ᠡᠨᠡ ᠵᠢᠯ ᠤᠨ 9 ᠰᠠᠷ᠎ᠠ ᠶᠢᠨ 23 ᠤ ᠡᠳᠦᠷ ᠪᠣᠯ ᠵᠢᠷᠭᠤᠭᠠᠳᠠᠭᠢ ︽ᠳᠤᠮᠳᠠᠳᠤ ᠤᠯᠤᠰ ᠤᠨ ᠲᠠᠷᠢᠶᠠᠴᠢᠳ ᠤᠨ | ᠡᠯᠪᠡᠭ ᠬᠤᠷᠢᠶᠠᠯᠲᠠ ᠶᠢᠨ ᠪᠠᠶᠠᠷ︾ ᠪᠣᠯᠣᠨ᠎ᠠ᠂ 9 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠮᠠᠨ ᠤ | ᠰᠢᠶᠠᠨ ᠴᠠᠭᠠᠨ ᠰᠤᠪᠤᠷᠭ᠎ᠠ ᠴᠡᠴᠡᠷᠯᠢᠭ ᠲᠤ ︽ᠠᠪᠢᠶᠠᠰᠤᠯᠢᠭ ᠺᠠᠶᠢᠯᠦ ᠡᠯᠪᠡᠭ ᠬᠤᠷᠢᠶᠠᠯᠲᠠ ᠪᠠᠨ ᠪᠠᠶᠠᠷᠯᠠᠨ ᠤᠭᠲᠤᠬᠤ︾ | ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠥᠷᠨᠢᠭᠦᠯᠵᠦ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠠᠷᠤᠭ᠎ᠠ ᠵᠧᠦ ᠱᠦᠨ ᠠᠵᠢᠯᠯᠠᠭ᠎ᠠ ᠳᠤ ᠣᠷᠣᠯᠴᠠᠭᠰᠠᠨ ᠪᠥᠭᠡᠳ | ᠪᠠᠶᠠᠷ ᠤᠨ ᠦᠭᠡ ᠬᠡᠯᠡᠪᠡ᠃ | | | | | | ᠵᠧᠦ ᠱᠦᠨ ᠵᠢᠭᠠᠭᠰᠠᠨ ᠨᠢ᠂ ᠮᠠᠨ ᠤ ᠰᠢᠶᠠᠨ ᠪᠣᠯ ᠲᠠᠷᠢᠶᠠᠯᠠᠩ ᠤᠨ ᠲᠣᠮᠣ ᠰᠢᠶᠠᠨ ᠮᠥᠨ᠂ ᠲᠠᠷᠢᠶᠠᠯᠠᠩ ᠤᠨ | ᠲᠡᠦᠬᠡ ᠥᠨᠢ ᠤᠳᠠᠭᠠᠨ᠂ ᠲᠠᠷᠢᠶᠠᠯᠠᠩ ᠤᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠤᠯᠤᠰ ᠤᠨ ᠥᠨᠳᠥᠷ ᠪᠦᠲᠦᠮᠵᠢᠲᠡᠶ | ᠣᠨᠴᠠᠯᠢᠭᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠰᠢᠶᠠᠨ᠂ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠰᠢᠶᠠᠨ᠂ ᠳᠤᠮᠳᠠᠳᠤ ᠤᠯᠤᠰ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ | ᠳᠠᠪᠠᠭᠤᠯᠢᠭ ᠣᠷᠣᠨ ᠵᠡᠷᠭᠡ 10 ︽ᠤᠯᠤᠰ ᠤᠨ ᠨᠠᠷᠠᠲᠤ︾ ᠴᠣᠯᠠ ᠲᠠᠢ ᠶᠤᠮ᠃ ᠣᠶᠢᠷ᠎ᠠ ᠶᠢᠨ ᠵᠢᠯ ᠳᠤ᠂ ᠰᠢᠶᠠᠨ ᠤ ᠨᠠᠮ | ᠤᠨ ᠬᠤᠷᠢᠶ᠎ᠠ ᠵᠠᠰᠠᠭ ᠤᠨ ᠣᠷᠳᠣᠨ ᠲᠠᠷᠢᠶᠠᠯᠠᠩ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ | ᠶᠡᠷᠦᠩᠬᠡᠢ ᠱᠠᠭᠠᠷᠳᠠᠯᠭ᠎ᠠ ᠲᠠᠢ ᠬᠠᠷᠢᠴᠠᠭᠤᠯᠵᠤ ᠦᠵᠡᠪᠡᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠶᠡᠷᠦᠩᠬᠡᠢ | ᠭᠠᠷᠳᠠᠴᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠺᠠᠶᠢᠯᠤ ᠶᠢᠨ ᠦᠯᠢᠭᠡᠷ ᠳᠠᠭᠤᠷᠢᠶᠠᠯ ᠢ | ᠡᠭᠦᠳᠬᠦ ᠪᠠᠷ ᠰᠢᠨ᠎ᠡ ᠴᠠᠭ ᠦᠶ᠎ᠡ ᠶᠢᠨ ᠰᠡᠳᠦᠪ ᠪᠣᠯᠭᠠᠵᠤ᠂ ᠠᠵᠢᠯᠴᠢ ᠬᠥᠳᠡᠯᠮᠦᠷᠢᠴᠢ ᠤᠶᠤᠨ ᠤᠬᠠᠭᠠᠨ ᠲᠠᠢ᠂ ᠯᠠᠪᠳᠠᠭᠤᠨ | ᠪᠠᠲᠤᠲᠠᠢ ᠰᠢᠷᠭᠠᠭᠤ ᠬᠠᠲᠠᠭᠤᠵᠢᠯᠲᠠᠢ ᠺᠠᠶᠢᠯᠤ ᠶᠢᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠥᠩ ᠰᠢᠮᠡᠯᠢᠭ | ᠬᠥᠷᠥᠰᠥᠨ ᠳᠤ ᠦᠨᠳᠦᠰᠦᠯᠡᠭᠦᠯᠵᠦ᠂ ᠬᠦᠴᠦ ᠬᠥᠯᠥᠰᠦ ᠪᠠᠷ ᠢᠶᠠᠨ ᠬᠥᠳᠡᠯᠮᠦᠷᠢ ᠶᠢᠨ ᠮᠠᠭᠲᠠᠭᠠᠯ ᠳᠠᠭᠤᠤ ᠶᠢ ᠪᠢᠴᠢᠭᠯᠡᠵᠦ᠂ | ᠰᠢᠷᠭᠠᠭᠤ ᠬᠠᠲᠠᠭᠤᠵᠢᠯᠲᠠᠢ ᠪᠠᠷ ᠴᠠᠭ ᠦᠶ᠎ᠡ ᠶᠢᠨ ᠵᠢᠷᠤᠭ ᠲᠥᠰᠥᠪ ᠢ ᠵᠢᠷᠤᠭᠯᠠᠵᠤ᠂ ᠬᠥᠳᠡᠭᠡ ᠠᠵᠤ ᠠᠬᠤᠢ ᠨᠡᠩ | ᠬᠦᠴᠦᠷᠬᠡᠭ᠂ ᠬᠥᠳᠡᠭᠡ ᠲᠣᠰᠬᠤᠨ ᠨᠡᠩ ᠭᠤᠶᠤ᠂ ᠲᠠᠷᠢᠶᠠᠴᠢᠳ ᠨᠡᠩ ᠪᠠᠶᠠᠨ ᠴᠢᠨᠡᠭᠡᠯᠢᠭ ᠪᠣᠯᠬᠤ ᠦᠵᠡᠰᠬᠦᠯᠡᠩᠲᠦ | ᠰᠠᠶᠢᠬᠠᠨ ᠵᠢᠷᠤᠭ ᠢ ᠪᠢᠴᠢᠭᠯᠡᠪᠡ᠃ | ᠡᠨᠡ ᠵᠢᠯ ᠠᠴᠠ ᠨᠠᠰᠢ᠂ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠦᠬᠦ ᠰᠢᠶᠠᠨ ᠤ ᠭᠤᠣᠯ ᠠᠵᠢᠯ | ᠪᠣᠯᠣᠨ ᠬᠥᠭᠵᠢᠯᠲᠡ ᠶᠢᠨ ᠡᠭᠦᠷᠭᠡ ᠶᠢᠨ ᠲᠣᠭᠤᠷᠢᠨ ᠳᠤ᠂ ︽ᠮᠠᠯ ᠠᠵᠤ ᠠᠬᠤᠢ ᠲᠠᠷᠢᠶᠠᠯᠠᠩ ᠤᠨ ᠪᠣᠬᠢᠷᠲᠤᠯ ᠦᠭᠡᠢ ᠪᠠᠷ | ᠬᠡᠯᠪᠡᠷᠢ ᠶᠢ ᠬᠤᠪᠢᠷᠠᠭᠤᠯᠬᠤ︾ ᠠᠵᠢᠯ ᠢ ᠲᠣᠪᠤᠶᠢᠯᠭᠠᠨ ᠰᠠᠶᠢᠲᠤᠷ ᠬᠢᠵᠦ᠂ ᠪᠦᠲᠦᠴᠡ ᠶᠢ ᠲᠣᠬᠢᠷᠠᠭᠤᠯᠬᠤ᠂ ᠬᠡᠯᠬᠢᠶ᠎ᠡ ᠶᠢ | ᠨᠥᠬᠦᠪᠦᠷᠢᠯᠡᠬᠦ᠂ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ᠂ ᠬᠥᠳᠡᠭᠡ ᠲᠣᠰᠬᠤᠨ ᠢ ᠭᠤᠶᠤ ᠰᠠᠶᠢᠬᠠᠨ ᠪᠣᠯᠭᠠᠬᠤ ᠪᠠᠷ | ᠬᠦᠴᠦᠯᠡᠵᠦ᠂ ᠲᠠᠪᠤᠨ ᠶᠡᠭᠡ ᠠᠵᠤ ᠦᠢᠯᠡᠰ ᠤᠨ ᠰᠥᠷᠭᠡᠦ ᠬᠥᠭᠵᠢᠯᠲᠡ ᠶᠢ ᠪᠡᠶᠡᠯᠡᠭᠦᠯᠵᠦ᠂ ᠪᠦᠰᠡᠯᠡᠯᠲᠡ ᠶᠢ ᠰᠢᠪᠲᠤᠯᠤᠨ | ᠬᠥᠭᠵᠢᠬᠦ ᠶᠢ ᠪᠡᠶᠡᠯᠡᠭᠦᠯᠵᠦ᠂ ᠺᠠᠶᠢᠯᠤ ᠶᠢᠨ ᠡᠬᠡ ᠭᠠᠵᠠᠷ ᠤᠨ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃ | ᠲᠤᠰ ᠠᠵᠢᠯᠯᠠᠭ᠎ᠠ ᠨᠢ ︽ᠠᠪᠢᠶᠠᠰᠤᠯᠢᠭ ᠺᠠᠶᠢᠯᠦ ᠡᠯᠪᠡᠭ ᠬᠤᠷᠢᠶᠠᠯᠲᠠ ᠪᠠᠨ ᠪᠠᠶᠠᠷᠯᠠᠨ ᠤᠭᠲᠤᠬᠤ︾ ᠪᠠᠷ ᠭᠤᠣᠯ | ᠰᠡᠳᠦᠪ ᠪᠣᠯᠭᠠᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠰᠢᠶᠠᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠰᠢᠶᠠᠨ ᠤ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ ᠠᠴᠠ ᠳᠠᠭᠠᠭᠠᠴᠢᠯᠠᠨ ᠡᠷᠬᠢᠯᠡᠵᠦ᠂ ᠰᠢᠶᠠᠨ ᠤ ᠰᠣᠶᠣᠯ ᠤᠨ ᠣᠷᠳᠣᠨ ᠪᠣᠯᠣᠨ ᠰᠢᠶᠠᠨ ᠤ | ᠤᠯᠠᠭᠠᠨᠮᠥ᠋ᠴᠢᠷ ᠬᠠᠮᠵᠢᠯᠴᠠᠨ ᠡᠷᠬᠢᠯᠡᠪᠡ᠃ | ᠠᠵᠢᠯᠯᠠᠭ᠎ᠠ ᠶᠢᠨ ᠳᠤᠮᠳᠠ ᠪᠠᠰᠠ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ︽ᠮᠠᠨ ᠤ | ᠠᠷᠠᠳ︾᠂ ︽ᠮᠠᠨᠳᠤᠵᠤ ᠪᠠᠶᠢᠭ᠎ᠠ ᠨᠠᠷᠠ︾᠂ ︽ᠪᠤᠳᠠᠭ᠎ᠠ ᠵᠥᠭᠡᠭᠡᠪᠦᠷᠢᠯᠡᠬᠦ ᠪᠠᠷ ᠶᠠᠭᠠᠷᠠᠯᠳᠤᠨ᠎ᠠ︾ ᠵᠡᠷᠭᠡ ᠭᠤᠶᠢᠳᠠ | ᠰᠠᠶᠢᠬᠠᠨ ᠲᠣᠭᠯᠠᠯᠲᠠ ᠨᠤᠭᠤᠳ ᠢ ᠡᠭᠡᠯᠵᠢᠯᠡᠨ ᠲᠣᠭᠯᠠᠪᠠ᠃ ᠬᠠᠩᠭᠢᠨᠠᠮ᠎ᠠ ᠳᠠᠭᠤᠤ ᠶᠢᠨ ᠠᠶᠠᠰ ᠨᠢ ᠺᠠᠶᠢᠯᠤ ᠶᠢᠨ ᠠᠷᠠᠳ | ᠲᠦᠮᠡᠨ ᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠠᠩᠭᠢᠨᠠᠲᠠᠯ᠎ᠠ ᠳᠠᠭᠤᠯᠠᠵᠤ᠂ ᠪᠠᠶᠠᠷ ᠪᠠᠶᠠᠰᠬᠤᠯᠠᠩᠲᠤ ᠪᠥᠵᠢᠭ ᠨᠢ | ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠳᠡᠷᠡᠭᠦᠨ ᠠᠯᠬᠤᠭ᠎ᠠ ᠶᠢ ᠬᠠᠩᠭᠢᠨᠠᠲᠠᠯ᠎ᠠ | ᠳᠠᠭᠤᠯᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠡᠯ᠎ᠡ ᠪᠠᠯᠭᠠᠰᠤ ᠲᠠᠯᠠᠪᠠᠢ ᠳᠤ ᠪᠠᠰᠠ ᠣᠨᠴᠠᠯᠢᠭᠲᠤ | ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ ᠭᠠᠷᠭᠠᠵᠤ᠂ ᠮᠠᠰᠢ ᠤᠯᠠᠨ ᠬᠥᠮᠥᠰ ᠤᠨ ᠠᠩᠬᠠᠷᠤᠯ ᠢ ᠲᠠᠲᠠᠵᠤ᠂ | ᠠᠰᠠᠭᠤᠨ ᠯᠠᠪᠯᠠᠵᠤ᠂ ᠬᠤᠳᠠᠯᠳᠤᠨ ᠠᠪᠤᠪᠠ᠃ ︵ᠯᠢᠦᠢ ᡁᠢ ᠮᠢᠨ᠂ ᠯᠢ ᠮᠢᠩ ᠷᠠᠨ᠂ ᠪᠢ ᠯᠧ ᠲᠤᠸ᠂ ᠶᠠᠩ ᠬᠦᠶ ᠴᠢᠶᠠᠩ | ᠂ ᠸᠠᠩ ᠲᠢᠶᠠᠨ ᠢᠦᠢ︶ | |