9 ᠳ᠋ᠦ᠋ᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠢᠶᠠᠩ ᠡᠾᠦ᠋ᠩ ᠨᠠᠷ | ᠮᠠᠨ ᠤ ᠰᠢᠶᠠᠨ ᠳᠤ ᠢᠷᠡᠵᠦ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠪᠠᠶᠢᠭᠤᠯᠤᠯᠲᠠ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ | ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠯᠧ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢᠦ ᠶᠠᠩ᠂ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ | ᠼᠦᠨ ᠰᠢᠸ ᠵᠢᠴᠢ ᠬᠤᠲᠠ ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠨᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳ᠋ᠦᠩ ᠹᠧᠩ ᠪᠠᠯᠭᠠᠰᠤᠨ ᠤ ᠵᠥᠩ | ᠰᠢᠨ ᠨᠠᠰᠤᠲᠠᠨ ᠢ ᠠᠰᠠᠷᠠᠬᠤ ᠬᠦᠷᠢᠶᠡᠯᠡᠩ᠂ ᠵᠢᠶᠠᠨ ᠬᠤᠸᠠ ᠪᠠᠯᠭᠠᠰᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ᠂ ᠰᠢᠶᠣᠣ ᠵᠢᠶᠧ ᠵᠢᠢ ᠪᠠᠯᠭᠠᠰᠤᠨ ᠤ ᠬᠤᠰᠢᠭᠤᠴᠢ ᠲᠣᠰᠬᠤᠨ ᠤ ᠨᠠᠰᠤᠵᠢᠯ ᠤᠨ ᠠᠰᠠᠷᠠᠮᠵᠢ | ᠶᠢᠨ ᠦᠢᠯᠡᠴᠢᠯᠡᠭᠡᠨ ᠤ ᠦᠷᠳᠡᠭᠡ᠂ ᠰᠢᠶᠣᠣ ᠵᠢᠶᠧ ᠵᠢᠢ ᠪᠠᠯᠭᠠᠰᠤᠨ ᠤ ᠭᠤᠷᠪᠠᠨ ᠬᠤᠳᠳᠤᠭ ᠲᠣᠰᠬᠤᠨ ᠤ | ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠳᠤ ᠬᠦᠷᠴᠦ᠂ ᠲᠤᠬᠠᠢ ᠶᠢᠨ ᠭᠠᠵᠠᠷ ᠲᠤᠨᠢ ᠰᠢᠨᠵᠢᠯᠡᠨ | ᠪᠠᠶᠢᠴᠠᠭᠠᠬᠤ᠂ ᠲᠠᠨᠢᠯᠴᠠᠭᠤᠯᠭ᠎ᠠ ᠶᠢ ᠰᠣᠨᠣᠰᠬᠤ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ | ᠮᠠᠨ ᠤ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | | | | | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠰᠢᠶᠠᠨ ᠤ ᠠᠷᠠᠳ ᠤᠨ ᠶᠠᠪᠤᠳᠠᠯ ᠤᠨ ᠬᠤᠯᠪᠣᠭᠳᠠᠯ | ᠪᠦᠬᠦᠢ ᠠᠵᠢᠯ ᠢ ᠭᠦᠢᠴᠡᠳ ᠨᠤᠲᠠᠯᠠᠵᠤ᠂ ᠵᠢᠭᠠᠭᠰᠠᠨ ᠨᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠣᠯ | ᠨᠠᠰᠤᠲᠠᠶᠢᠴᠤᠳ ᠤᠨ ᠰᠠᠶᠢᠨ ᠰᠠᠶᠢᠬᠠᠨ ᠠᠮᠢᠳᠤᠷᠠᠯ ᠢ ᠪᠡᠶᠡᠯᠡᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠂ | ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠲᠡᠯᠪᠡᠯ ᠬᠦᠷᠲᠡᠬᠦ ᠠᠰᠠᠷᠠᠮᠵᠢ ᠲᠠᠢ ᠪᠣᠯᠭᠠᠬᠤ ᠶᠢ | ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠭᠠᠬᠤ ᠶᠢ ᠠᠬᠢᠭᠤᠯᠬᠤ ᠬᠡᠷᠡᠭᠲᠡᠢ︔ ᠬᠥᠭᠵᠢᠯᠲᠡ ᠶᠢᠨ ᠳᠤᠮᠳᠠ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠴᠢᠬᠤᠯᠠᠴᠢᠯᠠᠵᠤ᠂ ᠠᠵᠢᠯ ᠤᠨ ᠳᠤᠲᠠᠭᠤᠳᠠᠯ ᠢ | ᠴᠢᠨᠠᠭᠰᠢᠳᠠ ᠨᠥᠬᠦᠪᠦᠷᠢᠯᠡᠵᠦ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ | ᠶᠢ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ | ᠪᠠᠶᠢᠴᠠᠭᠠᠨ ᠰᠤᠳᠤᠯᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠠᠭᠤᠷᠢ | ᠲᠥᠬᠦᠭᠡᠷᠦᠮᠵᠢ ᠪᠠ ᠦᠢᠯᠡᠴᠢᠯᠡᠭᠡᠨ ᠤ ᠴᠢᠳᠠᠮᠵᠢ ᠶᠢᠨ ᠲᠠᠯ᠎ᠠ ᠪᠠᠷ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ ᠪᠡᠶᠡᠯᠡᠭᠦᠯᠵᠦ᠂ ᠨᠠᠰᠤᠲᠠᠶᠢᠴᠤᠳ ᠲᠤ ᠠᠮᠤᠷ ᠲᠦᠪᠰᠢᠨ ᠲᠠᠭᠠᠯᠠᠮᠵᠢᠲᠠᠢ ᠠᠮᠢᠳᠤᠷᠠᠯ ᠤᠨ ᠣᠷᠴᠢᠨ | ᠨᠥᠬᠦᠴᠡᠯ ᠢ ᠬᠠᠩᠭᠠᠬᠤ ᠬᠡᠷᠡᠭᠲᠡᠢ︔ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠠᠵᠢᠯ ᠢ ᠰᠠᠶᠢᠲᠤᠷ ᠬᠢᠵᠦ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠶᠢ | ᠶᠡᠬᠡᠪᠡᠷ ᠠᠬᠢᠭᠤᠯᠵᠤ᠂ ᠨᠠᠰᠤᠲᠠᠶᠢᠴᠤᠳ ᠤᠨ ᠡᠮᠨᠡᠬᠦ ᠪᠠ ᠰᠤᠪᠢᠯᠠᠬᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ | ᠬᠡᠷᠡᠭᠲᠡᠢ︔ ᠬᠥᠳᠡᠭᠡ ᠲᠣᠰᠬᠤᠨ ᠤ ᠭᠡᠷ ᠲᠡᠭᠡᠨ ᠰᠠᠭᠤᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠳᠤᠮᠳᠠᠬᠢ | ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠴᠢᠬᠤᠯᠠ ᠦᠢᠯᠡᠳᠦᠯ ᠢ ᠪᠠᠳᠠᠷᠠᠭᠤᠯᠵᠤ᠂ ᠰᠠᠶᠢᠨ | ᠳᠤᠷ᠎ᠠ ᠶᠢᠨ ᠦᠢᠯᠡᠴᠢᠯᠡᠭᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠲᠦᠰᠢᠭᠯᠡᠨ᠂ ᠲᠠᠯᠠᠪᠤᠷ ᠭᠠᠵᠠᠷ᠂ | ᠮᠡᠷᠭᠡᠵᠢᠯ᠂ ᠴᠢᠳᠠᠪᠤᠷᠢᠲᠠᠨ ᠵᠡᠷᠭᠡ ᠣᠯᠠᠨ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠨᠠᠰᠤᠲᠠᠶᠢᠴᠤᠳ ᠲᠤ ᠨᠠᠩ ᠲᠤᠰᠬᠠᠢ ᠮᠡᠷᠭᠡᠵᠢᠯ ᠤᠨ᠂ ᠨᠠᠩ ᠨᠠᠷᠢᠯᠢᠭ᠂ ᠨᠠᠩ ᠣᠯᠠᠨ ᠡᠰᠢᠴᠢᠯᠡᠭᠰᠡᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠡᠳ᠋ᠯᠡᠭᠦᠯᠬᠦ ᠬᠡᠷᠡᠭᠲᠡᠢ︔ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠥᠴᠢᠷ ᠠᠷᠠᠳ ᠤᠨ ᠶᠠᠪᠤᠳᠠᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠰᠠᠭᠤᠷᠢᠯᠠᠬᠤ ᠶᠢ | ᠪᠠᠷᠢᠮᠲᠠᠯᠠᠵᠤ᠂ ᠡᠯ᠎ᠡ ᠨᠠᠰᠤᠵᠢᠯ ᠤᠨ ᠪᠠᠶᠢᠭᠤᠯᠤᠮᠵᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠰᠤᠵᠢᠯ ᠤᠨ | ᠦᠢᠯᠡᠴᠢᠯᠡᠭᠡ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ᠂ ᠪᠡᠯᠡ ᠮᠥᠩᠭᠦ ᠪᠠ ᠲᠥᠷᠥᠯ ᠵᠦᠢᠯ ᠤᠨ ᠲᠠᠯ᠎ᠠ ᠪᠠᠷ ᠳᠡᠮᠵᠢᠯᠭᠡ ᠦᠵᠡᠭᠦᠯᠵᠦ᠂ ᠠᠷᠠᠳ ᠤᠨ | ᠠᠮᠢᠳᠤᠷᠠᠯ ᠤᠨ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ | ᠪᠠ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ | ᠯᠢᠦ ᠶᠠᠩ ᠢᠯᠡᠷᠬᠡᠶᠢᠯᠡᠭᠰᠡᠨ ᠨᠢ᠂ ᠠᠷᠠᠳ ᠤᠨ ᠶᠠᠪᠤᠳᠠᠯ ᠤᠨ ᠠᠵᠢᠯ ᠨᠢ ᠠᠷᠠᠳ ᠤᠨ ᠠᠮᠢᠳᠤᠷᠠᠯ ᠲᠠᠢ | ᠬᠤᠯᠪᠣᠭᠳᠠᠵᠤ᠂ ᠠᠷᠠᠳ ᠤᠨ ᠰᠡᠳᠬᠢᠯ ᠲᠠᠢ ᠬᠤᠯᠪᠣᠭᠳᠠᠵᠤ᠂ ᠨᠡᠶᠢᠭᠡᠮ ᠤᠨ ᠪᠠᠶᠢᠭᠤᠯᠤᠯᠲᠠ ᠶᠢᠨ ᠦᠨᠳᠦᠰᠦᠨ | ᠵᠦᠢᠯ ᠢ ᠪᠠᠲᠤᠯᠠᠬᠤ ᠴᠢᠨᠠᠷᠲᠠᠢ ᠰᠠᠭᠤᠷᠢ ᠠᠵᠢᠯ ᠪᠣᠯᠣᠨ᠎ᠠ᠂ ᠡᠨᠡ ᠬᠦ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ | ᠠᠴᠢ ᠬᠤᠯᠪᠣᠭᠳᠠᠯ ᠲᠠᠢ ᠶᠤᠮ᠃ ᠮᠠᠨ ᠤ ᠰᠢᠶᠠᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠵᠢᠯᠣᠭᠤᠳᠤᠯᠭ᠎ᠠ ᠶᠢᠨ | ᠴᠢᠨᠠᠷᠲᠠᠢ ᠰᠠᠨᠠᠯ ᠶᠣᠰᠣᠭᠠᠷ᠂ ᠡᠯ᠎ᠡ ᠵᠦᠢᠯ ᠤᠨ ᠠᠷᠠᠳ ᠤᠨ ᠶᠠᠪᠤᠳᠠᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ | ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠡᠯ᠎ᠡ ᠲᠠᠯ᠎ᠠ ᠪᠠᠷ ᠠᠷᠠᠳ ᠤᠨ ᠶᠠᠪᠤᠳᠠᠯ ᠤᠨ ᠠᠵᠢᠯ ᠳᠤ ᠡᠩ | ᠲᠡᠷᠢᠭᠦᠨ ᠳᠤ ᠳᠡᠮᠵᠢᠯᠭᠡ ᠪᠠ ᠭᠤᠣᠯᠳᠠᠯᠭ᠎ᠠ ᠲᠠᠢ ᠪᠠᠲᠤᠯᠠᠭ᠎ᠠ ᠦᠵᠡᠭᠦᠯᠵᠦ᠂ ᠠᠷᠠᠳ ᠤᠨ ᠶᠠᠪᠤᠳᠠᠯ ᠤᠨ ᠦᠢᠯᠡᠰ ᠤᠨ | ᠦᠷᠭᠦᠯᠵᠢᠯᠡᠬᠦ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ︵ᠶᠠᠩ ᠵᠢᠩ ᠰᠢᠨ᠂ ᠬᠤ᠋ | ᠯᠢ ᠵᠦᠩ︶ | | |