠯ᠎ᠡ ᠪᠠᠭᠠᠰᠬᠠᠪᠠ︔ ᠭᠠᠵᠠᠷ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠬᠢᠨᠠᠨ ᠵᠥᠪᠰᠢᠶᠡᠷᠡᠬᠦ ᠶᠠᠪᠤᠴᠠ ᠶᠢ ᠲᠣᠳᠣᠷᠬᠠᠢ ᠪᠣᠯᠭᠠᠵᠤ᠂ ᠡᠪᠬᠡᠮᠡᠯ ᠮᠡᠳᠡᠭᠦᠯᠬᠦ ᠮᠠᠲ᠋ᠧᠷᠢᠶᠠᠯ ᠢ ᠵᠢᠷᠤᠮᠵᠢᠭᠤᠯᠤᠨ᠂ ᠤᠤᠯ ᠤᠨ ᠮᠡᠳᠡᠭᠦᠯᠦᠨ ᠵᠥᠪᠰᠢᠶᠡᠷᠡᠭᠦᠯᠬᠦ ᠡᠪᠬᠡᠮᠡᠯ ᠪᠠᠶᠢᠭᠤᠯᠬᠤ ᠮᠠᠲ᠋ᠧᠷᠢᠶᠠᠯ ᠢ 20 ᠭᠠᠷᠤᠢ ᠵᠦᠢᠯ ᠪᠠᠶᠢᠭᠰᠠᠨ ᠠᠴᠠ ᠨᠢ 12 ᠵᠦᠢᠯ ᠪᠣᠯᠭᠠᠨ ᠴᠣᠮᠬᠠᠳᠬᠠᠵᠤ᠂ ᠰᠲ᠋ᠣᠺ ᠤᠨ ᠲᠠᠰᠤᠭ ᠤᠨ ᠬᠠᠮᠲᠤᠷᠠᠨ ᠭᠠᠷ ᠤᠨ ᠥᠰᠥᠭ ᠵᠢᠷᠤᠬᠤ ᠴᠠᠭ ᠢ 3 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ︔ ᠴᠤᠪᠤᠷᠠᠯ ᠢ ᠰᠢᠯᠢᠳᠡᠭᠵᠢᠭᠦᠯᠬᠦ᠂ ᠲᠣᠨᠤᠭ ᠲᠥᠬᠦᠭᠡᠷᠦᠮᠵᠢ ᠶᠢ ᠲᠠᠰ ᠳᠡᠪᠰᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠰᠢᠶᠠᠨ ᠤ ᠥᠯᠥ ᠬᠥᠳᠡᠯᠬᠦ ᠬᠥᠷᠥᠩᠭᠡ ᠶᠢᠨ ᠡᠩ ᠤᠨ ᠳᠠᠩᠰᠠᠯᠠᠯᠲᠠ ᠪᠠ ᠪᠡᠷᠢᠴᠠᠭᠠᠨ ᠤ ᠳᠠᠩᠰᠠᠯᠠᠯᠲᠠ ᠶᠢ 1 ᠠᠵᠢᠯᠯᠠᠬᠤ ᠡᠳᠦᠷ ᠲᠤ ᠭᠦᠢᠴᠡᠳᠬᠡᠵᠦ ᠳᠠᠭᠤᠰᠬᠠᠬᠤ ᠪᠠ ᠲᠡᠷᠡ ᠳᠠᠷᠤᠢ ᠳᠤᠨᠢ ᠭᠦᠢᠴᠡᠳᠬᠡᠵᠦ ᠳᠠᠭᠤᠰᠬᠠᠬᠤ ᠶᠢ ᠪᠡᠶᠡᠯᠡᠭᠦᠯᠵᠦ᠂ ᠡᠭᠦᠨ ᠳᠤ ᠪᠡᠷᠢᠴᠠᠭᠠᠨ ᠤ ᠳᠠᠩᠰᠠᠯᠠᠯᠲᠠ ᠶᠢ ᠨᠢᠭᠡᠨᠲᠡ ᠪᠥᠬᠦ ᠴᠤᠪᠤᠷᠠᠯ ᠢ ᠴᠠᠭᠠᠰᠤ ᠬᠡᠷᠡᠭᠯᠡᠬᠦ ᠦᠭᠡᠢ ᠪᠠᠷ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ︔ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠬᠤ︾ ᠦᠢᠯᠡᠴᠢᠯᠡᠭᠡ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠳᠤ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠬᠤ︾ ᠶᠢ ᠪᠡᠶᠡᠯᠡᠭᠦᠯᠬᠦ ᠶᠢᠨ ᠬᠠᠮᠲᠤ᠂ ᠭᠠᠵᠠᠷ ᠰᠢᠷᠣᠢ ᠶᠢᠨ ᠬᠠᠷᠢᠶ᠎ᠠ ᠶᠢᠨ ᠦᠵᠡᠭᠳᠡᠮᠡᠯ ᠰᠢᠰᠲ᠋ᠧᠮ ᠢ ᠨᠡᠭᠡᠭᠡᠨ ᠬᠥᠭᠵᠢᠭᠦᠯᠬᠦ ᠶᠢ ᠪᠡᠶᠡᠯᠡᠭᠦᠯᠵᠦ᠂ ︽ᠵᠢᠷᠤᠭ ᠢᠶᠠᠷ ᠭᠡᠷ ᠪᠠᠶᠢᠰᠢᠩ ᠪᠠᠶᠢᠴᠠᠭᠠᠬᠤ︾ ᠴᠢᠳᠠᠮᠵᠢ ᠶᠢ ᠪᠡᠶᠡᠯᠡᠭᠦᠯᠪᠡ︔ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ︾ ᠶᠢ ᠠᠰᠢᠭᠯᠠᠨ᠂ ᠥᠯᠥ ᠬᠥᠳᠡᠯᠬᠦ ᠬᠥᠷᠥᠩᠭᠡ ᠶᠢᠨ ︽ᠬᠠᠮᠢᠶᠠᠷᠤᠭᠴᠢ︾ ᠶᠢᠨ ᠣᠨᠴᠠᠯᠢᠭᠲᠤ ᠴᠣᠩᠬᠤ ᠶᠢ ᠨᠡᠭᠡᠭᠡᠵᠦ᠂ ᠠᠵᠤ ᠠᠬᠤᠶᠢᠯᠠᠯ ᠪᠠ ᠬᠦᠴᠢᠷᠳᠡᠯᠲᠡᠢ ᠣᠯᠠᠨ ᠲᠦᠮᠡᠨ ᠤ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠣᠷᠣᠯᠠᠨ ᠭᠦᠢᠴᠡᠳᠬᠡᠬᠦ ᠶᠢ ᠪᠡᠶᠡᠯᠡᠭᠦᠯᠪᠡ᠃ ︵ᠶᠠᠩ ᠵᠢᠩ ᠰᠢᠨ᠂ ᠵᠠᠩ ᠮᠧᠶ ᠨᠠ᠂ ᠪᠢ ᠯᠧ ᠲᠤᠸ︶   
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号