9 ᠰᠠᠷ᠎ᠠ ᠶᠢᠨ 25 ᠤ ᠡᠳᠦᠷ᠂ ᠪᠦᠬᠦ ᠰᠢᠶᠠᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠵᠤ᠂ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ | ᠵᠣᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠦᠬᠦ ᠰᠢᠶᠠᠨ ᠤ ᠨᠠᠮ ᠤᠨ | ᠪᠠᠶᠢᠭᠤᠯᠤᠯᠲᠠ ᠪᠣᠯᠣᠨ ᠵᠣᠬᠢᠶᠠᠨ ᠪᠠᠶᠢᠭᠤᠯᠬᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ | ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠸᠠᠩ ᠹᠧᠩ ᠰᠧᠨ᠂ ᠯᠢᠦ ᠶᠣᠣ᠂ ᠸᠠᠩ ᠶᠠᠨ᠂ ᠰᠤ᠋ ᠰᠢᠤᠸᠠᠢ | ᠴᠢᠤᠸᠠᠨ ᠨᠠᠷ ᠬᠤᠷᠠᠯ ᠳᠤ ᠣᠷᠣᠯᠴᠠᠵᠤ᠂ ᠼᠤᠤ ᠰᠢᠶᠠᠨ ᠵᠢᠩ ᠬᠤᠷᠠᠯ ᠡᠷᠭᠢᠯᠡᠪᠡ᠃ | | | | | | ᠸᠠᠩ ᠹᠧᠩ ᠰᠧᠨ ᠵᠢᠭᠠᠭᠰᠠᠨ ᠨᠢ᠂ ᠣᠶᠢᠷ᠎ᠠ ᠶᠢᠨ ᠵᠢᠯ ᠠᠴᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ | ᠪᠣᠯᠣᠨ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠰᠢᠨ᠎ᠡ | ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠣᠨ ᠰᠢᠨ᠎ᠡ ᠴᠠᠭ ᠦᠶ᠎ᠡ ᠶᠢᠨ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠭᠤᠰᠢᠯᠠᠭᠤᠯᠵᠤ᠂ ᠶᠡᠭᠡ ᠲᠠᠯ᠎ᠠ ᠳᠤ ᠦᠢᠯᠡᠴᠢᠯᠡᠵᠦ | ᠬᠥᠭᠵᠢᠯᠲᠡ ᠶᠢ ᠠᠬᠢᠭᠤᠯᠬᠤ᠂ ᠲᠤᠭ ᠡᠷᠭᠦᠨ ᠰᠦᠭ ᠰᠦᠨᠡᠰᠦ ᠶᠢ ᠱᠤᠭᠤᠵᠤ ᠦᠵᠡᠯ ᠰᠠᠨᠠᠭ᠎ᠠ ᠶᠢ ᠴᠢᠩᠭᠠᠳᠬᠠᠬᠤ | ᠶᠢ ᠪᠠᠷᠢᠮᠲᠠᠯᠠᠵᠤ᠂ ᠢᠯᠡ ᠲᠣᠳᠣ ᠤᠳᠤᠷᠢᠳᠤᠮᠵᠢ ᠪᠠᠷ ᠺᠠᠳ᠋ᠷ ᠰᠣᠩᠭᠤᠬᠤ᠂ ᠰᠠᠭᠤᠷᠢ ᠶᠢ ᠪᠠᠲᠤᠳᠬᠠᠨ ᠰᠠᠭᠤᠷᠢ ᠶᠢ | ᠠᠳᠬᠤᠬᠤ᠂ ᠭᠠᠳᠠᠭᠠᠳᠤ ᠠᠴᠠ ᠣᠷᠣᠭᠤᠯᠵᠤ ᠳᠣᠲᠣᠭᠠᠳᠤ ᠳᠠᠭᠠᠨ ᠴᠢᠳᠠᠪᠤᠷᠢᠲᠠᠨ ᠢ ᠬᠥᠮᠥᠵᠢᠭᠦᠯᠦᠨ | ᠴᠤᠭᠯᠠᠷᠠᠭᠤᠯᠬᠤ ᠶᠢᠨ ᠵᠡᠷᠭᠡᠪᠡᠷ ᠬᠦᠴᠦᠯᠡᠬᠦ ᠶᠢ ᠪᠠᠷᠢᠮᠲᠠᠯᠠᠵᠤ᠂ ᠪᠦᠬᠦ ᠰᠢᠶᠠᠨ ᠤ ᠨᠠᠮ ᠤᠨ ᠪᠠᠶᠢᠭᠤᠯᠤᠯᠲᠠ ᠪᠠ | ᠵᠣᠬᠢᠶᠠᠨ ᠪᠠᠶᠢᠭᠤᠯᠤᠯᠲᠠ ᠶᠢᠨ ᠠᠵᠢᠯ ᠳᠤ ᠰᠢᠨ᠎ᠡ ᠦᠷ᠎ᠡ ᠪᠦᠲᠦᠮᠵᠢ᠂ ᠰᠢᠨ᠎ᠡ ᠰᠢᠪᠲᠤᠯᠤᠯᠲᠠ ᠭᠠᠷᠭᠠᠬᠤ ᠶᠢ | ᠠᠬᠢᠭᠤᠯᠪᠠ᠃ | ᠸᠠᠩ ᠹᠧᠩ ᠰᠧᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ | ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ | ᠪᠠᠶᠢᠭᠤᠯᠤᠯᠲᠠ ᠪᠣᠯᠣᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠦᠨᠳᠦᠰᠦᠨ ᠵᠢᠷᠤᠮᠯᠠᠯ ᠢ ᠣᠨᠣᠪᠴᠢᠲᠠᠢ | ᠡᠵᠡᠮᠳᠡᠨ ᠰᠠᠶᠢᠲᠤᠷ ᠠᠳᠬᠤᠬᠤ ᠬᠡᠷᠡᠭᠲᠡᠢ᠃ ᠰᠤᠳᠤᠯᠤᠨ ᠰᠤᠷᠤᠯᠴᠠᠬᠤ ᠶᠢᠨ ᠣᠶᠢᠯᠠᠭᠠᠯᠲᠠ ᠪᠠᠨ ᠲᠠᠰᠤᠷᠠᠯᠲᠠ | ᠦᠭᠡᠢ ᠭᠦᠨᠵᠡᠭᠡᠶᠢᠷᠡᠭᠦᠯᠵᠦ᠂ ᠪᠠᠷᠢᠮᠵᠢᠶ᠎ᠠ ᠳᠤ ᠵᠣᠬᠢᠴᠠᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ | ᠵᠣᠬᠢᠶᠠᠨ ᠪᠠᠶᠢᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠲᠦᠯᠬᠢᠨ | ᠠᠬᠢᠭᠤᠯᠬᠤ ᠬᠡᠷᠡᠭᠲᠡᠢ᠃ | ᠸᠠᠩ ᠹᠧᠩ ᠰᠧᠨ ᠱᠠᠭᠠᠷᠳᠠᠭᠰᠠᠨ ᠨᠢ᠂ ᠪᠦᠬᠦ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ | ᠲᠥᠪᠯᠡᠷᠡᠭᠦᠯᠵᠦ᠂ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠦᠬᠦ ᠰᠢᠶᠠᠨ ᠤ ᠨᠠᠮ ᠤᠨ | ᠪᠠᠶᠢᠭᠤᠯᠤᠯᠲᠠ ᠪᠣᠯᠣᠨ ᠵᠣᠬᠢᠶᠠᠨ ᠪᠠᠶᠢᠭᠤᠯᠤᠯᠲᠠ ᠶᠢᠨ ᠠᠵᠢᠯ ᠳᠤ ᠨᠡᠩ ᠶᠡᠭᠡ ᠦᠷ᠎ᠡ ᠪᠦᠲᠦᠮᠵᠢ ᠣᠯᠬᠤ ᠶᠢ | ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠰᠢᠨ᠎ᠡ | ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ︔ ᠬᠥᠭᠵᠢᠭᠦᠯᠬᠦ᠂ ᠬᠡᠯᠪᠡᠷᠢ ᠶᠢ ᠬᠤᠪᠢᠷᠠᠭᠤᠯᠤᠨ | ᠲᠡᠰ ᠳᠡᠪᠰᠢᠭᠦᠯᠬᠦ ᠠᠵᠠ ᠲᠣᠬᠢᠶᠠᠯᠳᠤ ᠬᠤᠭᠤᠴᠠᠭ᠎ᠠ ᠶᠢ ᠠᠳᠬᠤᠵᠤ᠂ ᠴᠢᠳᠠᠪᠤᠷᠢᠲᠠᠨ ᠢ ᠪᠦᠬᠦ ᠲᠠᠯ᠎ᠠ ᠪᠠᠷ | ᠬᠥᠮᠥᠵᠢᠭᠦᠯᠵᠦ ᠣᠷᠣᠭᠤᠯᠤᠨ ᠠᠪᠴᠢᠷᠠᠵᠤ ᠰᠠᠶᠢᠲᠤᠷ ᠬᠡᠷᠡᠭᠯᠡᠬᠦ ᠬᠡᠷᠡᠭᠲᠡᠢ︔ ᠳᠡᠭᠡᠳᠦ ᠳᠣᠣᠷᠠᠳᠤ ᠱᠠᠲᠤ ᠶᠢ | ᠨᠡᠪᠲᠡᠷᠡᠭᠦᠯᠦᠭᠰᠡᠨ᠂ ᠬᠡᠷᠡᠭᠵᠢᠭᠦᠯᠬᠦ ᠳᠤ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠵᠤ᠂ | ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠳᠣᠬᠢᠴᠢᠯᠠᠭᠰᠠᠨ ᠺᠠᠶᠢᠯᠤ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠬᠤᠷᠠᠯ ᠳᠡᠭᠡᠷ᠎ᠡ᠂ ᠯᠢᠦ ᠶᠣᠣ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠪᠣᠯᠣᠨ | ᠵᠣᠬᠢᠶᠠᠨ ᠪᠠᠶᠢᠭᠤᠯᠬᠤ ᠠᠵᠢᠯ ᠤᠨ ᠲᠤᠬᠠᠢ ᠴᠢᠬᠤᠯᠠ ᠵᠢᠭᠠᠪᠤᠷᠢ ᠵᠢᠴᠢ ᠪᠦᠬᠦ ᠤᠯᠤᠰ᠂ ᠪᠦᠬᠦ ᠣᠷᠣᠨ᠂ ᠪᠦᠬᠦ | ᠬᠤᠳᠠ ᠶᠢᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠰᠢᠶᠠᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠰᠢᠶᠠᠨ ᠤ ᠨᠠᠮ ᠤᠨ ᠬᠤᠷᠢᠶ᠎ᠠ 31 ᠨᠠᠮ ᠤᠨ ᠬᠤᠷᠢᠶ᠎ᠠ ᠶᠢ ᠰᠢᠭᠤᠳ | ᠬᠠᠮᠢᠶᠠᠷᠴᠤ᠂ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠳᠡᠳ᠋ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ | ᠨᠠᠮ ᠤᠨ ᠠᠯᠪᠠᠨ ᠭᠡᠷ ᠤᠨ ᠡᠷᠬᠢᠯᠡᠭᠴᠢ᠂ ᠰᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯ ᠤᠨ | ᠬᠤᠷᠢᠶ᠎ᠠ ᠳᠤ ᠬᠠᠷᠢᠶᠠᠯᠠᠭᠳᠠᠬᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ | ᠰᠢᠶᠠᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠤᠳᠤᠷᠢᠳᠬᠤ ᠪᠠᠭ ᠤᠨ ᠪᠦᠷᠢᠯᠳᠦᠭᠦᠨ | ᠪᠣᠯᠣᠨ ᠪᠦᠬᠦ ᠺᠠᠳ᠋ᠷ ᠬᠤᠷᠠᠯ ᠳᠤ ᠣᠷᠣᠯᠴᠠᠪᠠ᠃ ︵ᠴᠢᠨ ᠶᠢᠩ᠂ ᠰᠢᠶᠣᠣ ᠪᠥᠸᠧ᠂ ᠸᠠᠩ ᠱᠤᠸᠠᠢ᠂ ᠵᠢᠢ ᠳ᠋ᠦᠩ᠂ | ᠲᠢᠶᠠᠨ ᠱᠢ︶ | |