9 ᠰᠠᠷ᠎ᠠ ᠶᠢᠨ 26 ᠤ ᠡᠳᠦᠷ᠂ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯᠳᠤᠭᠠᠨ | ᠬᠤᠷᠠᠯᠳᠤᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠵᠠᠩ ᠸᠧᠨ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠰᠢᠶᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠢ ᠶᠢᠩ ᠸᠧᠨ᠂ ᠳ᠋ᠢᠩ | ᠱᠤ᠋ ᠵᠢᠶᠧ᠂ ᠸᠠᠩ ᠶᠢᠨ ᠵᠥᠩ᠂ ᠾᠧ ᠰᠢᠶᠣᠣ ᠯᠢᠶᠠᠨ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠩ ᠯᠢ ᠴᠦᠨ᠂ ᠰᠢᠶᠠᠨ ᠤ | ᠰᠢᠭᠦᠬᠦ ᠬᠤᠷᠢᠶᠠᠨ ᠤ ᠳᠠᠷᠤᠭ᠎ᠠ ᠴᠢᠨ ᠰᠢᠶᠣᠣ ᠮᠢᠩ᠂ ᠰᠢᠶᠠᠨ ᠤ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ | ᠪᠠᠶᠢᠴᠠᠭᠠᠬᠤ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | | | | | | ᠬᠤᠷᠠᠯ ᠠᠴᠠ ᠰᠢᠶᠠᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠡᠳ᠋ ᠤᠨ ᠵᠠᠰᠠᠭ ᠤᠨ | ᠲᠥᠰᠥᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠭᠰᠠᠨ | ᠠᠵᠢᠯ ᠤᠨ ᠮᠡᠳᠡᠭᠦᠯᠦᠯᠲᠡ ᠵᠢᠴᠢ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ ᠤᠨ ᠵᠣᠬᠢᠴᠠᠩᠭᠤᠢ ᠬᠢᠨᠠᠨ | ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ᠰᠢᠶᠠᠨ ᠤ ᠠᠷᠠᠳ ᠤᠨ ᠵᠠᠰᠠᠭ ᠤᠨ ᠣᠷᠳᠣᠨ ᠤ | 2022 ᠣᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠵᠢᠴᠢ | ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ ᠤᠨ ᠵᠣᠬᠢᠴᠠᠩᠭᠤᠢ ᠬᠢᠨᠠᠨ ᠪᠠᠶᠢᠴᠠᠭᠠᠭᠰᠠᠨ | ᠮᠡᠳᠡᠭᠦᠯᠦᠯᠲᠡ ᠳᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | 2022 ᠣᠨ ᠤ ᠰᠢᠶᠠᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠤᠨ ᠭᠦᠢᠴᠡᠳᠬᠡᠯ ᠢ ᠵᠥᠪᠰᠢᠶᠡᠷᠡᠬᠦ | ᠲᠤᠬᠠᠢ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ︔ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 | ᠣᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠵᠢᠴᠢ ᠡᠳ᠋ ᠤᠨ ᠵᠠᠰᠠᠭ ᠠᠵᠤ ᠠᠬᠤᠢ ᠶᠢᠨ | ᠠᠵᠢᠯ ᠤᠨ ᠬᠤᠷᠢᠶ᠎ᠠ ᠶᠢᠨ ᠬᠤᠯᠪᠣᠭᠳᠠᠭᠰᠠᠨ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠪᠢᠴᠢᠭ ᠢ ᠪᠢᠴᠢᠭ ᠢᠶᠠᠷ | ᠬᠢᠨᠠᠨ ᠵᠥᠪᠯᠡᠪᠡ︔ ᠠᠷᠠᠳ ᠤᠨ ᠵᠠᠰᠠᠭ ᠤᠨ ᠣᠷᠳᠣᠨ ᠤ 2023 ᠣᠨ ᠤ ᠳᠡᠭᠡᠷ᠎ᠡ ᠬᠠᠭᠠᠰ ᠵᠢᠯ ᠤᠨ ᠡᠳ᠋ ᠤᠨ | ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠵᠢᠴᠢ ᠡᠳ᠋ ᠤᠨ ᠵᠠᠰᠠᠭ ᠠᠵᠤ | ᠠᠬᠤᠢ ᠶᠢᠨ ᠵᠥᠪᠯᠡᠯ ᠤᠨ ᠬᠤᠯᠪᠣᠭᠳᠠᠭᠰᠠᠨ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠪᠢᠴᠢᠭ ᠢᠶᠠᠷ ᠬᠢᠨᠠᠨ | ᠵᠥᠪᠯᠡᠪᠡ︔ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠬᠤᠶᠠᠷ ᠬᠠᠤᠯᠢ ᠶᠢᠨ ᠲᠤᠰᠢᠶᠠᠯᠲᠠᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠪᠠ ᠬᠡᠰᠡᠭ ᠬᠠᠤᠯᠢ ᠶᠢᠨ | ᠲᠤᠰᠢᠶᠠᠯᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠨ ᠶᠠᠷᠢᠯᠴᠠᠭᠰᠠᠨ ᠠᠵᠢᠯ ᠤᠨ ᠪᠠᠶᠢᠳᠠᠯ | ᠤᠨ ᠲᠤᠬᠠᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠭᠰᠠᠨ ᠪᠥᠭᠡᠳ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠰᠢᠯᠭᠠᠨ | ᠦᠨᠡᠯᠡᠪᠡ︔ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠵᠠᠷᠭᠤ ᠶᠢᠨ ᠢᠷᠡᠯᠲᠡ ᠶᠢ ᠵᠠᠰᠠᠬᠤ ᠠᠵᠢᠯ ᠤᠨ | ᠪᠠᠶᠢᠳᠠᠯ ᠤᠨ ᠲᠤᠬᠠᠢ ᠮᠡᠳᠡᠭᠦᠯᠦᠯᠲᠡ ᠵᠢᠴᠢ ᠳᠣᠲᠣᠭᠠᠳᠤ ᠵᠤᠷᠭᠠᠨ ᠤ ᠠᠵᠢᠯ ᠤᠨ ᠺᠣᠮᠢᠰ ᠤᠨ ᠵᠣᠬᠢᠴᠠᠩᠭᠤᠢ ᠬᠢᠨᠠᠨ | ᠪᠠᠶᠢᠴᠠᠭᠠᠭᠰᠠᠨ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠭᠰᠠᠨ ᠪᠥᠭᠡᠳ ᠰᠡᠳᠬᠢᠯ ᠬᠠᠨᠤᠮᠵᠢᠲᠠᠶ ᠪᠠᠶᠢᠬᠤ | ᠬᠡᠮᠵᠢᠶ᠎ᠡ ᠶᠢ ᠰᠢᠯᠭᠠᠨ ᠦᠨᠡᠯᠡᠪᠡ︔ ᠰᠢᠶᠠᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠤᠯᠢ ᠪᠠᠷ ᠵᠠᠰᠠᠬᠤ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ | ᠵᠢᠴᠢ ᠳᠣᠲᠣᠭᠠᠳᠤ ᠵᠤᠷᠭᠠᠨ ᠤ ᠠᠵᠢᠯ ᠤᠨ ᠵᠥᠪᠯᠡᠯ ᠤᠨ ᠵᠣᠬᠢᠴᠠᠩᠭᠤᠢ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ | ᠰᠣᠨᠣᠰᠴᠤ ᠬᠢᠨᠠᠨ ᠶᠠᠷᠢᠯᠴᠠᠭᠰᠠᠨ ᠪᠥᠭᠡᠳ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠰᠢᠯᠭᠠᠨ ᠦᠨᠡᠯᠡᠪᠡ︔ | ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ ᠪᠠᠲᠤᠯᠠᠵᠤ᠂ | ᠤᠷᠢᠯᠭ᠎ᠠ ᠶᠢᠨ ᠪᠢᠴᠢᠭ ᠲᠠᠷᠬᠠᠭᠠᠵᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ | ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ ᠬᠤᠷᠠᠯᠳᠤᠭᠠᠨ ᠲᠡᠭᠦᠰᠦᠭᠰᠡᠨ ᠤ ᠲᠠᠷᠠᠭ᠎ᠠ᠂ ᠪᠠᠰᠠ ᠰᠢᠶᠠᠨ ᠤ | ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠭᠤᠷᠪᠠᠳᠤᠭᠠᠷ ᠬᠤᠭᠤᠴᠠᠭᠠᠨ ᠤ ᠲᠤᠰᠬᠠᠢ ᠰᠡᠳᠦᠪᠲᠦ ᠢᠯᠡᠳᠬᠡᠯ ᠡᠷᠬᠢᠯᠡᠪᠡ᠃ | | ᠺᠠᠶᠢᠯᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠲᠣᠮᠢᠯᠠᠬᠤ ᠨᠡᠷᠡᠰ | ︵2023 ᠣᠨ ᠤ 9 ᠰᠠᠷ᠎ᠠ ᠶᠢᠨ 26 ᠤ ᠡᠳᠦᠷ ᠺᠠᠶᠢᠯᠤ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ | ᠬᠤᠷᠠᠯᠳᠤᠭᠠᠨ ᠠᠴᠠ ᠪᠠᠲᠤᠯᠠᠪᠠ︶ | ᠰᠤ᠋ ᠰᠢᠤᠸᠠᠢ ᠴᠢᠤᠸᠠᠨ ᠢ ᠺᠠᠶᠢᠯᠤ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠪᠠᠷ | ᠲᠣᠮᠢᠯᠠᠪᠠ᠃ | | ᠰᠤ᠋ ᠰᠢᠤᠸᠠᠢ ᠴᠢᠤᠸᠠᠨ ᠺᠠᠶᠢᠯᠤ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠢ | ᠣᠷᠣᠯᠠᠬᠤ ᠲᠤᠬᠠᠢ ᠺᠠᠶᠢᠯᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠣᠭᠲᠠᠭᠠᠯ | ︵2023 ᠣᠨ ᠤ 9 ᠰᠠᠷ᠎ᠠ ᠶᠢᠨ 26 ᠤ ᠡᠳᠦᠷ ᠺᠠᠶᠢᠯᠤ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ | ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠬᠤᠶᠠᠳᠤᠭᠠᠷ | ᠬᠤᠷᠠᠯᠳᠤᠭᠠᠨ ᠠᠴᠠ ᠪᠠᠲᠤᠯᠠᠪᠠ︶ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ | ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ︾ ᠶᠢᠨ ᠲᠣᠭᠲᠠᠭᠠᠯ ᠢ ᠦᠨᠳᠦᠰᠦᠯᠡᠨ᠂ ᠺᠠᠶᠢᠯᠤ ᠰᠢᠶᠠᠨ ᠤ ᠠᠷᠪᠠᠨ | ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠠᠷᠪᠠᠨ ᠬᠤᠶᠠᠳᠤᠭᠠᠷ ᠬᠤᠷᠠᠯᠳᠤᠭᠠᠨ ᠠᠴᠠ ᠲᠣᠭᠲᠠᠭᠠᠪᠠ︔ ᠺᠠᠶᠢᠯᠤ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ | ᠳᠡᠳ᠋ ᠡᠷᠬᠢᠯᠡᠭᠴᠢ ᠰᠤ᠋ ᠰᠢᠤᠸᠠᠢ ᠴᠢᠤᠸᠠᠨ ᠺᠠᠶᠢᠯᠤ ᠰᠢᠶᠠᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ | ᠲᠤᠰᠢᠶᠠᠯ ᠢ ᠣᠷᠣᠯᠠᠨ ᠬᠠᠷᠢᠭᠤᠴᠠᠨ᠎ᠠ᠃ | |