2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠯᠠᠷᠢᠯ ᠤᠨ ᠦᠵᠡᠭᠦᠯᠭᠡ ᠶᠢᠨ ᠬᠢᠨᠠᠨ ᠰᠢᠯᠭᠠᠵᠤ ᠦᠨᠡᠯᠡᠨ ᠵᠢᠱᠢᠬᠦ ᠶᠢ ᠠᠬᠢᠭᠤᠯᠬᠤ ᠬᠤᠷᠠᠯ ᠬᠤᠷᠠᠯᠳᠤᠪᠠ᠂ ᠸᠠᠩ ᠹᠧᠩ ᠰᠧᠨ ᠬᠤᠷᠠᠯ  ᠳᠤ ᠣᠷᠣᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/9/26
      9 ᠰᠠᠷ᠎ᠠ ᠶᠢᠨ 25 ᠤ ᠡᠳᠦᠷ᠂ 2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠯᠠᠷᠢᠯ ᠤᠨ ᠦᠵᠡᠭᠦᠯᠭᠡ ᠶᠢᠨ ᠬᠢᠨᠠᠨ ᠰᠢᠯᠭᠠᠵᠤ ᠦᠨᠡᠯᠡᠨ ᠵᠢᠱᠢᠬᠦ ᠶᠢ ᠠᠬᠢᠭᠤᠯᠬᠤ ᠬᠤᠷᠠᠯ ᠬᠤᠷᠠᠯᠳᠤᠪᠠ᠃ ᠰᠢᠶᠠᠨ  ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
      图片36.jpg
      ᠸᠠᠩ ᠹᠧᠩ ᠰᠧᠨ ᠵᠢᠭᠠᠭᠰᠠᠨ ᠨᠢ᠂ ᠭᠤᠷᠪᠠᠳᠤᠭᠠᠷ ᠤᠯᠠᠷᠢᠯ ᠳᠤ ᠤᠳᠠᠬᠤ ᠦᠭᠡᠢ ᠲᠡᠭᠦᠰᠴᠦ᠂ ᠳᠥᠷᠪᠡᠳᠦᠭᠡᠷ ᠤᠯᠠᠷᠢᠯ ᠳᠤ ᠰᠢᠪᠲᠤᠯᠤᠯᠲᠠ ᠬᠢᠬᠦ ᠭᠡᠵᠦ ᠪᠠᠶᠢᠭ᠎ᠠ ᠦᠶ᠎ᠡ ᠳᠤ᠂ ᠪᠢᠳᠡ ᠭᠤᠷᠪᠠᠨ ᠡᠳᠦᠷ ᠤᠨ ᠴᠠᠭ ᠢ ᠲᠥᠪᠯᠡᠷᠡᠭᠦᠯᠦᠨ ᠠᠰᠢᠭᠯᠠᠵᠤ᠂ ᠪᠠᠯᠭᠠᠰᠤ ᠲᠠᠯᠠᠪᠠᠢ ᠶᠢᠨ ᠠᠵᠢᠯ ᠤᠨ ᠲᠣᠭᠤᠷᠢᠨ ᠦᠵᠡᠬᠦ ᠲᠤᠬᠠᠢ ᠶᠢᠨ ᠲᠠᠯᠠᠪᠤᠷ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠂ ᠡᠨᠡ ᠨᠢ ᠨᠢᠭᠡ ᠤᠳᠠᠭ᠎ᠠ ᠶᠢᠨ ᠠᠮᠢᠳᠤᠯᠢᠭ ︽ᠲᠤᠬᠠᠢ ᠶᠢᠨ ᠲᠠᠯᠠᠪᠤᠷ ᠤᠨ ᠵᠢᠭᠠᠨ ᠰᠤᠷᠭᠠᠯᠲᠠ︾ ᠪᠣᠯᠵᠤ᠂ ᠪᠠᠰᠠ ᠨᠢᠭᠡ ᠤᠳᠠᠭ᠎ᠠ ᠶᠢᠨ ᠱᠠᠲᠤᠴᠢ ᠴᠢᠨᠠᠷᠲᠠᠢ ︽ᠠᠵᠢᠯ ᠤᠨ ᠳ᠋ᠦᠩᠨᠡᠯᠲᠡ︾ ᠪᠣᠯᠣᠨ᠎ᠠ᠂ ᠨᠡᠩ ᠴᠤ ᠨᠢᠭᠡ ᠤᠳᠠᠭ᠎ᠠ ᠶᠢᠨ ᠭᠦᠨᠵᠡᠭᠡᠢ ︽ᠪᠠᠷᠢᠮᠵᠢᠶ᠎ᠠ ᠲᠠᠢ ᠵᠣᠯᠭᠠᠭᠤᠯᠬᠤ ᠰᠣᠯᠢᠯᠴᠠᠭ᠎ᠠ︾ ᠪᠣᠯᠣᠨ᠎ᠠ᠃ ᠡᠭᠦᠨ ᠤ ᠭᠤᠣᠯ ᠵᠣᠷᠢᠯᠭ᠎ᠠ ᠨᠢ᠄ ︽ᠠᠬᠢᠴᠠ ᠶᠢ ᠢᠯᠡ ᠪᠣᠯᠭᠠᠬᠤ᠂ ᠦᠷ᠎ᠡ ᠪᠦᠲᠦᠮᠵᠢ  ᠶᠢ ᠠᠳᠠᠯᠢᠳᠬᠠᠬᠤ᠂ ᠪᠣᠳᠠᠲᠤ ᠪᠦᠲᠦᠮᠵᠢ ᠶᠢ ᠦᠨᠡᠯᠡᠬᠦ︾ ᠪᠠᠷ ᠳᠠᠮᠵᠢᠭᠤᠯᠤᠨ ᠪᠦᠬᠦ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ ᠪᠣᠯᠪᠠᠰᠤᠷᠠᠭᠤᠯᠬᠤ ᠪᠠᠷ ᠳᠠᠮᠵᠢᠭᠤᠯᠤᠨ᠂ ᠨᠢᠭᠡᠳᠦᠭᠡᠷ ᠤᠯᠠᠷᠢᠯ ᠠᠴᠠ ᠨᠠᠰᠢᠬᠢ ᠡᠯ᠎ᠡ ᠪᠠᠯᠭᠠᠰᠤ ᠲᠠᠯᠠᠪᠠᠢ ᠶᠢᠨ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠵᠡᠷᠭᠡ ᠡᠯ᠎ᠡ ᠲᠠᠯ᠎ᠠ ᠶᠢᠨ ᠠᠵᠢᠯ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ᠂ ᠰᠢᠨ᠎ᠡ ᠰᠢᠪᠲᠤᠯᠤᠯᠲᠠ  ᠶᠢ ᠪᠦᠬᠦ ᠲᠠᠯ᠎ᠠ ᠪᠠᠷ ᠪᠠᠶᠢᠴᠠᠭᠠᠨ ᠦᠵᠡᠵᠦ᠂ ᠪᠦᠬᠦ ᠰᠢᠶᠠᠨ ᠤ ᠵᠣᠷᠢᠭ ᠢ ᠤᠯᠠᠮ ᠨᠢᠭᠡ ᠠᠯᠬᠤᠮ ᠬᠥᠪᠴᠢᠯᠡᠵᠦ᠂ ᠵᠣᠷᠢᠭ ᠰᠠᠨᠠᠭ᠎ᠠ ᠶᠢ ᠨᠢ ᠬᠥᠭᠵᠢᠭᠡᠵᠦ᠂ ᠡᠷᠴᠢ ᠵᠣᠷᠢᠭ ᠢ ᠨᠢ ᠲᠠᠬᠢᠨ ᠬᠥᠪᠴᠢᠯᠡᠵᠦ᠂ ᠠᠷᠭ᠎ᠠ ᠬᠡᠮᠵᠢᠶ᠎ᠡ ᠶᠢ ᠨᠢ ᠲᠠᠬᠢᠨ ᠨᠡᠮᠡᠭᠳᠡᠭᠦᠯᠵᠦ᠂ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠵᠦ᠂ ᠵᠢᠯ  ᠤᠨ ᠡᠴᠦᠰ ᠠᠴᠠ ᠡᠮᠦᠨ᠎ᠡ ᠨᠢᠭᠡ ᠬᠤᠪᠢ ᠬᠦᠨᠳᠦ ᠲᠠᠢ᠂ ᠬᠢᠯᠠᠰ ᠴᠡᠭ ᠲᠠᠢ ᠬᠢᠷᠢ ᠪᠦᠲᠦᠮᠵᠢ ᠶᠢᠨ ᠬᠠᠭᠤᠳᠠᠰᠤ ᠲᠤᠰᠢᠶᠠᠬᠤ ᠶᠢ ᠪᠠᠲᠤᠯᠠᠬᠤ ᠬᠡᠷᠡᠭᠲᠡᠢ᠃      ᠸᠠᠩ ᠹᠧᠩ ᠰᠧᠨ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠲᠦᠷᠭᠡᠨ ᠬᠤᠪᠢᠷᠠᠭᠤᠯᠵᠤ᠂ ᠲᠣᠭᠤᠷᠢᠨ ᠦᠵᠡᠵᠦ ᠪᠣᠯᠪᠠᠰᠤᠷᠠᠬᠤ ᠪᠠᠷ ᠰᠢᠨ᠎ᠡ ᠭᠠᠷᠤᠭ᠎ᠠ ᠪᠣᠯᠭᠠᠵᠤ᠂ ᠭᠤᠯᠳᠤ ᠴᠢᠭᠯᠡᠯ ᠤᠨ ᠬᠠᠷᠢᠴᠠᠭᠤᠯᠤᠯ ᠤᠨ ᠳᠤᠮᠳᠠ ᠠᠴᠠ ᠳᠠᠪᠰᠢᠯᠲᠠ ᠶᠢ ᠣᠯᠵᠤ ᠬᠠᠷᠠᠵᠤ᠂ ᠬᠥᠨᠳᠡᠯᠡᠨ ᠢᠶᠠᠷ ᠠᠳᠠᠯᠢᠳᠬᠠᠬᠤ ᠳᠤᠮᠳᠠ ᠵᠥᠷᠢᠶ᠎ᠡ ᠪᠠᠨ ᠣᠯᠵᠤ᠂ ᠬᠠᠷᠢᠯᠴᠠᠨ ᠰᠣᠯᠢᠯᠴᠠᠬᠤ ᠳᠤᠮᠳᠠ ᠤᠬᠠᠮᠰᠠᠷ ᠢᠶᠠᠨ ᠳᠡᠭᠡᠭᠰᠢᠯᠡᠭᠦᠯᠵᠦ᠂ ᠦᠵᠡᠯᠲᠡ ᠪᠠᠨ ᠤᠯᠠᠮ ᠴᠢᠨᠠᠭᠰᠢᠳᠠ ᠰᠢᠨᠡᠳᠬᠡᠵᠦ᠂ ᠦᠵᠡᠯ ᠰᠠᠨᠠᠭ᠎ᠠ ᠪᠠᠨ ᠴᠢᠯᠦᠭᠡᠯᠡᠵᠦ᠂ ᠬᠥᠭᠵᠢᠯᠲᠡ ᠶᠢᠨ ᠰᠡᠳᠬᠢᠴᠡ ᠪᠠᠨ ᠥᠷᠭᠡᠳᠬᠡᠵᠦ᠂ ᠣᠷᠣᠨ ᠳᠡᠪᠰᠢᠬᠦ ᠬᠥᠳᠡᠯᠭᠡᠬᠦ ᠬᠦᠴᠦᠨ ᠢ ᠬᠥᠭᠵᠢᠭᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ︽ᠰᠢᠨᠲᠠᠷᠠᠰᠢ ᠦᠭᠡᠢ︾᠂ ᠤᠷᠳᠤ ᠬᠤᠭᠤᠴᠠᠭ᠎ᠠ ᠪᠠᠷ ᠴᠢᠷᠮᠠᠶᠢᠨ ᠲᠡᠮᠡᠴᠡᠬᠦ ︽ᠠᠵᠢᠯᠯᠠᠬᠤ︾ ᠬᠦᠴᠦᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠳᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠰᠠᠭᠤᠷᠢᠰᠢᠭᠤᠯᠬᠤ ᠳᠤ ᠲᠣᠬᠢᠷᠠᠮᠵᠢᠲᠠᠢ᠂ ᠠᠷᠠᠳ ᠤᠯᠠᠨ ᠢ ᠴᠢᠨᠡᠭᠡᠯᠢᠭᠵᠢᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠰᠡᠳᠬᠢᠬᠦᠢ ᠪᠠᠷ ᠲᠠᠷᠢᠶᠠᠯᠠᠩ ᠮᠠᠯ ᠠᠵᠤ ᠠᠬᠤᠢ ᠶᠢ ᠲᠥᠯᠥᠪᠵᠢᠭᠦᠯᠬᠦ ᠶᠢ ᠪᠠᠷᠢᠮᠲᠠᠯᠠᠬᠤ ᠬᠡᠷᠡᠭᠲᠡᠢ᠃ ᠣᠳᠣᠬᠠᠨ ᠤ ᠪᠠᠶᠢᠳᠠᠯ ᠠᠴᠠ ᠦᠵᠡᠪᠡᠯ᠂ ᠮᠠᠨ ᠤ ᠭᠤᠣᠯᠯᠠᠬᠤ ᠠᠵᠤ ᠦᠢᠯᠡᠰ ᠨᠢᠭᠡᠨᠲᠡ ᠠᠯᠬᠤᠮ ᠠᠯᠬᠤᠮ ᠢᠶᠠᠷ ᠰᠡᠳᠦᠪ ᠠᠴᠠ ᠪᠠᠨ ᠰᠠᠯᠵᠤ᠂ ᠠᠩᠬ᠎ᠠ ᠠᠯᠬᠤᠮ ᠬᠡᠪᠴᠢᠶ᠎ᠡ ᠲᠠᠢ ᠪᠣᠯᠵᠤ᠂ ᠴᠢᠨᠠᠷ ᠪᠠ ᠬᠡᠮᠵᠢᠶ᠎ᠡ ᠶᠢ ᠵᠡᠷᠭᠡ ᠪᠠᠷ ᠳᠡᠭᠡᠭᠰᠢᠯᠡᠭᠦᠯᠪᠡ︔ ᠣᠨᠴᠠᠯᠢᠭᠲᠤ ᠠᠵᠤ ᠦᠢᠯᠡᠰ ᠢ ᠴᠦ ᠡᠬᠢᠯᠡᠨ ᠬᠠᠶᠢᠨ ᠰᠦᠪᠡᠭᠴᠢᠯᠡᠵᠦ᠂ ᠪᠠᠶᠢᠷᠢᠰᠢᠭᠤᠯᠤᠯᠲᠠ ᠶᠢ ᠲᠥᠯᠥᠪᠵᠢᠭᠦᠯᠵᠦ᠂ ᠤᠳᠤ ᠶᠠᠭ ᠭᠤᠣᠯᠯᠠᠬᠤ ᠠᠵᠤ ᠦᠢᠯᠡᠰ ᠤᠨ ᠰᠡᠬᠦᠶᠢᠨ ᠰᠦᠨᠳᠡᠷᠯᠡᠬᠦ᠂ ᠣᠨᠴᠠᠯᠢᠭᠲᠤ ᠠᠵᠤ ᠦᠢᠯᠡᠰ ᠤᠨ ᠲᠡᠭᠷᠢ ᠭᠠᠵᠠᠷ ᠢ ᠪᠦᠷᠬᠦᠭᠰᠡᠨ ᠴᠢᠭᠯᠡᠯ ᠲᠡᠶᠢᠰᠢ ᠠᠯᠬᠤᠮ ᠠᠯᠬᠤᠮ ᠢᠶᠠᠷ ᠬᠥᠭᠵᠢᠵᠦ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢᠨ ᠬᠠᠮᠲᠤ᠂ ᠬᠥᠭᠵᠢᠯᠲᠡ ᠶᠢᠨ ᠰᠡᠳᠬᠢᠬᠦᠢ ᠪᠠᠨ ᠲᠦᠷᠭᠡᠳᠬᠡᠨ ᠬᠤᠪᠢᠷᠠᠭᠤᠯᠵᠤ᠂ ᠠᠵᠤ ᠦᠢᠯᠡᠰ ᠤᠨ ᠪᠦᠲᠦᠴᠡ᠂ ᠲᠤᠯᠭᠠᠭᠤᠷᠢᠯᠠᠬᠤ ᠬᠥᠳᠡᠯᠭᠡᠬᠦ ᠬᠦᠴᠦᠨ᠂ ᠬᠥᠭᠵᠢᠯᠲᠡ ᠶᠢᠨ ᠠᠷᠭ᠎ᠠ ᠵᠠᠮ᠂ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠢ ᠳᠠᠬᠢᠨ ᠪᠣᠶ ᠪᠣᠯᠭᠠᠵᠤ᠂ ᠲᠠᠷᠢᠶᠠᠯᠠᠩ ᠤᠨ ︽ᠵᠠᠯᠭᠠᠭ᠎ᠠ ᠵᠠᠯᠭᠠᠭ᠎ᠠ ᠪᠠᠷ︾ ᠬᠥᠭᠵᠢᠬᠦ ᠶᠢ ᠠᠬᠢᠭᠤᠯᠤᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠢ᠃      ᠸᠠᠩ ᠹᠧᠩ ᠰᠧᠨ ᠱᠠᠭᠠᠷᠳᠠᠭᠰᠠᠨ ᠨᠢ᠂ ᠦᠨᠳᠦᠰᠦᠨ ᠱᠠᠲᠤᠨ ᠤ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠳᠤ ᠴᠢᠭᠯᠡᠭᠦᠯᠦᠨ᠂ ᠤᠳᠤᠷᠢᠳᠤᠯᠭ᠎ᠠ ᠶᠢ ᠳᠠᠭᠠᠭᠠᠴᠢᠯᠠᠨ ᠬᠤᠯᠪᠣᠭᠠᠯᠠᠵᠤ᠂ ᠡᠯ᠎ᠡ ᠪᠠᠯᠭᠠᠰᠤ ᠲᠠᠯᠠᠪᠠᠢ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠤᠳᠤᠷᠢᠳᠬᠤ ᠺᠠᠳ᠋ᠷ ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠵᠤ ᠰᠣᠷᠪᠤᠯᠵᠢᠯᠠᠭ᠎ᠠ ᠶᠢ ᠬᠦᠯᠢᠶᠡᠨ ᠠᠪᠴᠤ᠂ ᠬᠦᠯᠢᠶᠡᠨ ᠠᠪᠴᠤ ᠰᠢᠢᠳᠪᠦᠷᠢᠯᠡᠭᠰᠡᠨ ᠪᠠᠶᠢᠳᠠᠯ ᠢ ᠮᠥᠷᠳᠡᠨ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠬᠠᠷᠢᠭᠤ ᠰᠣᠷᠪᠤᠯᠵᠢᠯᠠᠭ᠎ᠠ ᠶᠢ ᠰᠢᠢᠳᠪᠦᠷᠢᠯᠡᠵᠦ ᠳᠠᠭᠤᠰᠬᠠᠨ᠂ ᠦᠷ᠎ᠡ ᠪᠦᠲᠦᠮᠵᠢ ᠶᠢ ᠦᠨᠡᠯᠡᠨ ᠵᠢᠱᠢᠵᠦ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠨᠤᠷᠮ᠎ᠠ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠶᠢ ᠴᠢᠩᠭᠠᠳᠬᠠᠵᠤ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ  ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠡᠭᠴᠡᠯᠡᠨ ᠵᠠᠰᠠᠬᠤ  ᠶᠢ ᠴᠢᠩᠭᠠᠳᠬᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠲᠠᠬᠢᠨ ᠳᠡᠭᠡᠭᠰᠢᠯᠡᠭᠦᠯᠬᠦ ᠶᠢ ᠠᠬᠢᠭᠤᠯᠵᠤ᠂ ᠬᠦᠷᠢᠶᠡᠨ ᠤ ᠠᠵᠤ ᠠᠬᠤᠢ ᠶᠢ ᠶᠡᠬᠡᠪᠡᠷ ᠬᠥᠭᠵᠢᠭᠦᠯᠬᠦ ᠬᠡᠷᠡᠭᠲᠡᠢ᠃      ᠸᠠᠩ ᠹᠧᠩ ᠰᠧᠨ ᠪᠠᠰᠠ ︽ᠬᠤᠶᠠᠷ ᠶᠡᠭᠡ ᠶᠠᠪᠤᠳᠠᠯ︾ ᠢ ᠴᠢᠩᠭ᠎ᠠ ᠠᠩᠬᠠᠷᠴᠤ ᠨᠠᠶᠢᠳᠠᠪᠤᠷᠢᠵᠢᠭᠤᠯᠤᠯᠲᠠ ᠶᠢ ᠠᠳᠬᠤᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠬᠦ᠂ ᠠᠶᠤᠯᠭᠦᠢ ᠦᠢᠯᠡᠳᠪᠦᠷᠢᠯᠡᠯ ᠤᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ᠂ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠶᠢ ᠴᠢᠩᠭᠠᠳᠬᠠᠬᠤ᠂ ᠭᠤᠣᠯ ᠰᠡᠳᠦᠪᠲᠦ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠵᠡᠷᠭᠡ ᠣᠳᠣᠬᠠᠨ  ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠂ ᠡᠭᠦᠨ ᠤ ᠬᠠᠮᠲᠤ ︽ᠬᠤᠣᠰ ᠪᠠᠶᠠᠷ︾ ᠤᠨ ᠬᠤᠭᠤᠴᠠᠭᠠᠨ ᠳᠤ ᠵᠢᠵᠢᠭᠦᠷᠯᠡᠵᠦ ᠬᠤᠨᠣᠭᠯᠠᠬᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠠᠩᠭᠠᠯᠭ᠎ᠠ ᠶᠢ ᠪᠠᠲᠤᠯᠠᠬᠤ᠂ ᠠᠯᠪᠠᠨ ᠤ ᠲᠡᠷᠭᠡᠨ ᠤ ᠬᠠᠮᠢᠶᠠᠷᠤᠯᠲᠠ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ ᠴᠢᠬᠤᠯᠠ ᠶᠡᠭᠡ ᠪᠠᠴᠢᠮ ᠬᠡᠷᠡᠭ ᠶᠠᠪᠤᠳᠠᠯ ᠤᠨ ᠮᠡᠳᠡᠭᠦᠯᠦᠯᠲᠡ ᠶᠢᠨ ᠵᠢᠭᠠᠪᠤᠷᠢ ᠠᠪᠬᠤ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠴᠢᠬᠤᠯᠠᠴᠢᠯᠠᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠶᠣᠣ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃      ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠦ ᠱᠦᠨ ᠲᠠᠷᠠᠭᠠᠴᠢ ᠶᠢᠨ ᠠᠯᠬᠤᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ︵ᠴᠢᠨ ᠶᠢᠩ᠂ ᠰᠢᠶᠣᠣ ᠪᠥᠸᠧ᠂ ᠸᠠᠩ ᠱᠤᠸᠠᠢ᠂ ᠵᠢᠢ ᠳ᠋ᠦᠩ᠂ ᠲᠢᠶᠠᠨ ᠱᠢ︶  
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号