ᠮᠠᠨ ᠤ ᠰᠢᠶᠠᠨ ᠬᠤᠶᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2023/9/27
      9 ᠰᠠᠷ᠎ᠠ ᠶᠢᠨ 26 ᠤ ᠡᠳᠦᠷ᠂ ᠮᠠᠨ ᠤ ᠰᠢᠶᠠᠨ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠬᠠᠭᠤᠳᠠᠰᠤ ᠶᠢ ᠵᠢᠷᠤᠭᠯᠠᠨ᠂ ᠰᠢᠨ᠎ᠡ ᠠᠶᠠᠨ ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ︾ ᠬᠤᠶᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠤᠨ ᠤᠷᠤᠯᠳᠤᠭᠠᠨ ᠢ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠶᠠᠨ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃
      175da001a94202582ee513e5988c8321_W020230927610501320525.png
      ᠸᠠᠩ ᠶᠠᠨ ᠵᠢᠭᠠᠭᠰᠠᠨ ᠨᠢ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠪᠣᠯ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠠᠬᠢᠭᠤᠯᠬᠤ ᠪᠦᠲᠦᠮᠵᠢᠲᠡᠶ ᠠᠴᠢᠶᠠᠯᠠᠪᠤᠷᠢ ᠪᠠ ᠬᠦᠴᠦᠲᠡᠢ ᠭᠠᠷᠳᠠᠴᠠ ᠮᠥᠨ᠂ ᠲᠤᠰ ᠤᠳᠠᠭ᠎ᠠ ᠶᠢᠨ ᠶᠡᠭᠡ ᠤᠷᠤᠯᠳᠤᠭᠠᠨ ᠢ ᠡᠷᠬᠢᠯᠡᠭᠰᠡᠨ ᠵᠣᠷᠢᠯᠭ᠎ᠠ ᠪᠣᠯ ᠤᠯᠠᠨ ᠲᠦᠮᠡᠨ ᠤ ᠪᠠᠴᠢᠮᠳᠠᠵᠤ ᠵᠣᠪᠠᠭ᠋ᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠶᠢ ᠲᠣᠪᠤᠶᠢᠯᠭᠠᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠤᠯᠠᠨ ᠲᠦᠮᠡᠨ ᠳᠤ ᠰᠡᠳᠬᠢᠯ ᠲᠠᠯᠪᠢᠨ ᠦᠢᠯᠡᠴᠢᠯᠡᠬᠦ  ᠶᠢᠨ ᠬᠠᠮᠲᠤ ᠪᠦᠬᠦ ᠰᠢᠶᠠᠨ ᠤ ᠥᠷᠭᠡᠨ ᠤᠯᠠᠨ ᠲᠦᠮᠡᠨ ᠤ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠥᠲᠥᠯᠥᠨ ᠳᠠᠭᠠᠭᠤᠯᠬᠤ ᠶᠢᠨ ᠲᠥᠯᠥᠭᠡ ᠶᠤᠮ᠃      ᠸᠠᠩ ᠶᠠᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠣᠯᠪᠠᠰᠤᠨ ᠢ ᠦᠢᠯᠡᠳᠦᠯᠭᠡᠵᠢᠭᠦᠯᠬᠦ ᠲᠠᠪᠤᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠬᠤᠲᠠ ᠶᠢᠨ ᠨᠠᠮ ᠤᠨ ᠬᠤᠷᠢᠶ᠎ᠠ ᠶᠢᠨ ︽ᠳᠤᠲᠠᠭᠤᠳᠠᠯ ᠢ ᠨᠥᠬᠦᠪᠦᠷᠢᠯᠡᠬᠦ᠂ ᠤᠷᠲᠤ ᠳᠠᠪᠲᠠᠯᠲᠠ ᠶᠢ ᠳᠠᠪᠲᠠᠬᠤ᠂ ᠲᠣᠭᠲᠠᠴᠠ ᠶᠢ ᠡᠭᠦᠳᠬᠦ᠂ ᠬᠢᠯᠠᠰ ᠴᠡᠭ ᠢ ᠡᠭᠦᠳᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠲᠡᠮᠳᠡᠭ ᠢ ᠶᠡᠭᠡ ᠪᠠᠷ ᠠᠭᠤᠳᠠᠯᠤᠨ ᠪᠣᠶᠢᠵᠢᠭᠤᠯᠵᠤ᠂ ᠡᠯ᠎ᠡ ᠲᠦᠷᠦᠯ ᠤᠨ ᠲᠦᠷᠦᠯ ᠵᠦᠢᠯ ᠢᠶᠠᠷ ᠳᠠᠮᠵᠢᠭᠤᠯᠤᠨ ᠮᠠᠨ ᠤ ᠰᠢᠶᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠴᠠᠭ ᠦᠶ᠎ᠡ ᠶᠢᠨ ᠴᠤᠭ ᠵᠢᠪᠬᠤᠭ᠎ᠠ᠂ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠶᠣᠰᠣ ᠰᠤᠷᠲᠠᠬᠤᠨ ᠤ ᠬᠦᠴᠦᠨ ᠢ ᠳᠡᠯᠭᠡᠨ ᠦᠵᠡᠭᠦᠯᠵᠦ᠂ ᠮᠠᠨ ᠤ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠣᠨᠣᠪᠴᠢᠲᠠᠢ᠂ ᠪᠠᠶᠢᠩᠭᠤᠵᠢᠭᠰᠠᠨ᠂ ᠳᠥᠭᠦᠮᠴᠢᠯᠡᠭᠰᠡᠨ᠂ ᠲᠦᠷᠦᠯ ᠲᠡᠮᠳᠡᠭᠵᠢᠭᠦᠯᠬᠦ ᠶᠢ ᠳᠠᠰᠤᠷᠠᠯᠳᠠ ᠦᠭᠡᠢ ᠠᠬᠢᠭᠤᠯᠵᠤ᠂ ᠨᠡᠩ ᠣᠨᠣᠪᠴᠢᠲᠠᠢ᠂ ᠨᠡᠩ ᠡᠷᠴᠢᠮ ᠲᠠᠢ᠂ ᠨᠡᠩ ᠬᠠᠯᠠᠭᠤᠨ ᠳᠤᠯᠠᠭᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠦᠭ ᠲᠦᠮᠡᠨ ᠠᠶᠢᠯ ᠡᠷᠦᠬᠡ ᠳᠤ ᠣᠷᠣᠭᠤᠯᠵᠤ᠂ ᠬᠤᠳᠠ ᠶᠢᠨ ᠴᠢᠰᠤᠨ ᠰᠤᠳᠠᠰᠤ ᠳᠤ ᠠᠭᠤᠰᠬᠠᠵᠤ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃      ᠤᠷᠤᠯᠳᠤᠭᠠᠨ ᠤ ᠲᠤᠬᠠᠢ ᠶᠢᠨ ᠲᠠᠯᠠᠪᠤᠷ ᠲᠤ᠂ ︽ᠯᠠᠵᠤᠤ︾ ᠪᠠᠶᠠᠵᠢᠨ ᠴᠢᠨᠡᠭᠡᠯᠢᠭᠵᠢᠬᠦ ᠶᠢ ᠵᠢᠭᠠᠵᠤ᠂ ︽ᠵᠢᠮᠢᠰ︾ ᠲᠥᠷᠥ ᠲᠦᠪᠰᠢᠨ ᠲᠦᠮᠡᠨ ᠠᠮᠤᠭᠤᠯᠠᠩ᠂ ᠮᠠᠶᠢᠰᠢᠨ ᠤ ᠬᠤᠪᠢᠰᠬᠠᠯ ᠤᠨ ᠰᠣᠶᠣᠯ ᠤᠨ ᠤᠯᠠᠮᠵᠢᠯᠠᠯ᠂ ︽ᠡᠮᠡᠭᠲᠡᠶᠢᠴᠦᠳ︾ ᠵᠡᠷᠭᠡ 14 ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠨᠢᠭᠡᠳ ᠨᠢᠭᠡ ᠪᠠᠷ ᠢᠯᠡᠷᠡᠪᠡ ᠃ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠵᠦᠢᠯᠡᠰ ᠤᠨ ᠲᠥᠯᠥᠭᠡᠯᠡᠭᠴᠢ PPT ᠦᠵᠡᠭᠦᠯᠭᠡ ᠲᠠᠢ ᠤᠶᠠᠯᠳᠤᠭᠤᠯᠤᠨ ᠤᠷᠤᠯᠳᠤᠭᠠᠨ ᠳᠤ ᠣᠷᠣᠯᠴᠠᠬᠤ ᠵᠦᠢᠯᠡᠰ ᠤᠨ ᠡᠭᠦᠰᠦᠯ᠂ ᠦᠨᠳᠦᠰᠦᠨ ᠪᠠᠶᠢᠳᠠᠯ᠂ ᠭᠤᠣᠯ ᠠᠷᠭ᠎ᠠ ᠬᠢᠳᠡᠯ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠠᠬᠢᠯᠲᠠ ᠶᠢᠨ ᠦᠷ᠎ᠡ ᠪᠦᠲᠦᠮᠵᠢ ᠪᠠ ᠢᠷᠡᠭᠡᠳᠦᠢ ᠶᠢᠨ ᠠᠯᠤᠰ ᠤᠨ ᠲᠥᠯᠥᠪ ᠢ ᠨᠠᠷᠢᠨ ᠨᠢᠮᠪᠠᠢ ᠳᠡᠯᠭᠡᠨ ᠦᠵᠡᠭᠦᠯᠵᠦ᠂ ᠲᠤᠷᠰᠢᠯᠭ᠎ᠠ ᠪᠠ ᠠᠷᠭ᠎ᠠ ᠬᠢᠳᠡᠯ ᠢᠶᠠᠨ ᠬᠤᠪᠢᠶᠠᠯᠴᠠᠭᠰᠠᠨ ᠪᠠᠶᠢᠨ᠎ᠠ ᠃ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠡᠴᠦᠰ ᠲᠡᠭᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠦᠢᠯᠡᠰ ᠤᠨ ᠨᠢᠭᠡᠳᠦᠭᠡᠷ ᠳᠡᠰ ᠤᠨ ᠱᠠᠩᠨᠠᠯ ᠨᠢᠭᠡ᠂ ᠬᠤᠶᠠᠳᠤᠭᠠᠷ ᠳᠡᠰ ᠤᠨ ᠱᠠᠩᠨᠠᠯ ᠬᠤᠶᠠᠷ᠂ ᠭᠤᠷᠪᠠᠳᠤᠭᠠᠷ ᠳᠡᠰ ᠤᠨ ᠱᠠᠩᠨᠠᠯ ᠭᠤᠷᠪᠠ᠂ ᠰᠢᠯᠢᠳᠡᠭ ᠤᠨ ᠱᠠᠩᠨᠠᠯ ᠬᠡᠲᠦ ᠵᠡᠷᠭᠡ ᠶᠢ ᠰᠢᠯᠭᠠᠷᠠᠭᠤᠯᠪᠠ᠃      ᠠᠵᠢᠯᠯᠠᠭ᠎ᠠ ᠶᠢᠨ ᠳᠤᠮᠳᠠ ᠪᠠᠰᠠ ᠤᠷᠠᠨ ᠰᠠᠶᠢᠬᠠᠨ ᠤ ᠲᠣᠭᠯᠠᠯᠲᠠ ᠭᠠᠷᠭᠠᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠳᠠᠭᠠᠭᠠᠴᠢᠯᠠᠨ ᠡᠷᠬᠢᠯᠡᠪᠡ᠃ ︵ᠶᠠᠩ ᠵᠢᠩ ᠰᠢᠨ᠂ ᠵᠦ ᠯᠢ ᠵᠢᠶᠧ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号