9 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠢᠶᠣᠣ ᠭᠠᠩ ᠸᠧᠢ ᠮᠠᠨ ᠤ ᠰᠢᠶᠠᠨ ᠳᠤ ᠢᠷᠡᠵᠦ ᠭᠤᠣᠯ ᠰᠡᠳᠦᠪᠲᠦ | ᠬᠥᠮᠦᠵᠢᠯ ᠥᠷᠨᠢᠭᠦᠯᠦᠭᠰᠡᠨ ᠪᠠᠶᠢᠳᠠᠯ ᠢ ᠰᠢᠪᠠᠳᠠᠨ ᠪᠠᠶᠢᠴᠠᠭᠠᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ | ᠹᠧᠩ ᠰᠧᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠯᠢᠦ ᠶᠣᠣ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠼᠤᠤ ᠰᠢᠶᠠᠨ ᠵᠢᠩ ᠪᠠᠷ᠎ᠠ ᠪᠣᠯᠪᠠ᠃ | ᠵᠢᠶᠣᠣ ᠭᠠᠩ ᠸᠧᠢ ᠰᠢᠶᠠᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠲᠤ ᠬᠦᠷᠴᠦ᠂ ᠭᠤᠣᠯ ᠰᠡᠳᠦᠪᠲᠦ ᠬᠥᠮᠦᠵᠢᠯ ᠢ ᠠᠬᠢᠭᠤᠯᠤᠭᠰᠠᠨ ᠪᠠᠶᠢᠳᠠᠯ ᠪᠣᠯᠣᠨ | ᠲᠠᠷᠠᠭᠠᠴᠢ ᠶᠢᠨ ᠠᠯᠬᠤᠮ ᠤᠨ ᠲᠣᠬᠢᠷᠠᠭᠤᠯᠤᠯᠲᠠ ᠶᠢ ᠨᠠᠷᠢᠨ ᠬᠢᠨᠠᠮᠠᠭᠠᠢ ᠠᠰᠠᠭᠤᠨ ᠯᠠᠪᠯᠠᠭᠰᠠᠨ ᠪᠥᠭᠡᠳ ᠶᠠᠷᠢᠯᠴᠠᠬᠤ | ᠬᠤᠷᠠᠯ ᠢ ᠡᠷᠬᠢᠯᠡᠨ ᠬᠤᠷᠠᠯᠳᠤᠭᠤᠯᠪᠠ᠃ | | | | | | ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠯᠢᠦ ᠶᠣᠣ ᠶᠢᠨ ᠬᠢᠭᠰᠡᠨ ᠰᠢᠶᠠᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠢ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠵᠢᠶᠣᠣ ᠭᠠᠩ ᠸᠧᠢ | ᠪᠣᠳᠠᠲᠠᠢ ᠵᠢᠯᠤᠭᠤᠳᠬᠤ ᠰᠠᠨᠠᠯ ᠳᠤᠷᠠᠳᠪᠠ᠃ ᠲᠡᠷᠡ ᠴᠢᠬᠤᠯᠠᠴᠢᠯᠠᠭᠰᠠᠨ ᠨᠢ᠂ ᠭᠤᠣᠯ ᠰᠡᠳᠦᠪᠲᠦ ᠬᠥᠮᠦᠵᠢᠯ ᠢ | ᠰᠠᠶᠢᠲᠤᠷ ᠥᠷᠨᠢᠭᠦᠯᠬᠦ ᠳᠤ᠂ ᠡᠷᠬᠡᠪᠰᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠵᠢᠭᠠᠪᠤᠷᠢ ᠱᠠᠭᠠᠷᠳᠠᠯᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠳᠡᠭᠡᠷ᠎ᠡ ᠳᠡᠭᠡᠳᠦ ᠬᠡᠮᠵᠢᠶ᠎ᠡ ᠪᠠᠷ ᠨᠢᠭᠡᠳᠬᠡᠵᠦ᠂ ︽ᠲᠠᠪᠤ ᠶᠢ ᠨᠡᠩ ᠴᠢᠬᠤᠯᠠᠴᠢᠯᠠᠬᠤ︾ ᠳᠡᠭᠡᠷ᠎ᠡ | ᠭᠦᠢᠴᠡᠳ ᠬᠦᠴᠦ ᠣᠷᠣᠭᠤᠯᠵᠤ᠂ ︽ᠵᠢᠷᠭᠤᠭᠠᠨ ᠡᠷᠬᠡᠪᠰᠢ︾ ᠶᠢᠨ ᠱᠠᠭᠠᠷᠳᠠᠯᠭ᠎ᠠ ᠶᠢ ᠨᠠᠷᠢᠨ ᠨᠠᠶᠢᠳᠠᠪᠤᠷᠢᠵᠢᠭᠤᠯᠬᠤ | ᠬᠡᠷᠡᠭᠲᠡᠢ᠃ ᠭᠤᠣᠯ ᠰᠡᠳᠦᠪ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠱᠠᠭᠠᠷᠳᠠᠯᠭ᠎ᠠ ᠶᠢ | ᠡᠵᠡᠮᠳᠡᠵᠦ᠂ ︽ᠦᠵᠡᠯ ᠰᠠᠨᠠᠭ᠎ᠠ ᠶᠢ ᠰᠤᠷᠤᠯᠴᠠᠬᠤ︾ ᠶᠢ ᠲᠡᠷᠢᠭᠦᠨ ᠡᠭᠦᠷᠭᠡ ᠪᠣᠯᠭᠠᠨ ᠢᠮᠠᠭᠲᠠ ᠲᠤᠭᠤᠰᠢᠯᠠᠭᠤᠯᠵᠤ | ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ | ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ | ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ | ᠰᠠᠶᠢᠲᠤᠷ ᠠᠳᠬᠤᠵᠤ᠂ ᠲᠦᠷᠦᠯ ᠬᠤᠪᠢᠶᠠᠨ ᠵᠢᠯᠤᠭᠤᠳᠬᠤ ᠶᠢ ᠴᠢᠬᠤᠯᠠᠴᠢᠯᠠᠵᠤ᠂ ᠠᠳᠠᠯᠢ ᠪᠤᠰᠤ ᠱᠠᠲᠤ | ᠳᠠᠪᠬᠤᠷᠭ᠎ᠠ᠂ ᠠᠳᠠᠯᠢ ᠪᠤᠰᠤ ᠬᠦᠷᠢᠶ᠎ᠡ᠂ ᠠᠳᠠᠯᠢ ᠪᠤᠰᠤ ᠳ᠋ᠦᠢᠰᠢᠶᠠᠩ ᠢ ᠦᠨᠳᠦᠰᠦᠯᠡᠨ᠂ ᠬᠠᠨᠳᠤᠯᠭᠠᠲᠤ | ᠴᠢᠨᠠᠷᠲᠠᠢ ᠪᠠᠷ ᠱᠠᠭᠠᠷᠳᠠᠯᠭ᠎ᠠ ᠳᠤᠷᠠᠳᠴᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ | ᠠᠷᠭ᠎ᠠ ᠬᠡᠮᠵᠢᠶ᠎ᠡ ᠶᠢᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠪᠣᠳᠠᠲᠠᠢ ᠶᠢ ᠡᠷᠬᠢᠮᠯᠡᠬᠦ ᠰᠤᠷᠲᠠᠯ ᠢ | ᠲᠤᠪᠤᠶᠢᠯᠭᠠᠵᠤ᠂ ᠤᠯᠤᠰ ᠲᠦᠷᠦ ᠶᠢᠨ ᠪᠣᠭᠤᠮᠲᠠ ᠶᠢ ᠴᠢᠩᠭ᠎ᠠ ᠰᠠᠬᠢᠵᠤ᠂ ᠴᠢᠩᠭ᠎ᠠ ᠪᠠᠶᠢᠴᠠᠭᠠᠨ ᠴᠡᠭᠴᠡᠯᠡᠨ | ᠰᠠᠶᠢᠵᠢᠷᠠᠭᠤᠯᠵᠤ᠂ ᠬᠡᠯᠪᠡᠷᠢ ᠶᠢᠨ ᠦᠵᠡᠯ ᠢ ᠡᠷᠡᠰ ᠰᠡᠷᠭᠡᠶᠢᠯᠡᠬᠦ ᠬᠡᠷᠡᠭᠲᠡᠢ᠃ | | | | | | ᠵᠢᠶᠣᠣ ᠭᠠᠩ ᠸᠧᠢ ᠪᠠᠰᠠ ᠾᠧᠢ ᠯᠦᠩ ᠪᠠ ᠪᠠᠯᠭᠠᠰᠤᠨ ᠤ ᠨᠡᠶᠢᠯᠡᠮᠡᠯ ᠬᠦᠴᠦᠨ ᠤ ᠲᠣᠰᠬᠤᠨ ᠳᠤ | ᠭᠦᠨᠵᠡᠭᠡᠶᠢᠷᠡᠵᠦ᠂ ᠺᠠᠳ᠋ᠷ ᠣᠯᠠᠨ ᠲᠦᠮᠡᠨ ᠲᠠᠢ ᠨᠢᠭᠤᠷᠲᠠᠨ ᠶᠠᠷᠢᠯᠴᠠᠵᠤ᠂ ᠦᠨᠳᠦᠰᠦᠨ ᠱᠠᠲᠤᠨ ᠤ ᠭᠤᠣᠯ | ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠪᠠ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ ᠶᠢᠨ ᠲᠤᠷᠰᠢᠯᠲᠠ ᠶᠢᠨ ᠴᠡᠭ ᠤᠨ ᠪᠠᠶᠢᠳᠠᠯ ᠢ ᠨᠠᠷᠢᠨ ᠣᠶᠢᠯᠠᠭᠠᠵᠤ᠂ ᠰᠤᠷᠤᠯᠴᠠᠯᠭ᠎ᠠ ᠪᠠᠷ ᠰᠦᠭ | ᠰᠦᠨᠡᠰᠦ ᠶᠢ ᠱᠤᠭᠤᠵᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠵᠦ᠂ ᠰᠤᠷᠤᠯᠴᠠᠯᠭ᠎ᠠ ᠪᠠᠷ ᠰᠤᠷᠲᠠᠯ | ᠢ ᠲᠥᠪ ᠪᠣᠯᠭᠠᠵᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠦᠨᠡᠨ ᠬᠦ ᠪᠡᠶᠡᠯᠡᠭᠦᠯᠵᠦ᠂ ᠭᠤᠣᠯ | ᠰᠡᠳᠦᠪᠲᠦ ᠬᠥᠮᠦᠵᠢᠯ ᠢ ᠦᠨᠡᠨ ᠬᠦ ᠴᠢᠨᠠᠷ ᠰᠠᠶᠢᠲᠠᠢ᠂ ᠰᠠᠶᠢᠨ ᠦᠷ᠎ᠡ ᠪᠦᠲᠦᠮᠵᠢ ᠲᠠᠢ ᠪᠣᠯᠭᠠᠬᠤ ᠶᠢ ᠰᠠᠨᠠᠭᠤᠯᠪᠠ᠃ | ᠰᠢᠪᠠᠳᠠᠨ ᠵᠢᠯᠤᠭᠤᠳᠬᠤ ᠶᠠᠪᠤᠴᠠ ᠳᠤ ᠵᠢᠶᠣᠣ ᠭᠠᠩ ᠸᠧᠢ ᠬᠡᠷᠡᠭ ᠢ ᠳᠠᠭᠠᠭᠠᠴᠢᠯᠠᠭᠰᠠᠨ ᠵᠠᠬᠢᠳᠠᠯ | ᠰᠤᠷᠪᠤᠯᠵᠢᠯᠠᠯ ᠤᠨ ᠵᠦᠢᠯᠡᠰ ᠢ ᠰᠢᠪᠠᠳᠠᠨ ᠰᠢᠢᠳᠪᠦᠷᠢᠯᠡᠪᠡ᠃ ︵ᠸᠠᠩ ᠵᠢᠶᠠ ᠳ᠋ᠦᠩ︶ | |