ᠡᠨᠡ ᠵᠢᠯ ᠤᠨ 9 ᠰᠠᠷ᠎ᠠ ᠶᠢᠨ 23 ᠤ ᠡᠳᠦᠷ ᠪᠣᠯ ᠵᠢᠷᠭᠤᠭᠠᠳᠠᠭᠢ ︽ᠳᠤᠮᠳᠠᠳᠤ ᠤᠯᠤᠰ ᠤᠨ | ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠪᠣᠯᠣᠨ᠎ᠠ᠂ 9 ᠰᠠᠷ᠎ᠠ ᠶᠢᠨ 22 ᠤᠨ ᠡᠳᠦᠷ ᠤᠨ ᠦᠳᠡ ᠶᠢᠨ | ᠡᠮᠦᠨ᠎ᠡ᠂ ᠮᠠᠨ ᠤ ᠰᠢᠶᠠᠨ ᠴᠠᠭᠠᠨ ᠰᠤᠪᠤᠷᠭ᠎ᠠ ᠴᠡᠴᠡᠷᠯᠢᠭ ᠲᠤ ︽ᠠᠪᠢᠶᠠᠰᠤᠯᠢᠭ ᠺᠠᠶᠢᠯᠦ᠂ ᠡᠯᠪᠡᠭ ᠬᠤᠷᠢᠶᠠᠯᠲᠠ ᠪᠠᠨ | ᠪᠠᠶᠠᠷᠯᠠᠨ ᠤᠭᠲᠤᠬᠤ︾ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠥᠷᠨᠢᠭᠦᠯᠵᠦ᠂ ᠰᠢᠶᠠᠨ ᠤ ᠵᠠᠰᠠᠭ ᠤᠨ | ᠣᠷᠳᠣᠨ ᠤ ᠳᠡᠳ᠋ ᠳᠠᠷᠤᠭ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠵᠧᠦ ᠱᠦᠨ | ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ | | | | | | ᠵᠧᠦ ᠱᠦᠨ ᠵᠢᠭᠠᠭᠰᠠᠨ ᠨᠢ᠂ ᠮᠠᠨ ᠤ ᠰᠢᠶᠠᠨ ᠪᠣᠯ ᠲᠠᠷᠢᠶᠠᠯᠠᠩ ᠤᠨ ᠲᠣᠮᠣ ᠰᠢᠶᠠᠨ ᠮᠥᠨ᠂ ᠲᠠᠷᠢᠶᠠᠯᠠᠩ ᠤᠨ | ᠲᠡᠦᠬᠡ ᠥᠨᠢ ᠤᠳᠠᠭᠠᠨ᠂ ᠲᠠᠷᠢᠶᠠᠯᠠᠩ ᠤᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠤᠯᠤᠰ ᠤᠨ ᠥᠨᠳᠥᠷ | ᠪᠦᠲᠦᠮᠵᠢᠲᠡᠶ ᠣᠨᠴᠠᠯᠢᠭᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠰᠢᠶᠠᠨ᠂ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ᠂ ᠳᠤᠮᠳᠠᠳᠤ ᠤᠯᠤᠰ ᠤᠨ ᠣᠨᠴᠠᠯᠢᠭᠲᠤ | ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠣᠷᠣᠨ ᠵᠡᠷᠭᠡ 10 ︽ᠤᠯᠤᠰ ᠤᠨ ᠨᠠᠷᠠᠲᠤ︾ ᠴᠣᠯᠠ ᠲᠠᠢ ᠶᠤᠮ | ᠃ ᠣᠶᠢᠷ᠎ᠠ ᠶᠢᠨ ᠵᠢᠯ ᠳᠤ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠲᠠᠷᠢᠶᠠᠯᠠᠩ ᠤᠨ ᠬᠦᠴᠦᠷᠬᠡᠭ | ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠲᠠᠢ ᠬᠠᠷᠢᠴᠠᠭᠤᠯᠵᠤ ᠦᠵᠡᠪᠡᠯ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠠᠷᠢᠶᠠᠯᠠᠩ | ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠶᠡᠷᠦᠩᠬᠡᠢ ᠭᠠᠷᠳᠠᠴᠠ ᠪᠣᠯᠭᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠺᠠᠶᠢᠯᠤ ᠶᠢᠨ ᠦᠯᠢᠭᠡᠷ ᠳᠠᠭᠤᠷᠢᠶᠠᠯ ᠢ ᠡᠭᠦᠳᠬᠦ ᠪᠠᠷ ᠰᠢᠨ᠎ᠡ ᠴᠠᠭ ᠦᠶ᠎ᠡ ᠶᠢᠨ ᠰᠡᠳᠦᠪ | ᠪᠣᠯᠭᠠᠵᠤ᠂ ᠠᠵᠢᠯᠴᠢ ᠬᠥᠳᠡᠯᠮᠦᠷᠢᠴᠢ ᠤᠶᠤᠨ ᠤᠬᠠᠭᠠᠨ ᠲᠠᠢ᠂ ᠯᠠᠪᠳᠠᠭᠤᠨ ᠪᠠᠲᠤᠲᠠᠢ ᠰᠢᠷᠭᠠᠭᠤ ᠬᠠᠲᠠᠭᠤᠵᠢᠯᠲᠠᠢ | ᠺᠠᠶᠢᠯᠤ ᠶᠢᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠥᠩ ᠰᠢᠮᠡᠯᠢᠭ ᠬᠥᠷᠥᠰᠥᠨ ᠳᠤ ᠦᠨᠳᠦᠰᠦᠯᠡᠭᠦᠯᠵᠦ | ᠂ ᠬᠦᠴᠦ ᠬᠥᠯᠥᠰᠦ ᠪᠠᠷ ᠢᠶᠠᠨ ᠬᠥᠳᠡᠯᠮᠦᠷᠢ ᠶᠢᠨ ᠮᠠᠭᠲᠠᠭᠠᠯ ᠳᠠᠭᠤᠤ ᠶᠢ ᠪᠢᠴᠢᠭᠯᠡᠵᠦ᠂ ᠰᠢᠷᠭᠠᠭᠤ ᠬᠠᠲᠠᠭᠤᠵᠢᠯᠲᠠᠢ | ᠪᠠᠷ ᠴᠠᠭ ᠦᠶ᠎ᠡ ᠶᠢᠨ ᠵᠢᠷᠤᠭ ᠲᠥᠰᠥᠪ ᠢ ᠵᠢᠷᠤᠭᠯᠠᠵᠤ᠂ ᠬᠥᠳᠡᠭᠡ ᠠᠵᠤ ᠠᠬᠤᠢ ᠨᠡᠩ ᠬᠦᠴᠦᠷᠬᠡᠭ᠂ ᠬᠥᠳᠡᠭᠡ | ᠲᠣᠰᠬᠤᠨ ᠨᠡᠩ ᠭᠤᠶᠤ᠂ ᠲᠠᠷᠢᠶᠠᠴᠢᠳ ᠨᠡᠩ ᠪᠠᠶᠠᠨ ᠴᠢᠨᠡᠭᠡᠯᠢᠭ ᠪᠣᠯᠬᠤ ᠦᠵᠡᠰᠬᠦᠯᠡᠩᠲᠦ ᠰᠠᠶᠢᠬᠠᠨ ᠵᠢᠷᠤᠭ ᠢ | ᠪᠢᠴᠢᠭᠯᠡᠪᠡ᠃ | ᠡᠨᠡ ᠵᠢᠯ ᠠᠴᠠ ᠨᠠᠰᠢ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠦᠬᠦ ᠰᠢᠶᠠᠨ ᠤ ᠭᠤᠣᠯ | ᠠᠵᠢᠯ ᠪᠣᠯᠣᠨ ᠬᠥᠭᠵᠢᠯᠲᠡ ᠶᠢᠨ ᠡᠭᠦᠷᠭᠡ ᠶᠢᠨ ᠲᠣᠭᠤᠷᠢᠨ ᠳᠤ᠂ ︽ᠮᠠᠯ ᠠᠵᠤ ᠠᠬᠤᠢ ᠲᠠᠷᠢᠶᠠᠯᠠᠩ ᠤᠨ ᠪᠣᠬᠢᠷᠲᠤᠯ | ᠦᠭᠡᠢ ᠪᠠᠷ ᠬᠡᠯᠪᠡᠷᠢ ᠶᠢ ᠬᠤᠪᠢᠷᠠᠭᠤᠯᠬᠤ︾ ᠠᠵᠢᠯ ᠢ ᠲᠣᠪᠤᠶᠢᠯᠭᠠᠨ ᠰᠠᠶᠢᠲᠤᠷ ᠬᠢᠵᠦ᠂ ᠪᠦᠲᠦᠴᠡ ᠶᠢ | ᠲᠣᠬᠢᠷᠠᠭᠤᠯᠬᠤ᠂ ᠬᠡᠯᠬᠢᠶ᠎ᠡ ᠶᠢ ᠨᠥᠬᠦᠪᠦᠷᠢᠯᠡᠬᠦ᠂ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ᠂ ᠬᠥᠳᠡᠭᠡ | ᠲᠣᠰᠬᠤᠨ ᠢ ᠭᠤᠶᠤ ᠰᠠᠶᠢᠬᠠᠨ ᠪᠣᠯᠭᠠᠬᠤ ᠪᠠᠷ ᠬᠦᠴᠦᠯᠡᠵᠦ᠂ ᠲᠠᠪᠤᠨ ᠶᠡᠭᠡ ᠠᠵᠤ ᠦᠢᠯᠡᠰ ᠤᠨ ᠰᠥᠷᠭᠡᠦ | ᠬᠥᠭᠵᠢᠯᠲᠡ ᠶᠢ ᠪᠡᠶᠡᠯᠡᠭᠦᠯᠵᠦ᠂ ᠪᠦᠰᠡᠯᠡᠯᠲᠡ ᠶᠢ ᠰᠢᠪᠲᠤᠯᠤᠨ ᠬᠥᠭᠵᠢᠬᠦ ᠶᠢ ᠪᠡᠶᠡᠯᠡᠭᠦᠯᠵᠦ᠂ ᠺᠠᠶᠢᠯᠤ ᠶᠢᠨ ᠡᠬᠡ | ᠭᠠᠵᠠᠷ ᠤᠨ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃ | ᠲᠤᠰ ᠠᠵᠢᠯᠯᠠᠭ᠎ᠠ ᠨᠢ ︽ᠠᠪᠢᠶᠠᠰᠤᠯᠢᠭ ᠺᠠᠶᠢᠯᠦ᠂ ᠡᠯᠪᠡᠭ ᠬᠤᠷᠢᠶᠠᠯᠲᠠ ᠪᠠᠨ ᠪᠠᠶᠠᠷᠯᠠᠨ ᠤᠭᠲᠤᠬᠤ︾ ᠪᠠᠷ | ᠭᠤᠣᠯ ᠰᠡᠳᠦᠪ ᠪᠣᠯᠭᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠰᠢᠶᠠᠨ ᠤ | ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠢᠶᠠᠨ ᠤ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠵᠦ᠂ ᠰᠢᠶᠠᠨ ᠤ ᠰᠣᠶᠣᠯ ᠤᠨ | ᠣᠷᠳᠣᠨ ᠪᠣᠯᠣᠨ ᠰᠢᠶᠠᠨ ᠤ ᠤᠯᠠᠭᠠᠨᠮᠥ᠋ᠴᠢᠷ ᠬᠠᠮᠵᠢᠯᠴᠠᠨ ᠡᠷᠬᠢᠯᠡᠪᠡ᠃ | ᠠᠵᠢᠯᠯᠠᠭ᠎ᠠ ᠶᠢᠨ ᠳᠤᠮᠳᠠ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ︽ | ᠮᠠᠨ ᠤ ᠠᠷᠠᠳ︾᠂ ︽ᠮᠠᠨᠳᠤᠵᠤ ᠪᠠᠶᠢᠭ᠎ᠠ ᠨᠠᠷᠠ︾᠂ ︽ᠪᠤᠳᠠᠭ᠎ᠠ ᠵᠥᠭᠡᠭᠡᠪᠦᠷᠢᠯᠡᠬᠦ ᠪᠠᠷ ᠶᠠᠭᠠᠷᠠᠯᠳᠤᠨ᠎ᠠ︾ ᠵᠡᠷᠭᠡ | ᠭᠤᠶᠢᠳᠠ ᠰᠠᠶᠢᠬᠠᠨ ᠲᠣᠭᠯᠠᠯᠲᠠ ᠨᠤᠭᠤᠳ ᠢ ᠡᠭᠡᠯᠵᠢᠯᠡᠨ ᠲᠣᠭᠯᠠᠪᠠ᠃ ᠬᠠᠩᠭᠢᠨᠠᠮ᠎ᠠ ᠳᠠᠭᠤᠤ ᠶᠢᠨ ᠠᠶᠠᠰ ᠨᠢ | ᠺᠠᠶᠢᠯᠤ ᠶᠢᠨ ᠠᠷᠠᠳ ᠲᠦᠮᠡᠨ ᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠠᠩᠭᠢᠨᠠᠲᠠᠯ᠎ᠠ ᠳᠠᠭᠤᠯᠠᠵᠤ᠂ ᠪᠠᠶᠠᠷ | ᠪᠠᠶᠠᠰᠬᠤᠯᠠᠩᠲᠤ ᠪᠥᠵᠢᠭ ᠨᠢ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠳᠡᠷᠡᠭᠦᠨ | ᠠᠯᠬᠤᠭ᠎ᠠ ᠶᠢ ᠬᠠᠩᠭᠢᠨᠠᠲᠠᠯ᠎ᠠ ᠳᠠᠭᠤᠯᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠡᠯ᠎ᠡ ᠪᠠᠯᠭᠠᠰᠤ ᠲᠠᠯᠠᠪᠠᠢ ᠳᠤ ᠪᠠᠰᠠ ᠣᠨᠴᠠᠯᠢᠭᠲᠤ | ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ ᠭᠠᠷᠭᠠᠵᠤ᠂ ᠮᠠᠰᠢ ᠤᠯᠠᠨ ᠬᠥᠮᠥᠰ ᠤᠨ ᠠᠩᠬᠠᠷᠤᠯ ᠢ ᠲᠠᠲᠠᠵᠤ᠂ | ᠠᠰᠠᠭᠤᠨ ᠯᠠᠪᠯᠠᠵᠤ᠂ ᠬᠤᠳᠠᠯᠳᠤᠨ ᠠᠪᠤᠪᠠ᠃ ︵ᠯᠢᠦᠢ ᡁᠢ ᠮᠢᠨ᠂ ᠯᠢ ᠮᠢᠩ ᠷᠠᠨ᠂ ᠪᠢ ᠯᠧ ᠲᠤᠸ᠂ ᠶᠠᠩ ᠬᠦᠶ | ᠴᠢᠶᠠᠩ᠂ ᠸᠠᠩ ᠲᠢᠶᠠᠨ ᠢᠦᠢ︶ | |