ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯᠳᠤᠭᠠᠨ ᠬᠤᠷᠠᠯᠳᠤᠪᠠ
ᠨᠡᠶᠢᠲᠡᠯᠡᠭᠰᠡᠨ ᠴᠠᠭ᠄
2023/9/27
      9 ᠰᠠᠷ᠎ᠠ ᠶᠢᠨ 26 ᠤ ᠡᠳᠦᠷ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠲᠦᠷᠦᠭᠦᠦ ᠭᠤᠷᠪᠠᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠡᠷᠭᠢᠴᠡᠭᠦᠯᠦᠨ ᠳ᠋ᠦᠩᠨᠡᠵᠦ᠂ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠵᠤ᠂ ︽ᠬᠤᠶᠠᠷ ᠪᠠᠶᠠᠷ︾ ᠤᠨ ᠬᠤᠭᠤᠴᠠᠭ᠎ᠠ ᠵᠢᠴᠢ ᠳᠠᠷᠠᠭᠠᠴᠢ ᠶᠢᠨ ᠱᠠᠲᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠩ ᠯᠢ ᠴᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠢ᠂ ᠡᠯ᠎ᠡ ᠪᠠᠯᠭᠠᠰᠤ ᠲᠠᠯᠠᠪᠠᠢ ᠵᠢᠴᠢ ᠰᠢᠶᠠᠨ ᠤ ᠳᠣᠲᠣᠷᠠᠬᠢ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
      图片37.jpg
      ᠬᠤᠷᠠᠯ ᠠᠴᠠ ᠵᠢᠭᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ ᠤᠯᠤᠰ ᠲᠥᠷᠥ ᠪᠠ ᠪᠦᠬᠦ ᠲᠠᠯ᠎ᠠ ᠶᠢᠨ ᠳᠡᠭᠡᠳᠦ ᠬᠡᠮᠵᠢᠶᠡᠨ ᠳᠤ ᠵᠣᠭᠰᠣᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠪᠠᠨ ᠴᠠᠭ ᠢᠮᠠᠭᠲᠠ ᠴᠢᠩᠭᠠᠯᠠᠵᠤ᠂ ᠠᠶᠤᠯᠭᠦᠢ ᠦᠢᠯᠡᠳᠪᠦᠷᠢᠯᠡᠯ ᠢ ᠦᠨᠡᠨ ᠬᠦ ᠳᠡᠶᠢᠯᠦᠩᠭᠦᠢ ᠴᠢᠨᠠᠷᠲᠠᠢ ᠬᠠᠲᠠᠭᠤ ᠡᠭᠦᠷᠭᠡ᠂ ᠬᠠᠲᠠᠭᠤ ᠬᠠᠷᠠᠯᠲᠠ᠂ ᠬᠠᠲᠠᠭᠤ ᠬᠠᠷᠢᠭᠤᠴᠠᠯᠭ᠎ᠠ ᠪᠣᠯᠭᠠᠵᠤ᠂ ᠦᠨᠡᠨ ᠬᠦ ᠠᠷᠪᠠ ᠶᠢ ᠰᠡᠷᠭᠡᠶᠢᠯᠡᠵᠦ ᠶᠢᠰᠦ ᠶᠢ ᠬᠤᠭᠤᠰᠤᠯᠠᠬᠤ ᠠᠴᠠ ᠪᠢᠰᠢ᠂ ᠭᠡᠨᠡᠳᠲᠡ ᠶᠢᠨ ᠬᠡᠷᠡᠭ ᠢ ᠦᠯᠦ ᠰᠡᠷᠭᠡᠶᠢᠯᠡᠬᠦ ᠱᠠᠭᠠᠷᠳᠠᠯᠭ᠎ᠠ ᠶᠣᠰᠣᠭᠠᠷ᠂ ᠦᠵᠡᠯ ᠰᠠᠨᠠᠭᠠᠨ ᠤ ᠲᠠᠯ᠎ᠠ ᠪᠠᠷ ᠲᠠᠬᠢᠨ ᠲᠣᠳᠣᠷᠬᠠᠢ ᠢᠯᠭᠠᠵᠤ᠂ ᠱᠠᠭᠠᠷᠳᠠᠯᠭ᠎ᠠ ᠶᠢᠨ ᠲᠠᠯ᠎ᠠ ᠪᠠᠷ ᠲᠠᠬᠢᠨ ᠴᠢᠩᠭ᠎ᠠ ᠪᠠᠶᠢᠵᠤ᠂ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠬᠢᠨ ᠨᠠᠷᠢᠯᠢᠭᠵᠢᠭᠤᠯᠵᠤ᠂ ᠬᠠᠷᠢᠭᠤᠴᠠᠯᠭ᠎ᠠ ᠶᠢᠨ ᠲᠠᠯ᠎ᠠ ᠪᠠᠷ ᠲᠠᠬᠢᠨ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠠᠶᠤᠯ ᠦᠭᠡᠢ ᠦᠢᠯᠡᠳᠪᠦᠷᠢᠯᠡᠯ ᠤᠨ ᠰᠠᠨᠠᠭᠠᠰᠢᠷᠠᠨ ᠵᠣᠪᠠᠨᠢᠬᠤ ᠦᠵᠡᠯ ᠤᠬᠠᠮᠰᠠᠷ ᠢ ᠴᠢᠩᠭᠠᠷᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠠᠬᠢ ᠪᠣᠶ ᠪᠣᠯᠭᠠᠵᠤ᠂ ᠠᠶᠤᠯᠲᠠᠢ ᠬᠢᠮᠢ ᠶᠢᠨ ᠪᠣᠳᠠᠰ᠂ ᠰᠢᠲᠠᠮᠠᠬᠠᠢ ᠬᠡᠢ ᠶᠢᠨ ᠠᠮᠤᠷ ᠲᠦᠪᠰᠢᠨ᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ᠂ ᠣᠨᠴᠠ ᠲᠥᠷᠥᠯ ᠤᠨ ᠲᠥᠬᠦᠭᠡᠷᠦᠮᠵᠢ᠂ ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ᠂ ᠲᠠᠷᠢᠶᠠᠯᠠᠩ ᠳᠤ ᠬᠡᠷᠡᠭᠯᠡᠬᠦ ᠮᠠᠰᠢᠨ ᠮᠧᠬᠠᠨᠢᠭ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ᠂ ᠤᠰᠤ ᠴᠠᠬᠢᠯᠭᠠᠨ ᠬᠠᠩᠭᠠᠬᠤ ᠢᠯᠴᠢ ᠬᠠᠩᠭᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠠᠮᠤᠷ ᠲᠦᠪᠰᠢᠨ  ᠤ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠤᠯᠢ ᠶᠢ ᠰᠠᠬᠢᠬᠤ ᠤᠬᠠᠮᠰᠠᠷ ᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠠᠭᠤᠷᠢ ᠶᠢ ᠦᠨᠡᠨ ᠬᠦ ᠪᠠᠲᠤᠳᠬᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠤ ᠪᠠᠲᠤᠯᠠᠭ᠎ᠠ ᠬᠠᠩᠭᠠᠵᠤ᠂ ᠥᠷᠭᠡᠨ ᠤᠯᠠᠨ ᠠᠷᠠᠳ ᠲᠦᠮᠡᠨ ᠤ ᠠᠮᠤᠷ ᠲᠦᠪᠰᠢᠨ᠂ ᠡᠮᠬᠢ ᠵᠢᠷᠤᠮ ᠲᠠᠢ᠂ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃      ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠥᠬᠦ ᠰᠢᠶᠠᠨ ᠤ ᠲᠦᠷᠦᠭᠦᠸ ᠭᠤᠷᠪᠠᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠶᠡᠷᠦᠩᠬᠡᠢ ᠪᠠᠶᠢᠳᠠᠯ ᠢ ᠮᠡᠳᠡᠭᠳᠡᠪᠡ᠃ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠭᠠᠯ ᠤᠨᠲᠠᠷᠠᠭᠠᠬᠤ ᠶᠡᠭᠡ ᠠᠩᠭᠢ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠤᠷᠢᠨ ᠳᠤ ᠳᠡᠰ ᠳᠠᠷᠠᠭᠠᠯᠠᠨ ᠶᠠᠷᠢᠶ᠎ᠠ ᠲᠠᠯᠪᠢᠪᠠ᠃ ︵ᠸᠠᠩ ᠱᠤᠸᠠᠢ᠂ ᠴᠢᠨ ᠰᠢᠶᠣᠣ ᠪᠥᠸᠧ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号