ᠨᠠᠮᠤᠷ ᠤᠨ ᠰᠠᠯᠬᠢ ᠰᠡᠷᠴᠢᠭᠢᠨᠡᠵᠦ᠂ ᠯᠠᠵᠤᠤ ᠶᠢᠨ ᠦᠨᠦᠷ ᠬᠠᠩᠬᠤᠯᠤᠨ᠎ᠠ᠃ ᠳ᠋ᠦᠩ ᠹᠧᠩ ᠬᠦᠢᠲᠡᠨ | ᠬᠥᠮᠥᠷᠭᠡ ᠳᠤ ᠣᠷᠣᠬᠤ ᠳᠤ᠂ ᠯᠠᠵᠤᠤ ᠵᠥᠭᠡᠭᠡᠪᠦᠷᠢᠯᠡᠬᠦ ᠲᠡᠷᠭᠡ᠂ ᠠᠴᠠ ᠲᠡᠷᠭᠡ ᠰᠦᠯᠵᠢᠯᠳᠦᠵᠦ᠂ ᠯᠠᠵᠤᠤ ᠶᠢ | ᠬᠥᠮᠥᠷᠭᠡ ᠳᠤ ᠣᠷᠣᠭᠤᠯᠵᠤ᠂ ᠬᠥᠮᠥᠷᠭᠡ ᠠᠴᠠ ᠭᠠᠷᠭᠠᠬᠤ ᠠᠵᠢᠯ ᠡᠮᠬᠢ ᠳᠢᠭᠯᠢᠮ ᠲᠠᠢ ᠶᠠᠪᠤᠭᠳᠠᠵᠤ᠂ ᠶᠠᠭᠠᠷᠠᠯᠲᠠᠢ | ᠪᠠᠶᠢᠳᠠᠯ ᠢᠶᠠᠷ ᠪᠢᠯᠬᠠᠨ᠎ᠠ᠃ ᠤᠯᠠᠭᠠᠨ ᠬᠤᠸᠠᠷ ᠲᠠᠢ ᠲᠦᠷᠪᠡᠨ ᠬᠥᠯᠳᠡᠭᠦᠦ ᠪᠠᠷ ᠵᠥᠭᠡᠭᠡᠪᠦᠷᠢᠯᠡᠬᠦ ᠲᠡᠷᠭᠡ ᠮᠣᠷᠳᠠᠬᠤ | ᠪᠠᠷ ᠪᠡᠯᠡᠬᠡᠨ ᠪᠠᠶᠢᠵᠤ᠂ ᠺᠠᠶᠢᠯᠤ ᠰᠢᠶᠠᠨ ᠤ ᠬᠤᠩ ᠹᠧᠩ ᠲᠠᠷᠢᠶᠠᠯᠠᠩ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ | ᠶᠢᠨ ᠬᠥᠯᠳᠡᠭᠡᠭᠰᠡᠨ ᠤᠯᠠᠭᠠᠨ ᠯᠠᠵᠤᠤ ᠶᠢᠨ ᠭᠠᠳᠠᠭᠠᠳᠤ ᠭᠠᠷᠭᠠᠯᠲᠠ ᠶᠢᠨ ᠺᠣᠷᠢᠶᠠ ᠶᠢᠨ ᠠᠩᠬᠠᠨ ᠤ ᠲᠠᠷᠬᠠᠭᠠᠯᠲᠠ | ᠶᠢᠨ ᠶᠣᠰᠣᠯᠠᠯ ᠶᠠᠭ ᠶᠠᠪᠤᠭᠳᠠᠵᠤ ᠪᠤᠢ᠃ | | | | | | ᠰᠢᠶᠠᠨ ᠤ ᠯᠦ ᠱᠧᠩ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ | ᠳᠠᠭᠠᠭᠠᠮᠠᠯ ᠵᠠᠩ ᠪᠦᠦ ᡁᠢ ᠶᠢᠨ ᠲᠠᠨᠢᠯᠴᠠᠭᠤᠯᠤᠭᠰᠠᠨ ᠢᠶᠠᠷ᠂ ᠺᠠᠶᠢᠯᠤ ᠰᠢᠶᠠᠨ ᠤ ᠬᠤᠩ ᠹᠧᠩ ᠲᠠᠷᠢᠶᠠᠯᠠᠩ ᠤᠨ | ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠪᠣᠯ ᠰᠢᠶᠠᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ | ᠤᠨ ᠯᠦ ᠱᠧᠩ ᠺᠣᠮᠫᠠᠨᠢ ᠶᠢᠨ ᠬᠤᠪᠢᠶᠠᠷᠢ ᠺᠣᠮᠫᠠᠨᠢ ᠪᠣᠯᠣᠨ᠎ᠠ᠂ ᠨᠢᠳᠤᠨᠤᠨ ᠳ᠋ᠦᠩ ᠹᠧᠩ ᠬᠦᠢᠲᠡᠨ ᠬᠥᠮᠥᠷᠭᠡ ᠶᠢ | ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠠᠴᠠ ᠨᠠᠰᠢ᠂ ᠺᠣᠮᠫᠠᠨᠢ ᠨᠢ ᠤᠯᠠᠭᠠᠨ ᠯᠠᠵᠤᠤ ᠶᠢᠨ ᠭᠠᠳᠠᠭᠠᠳᠤ | ᠭᠠᠷᠭᠠᠯᠲᠠ ᠪᠠᠷ ᠲᠡᠮᠡᠴᠡᠬᠦ ᠬᠠᠷᠠᠯᠲᠠ ᠪᠠᠨ ᠪᠣᠯᠭᠠᠭᠰᠠᠭᠠᠷ ᠢᠷᠡᠪᠡ᠃ ︽ᠺᠣᠮᠫᠠᠨᠢ ᠺᠣᠷᠢᠶᠠ ᠶᠢᠨ ᠺᠠᠩ ᠵᠤ᠋ | ᠬᠢᠵᠠᠭᠠᠷᠲᠤ ᠺᠣᠮᠫᠠᠨᠢ ᠲᠠᠢ 1000 ᠲᠣᠨ ᠬᠥᠯᠳᠡᠭᠡᠭᠰᠡᠨ ᠤᠯᠠᠭᠠᠨ ᠯᠠᠵᠤᠤ ᠶᠢᠨ ᠪᠣᠷᠤᠯᠠᠭᠤᠯᠭ᠎ᠠ ᠶᠢᠨ ᠵᠠᠬᠢᠶᠠᠯᠠᠭ᠎ᠠ | ᠳᠤ ᠭᠠᠷ ᠤᠨ ᠦᠰᠦᠭ ᠵᠢᠷᠤᠪᠠ᠂ ᠥᠨᠥᠳᠥᠷ ᠤᠨ ᠭᠠᠳᠠᠭᠠᠳᠤ ᠳᠤ ᠭᠠᠷᠭᠠᠭᠰᠠᠨ 80 ᠲᠣᠨ ᠯᠠᠵᠤᠤ ᠶᠢᠨ | ᠪᠣᠷᠤᠯᠠᠭᠤᠯᠭ᠎ᠠ ᠪᠣᠯ ᠮᠠᠨ ᠤ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠳᠤ | ᠭᠠᠷᠭᠠᠭᠰᠠᠨ ᠬᠥᠯᠳᠡᠭᠡᠭᠰᠡᠨ ᠯᠠᠵᠤᠤ ᠶᠢᠨ ᠠᠩᠬᠠᠨ ᠤ ᠬᠠᠭᠤᠳᠠᠰᠤ ᠮᠥᠨ ᠪᠣᠯᠬᠤᠷ ᠪᠡᠯᠭᠡ ᠲᠡᠮᠳᠡᠭ ᠤᠨ ᠠᠴᠢ | ᠬᠤᠯᠪᠣᠭᠳᠠᠯ ᠲᠠᠢ ᠶᠤᠮ︾ ᠭᠡᠵᠦ ᠵᠠᠩ ᠪᠦᠦ ᡁᠢ ᠪᠠᠶᠠᠷ ᠲᠠᠢ ᠪᠠᠷ ᠬᠡᠯᠡᠪᠡ᠃ | | | | | | ᠮᠠᠨ ᠤ ᠰᠢᠶᠠᠨ ᠪᠣᠯ ᠪᠦᠬᠦ ᠤᠯᠤᠰ ᠤᠨ ᠬᠠᠮᠤᠭ ᠤᠨ ᠲᠣᠮᠣ ᠰᠢᠶᠠᠨ ᠤ ᠬᠡᠪᠴᠢᠶᠡᠨ ᠤ ᠤᠯᠠᠭᠠᠨ ᠯᠠᠵᠤᠤ | ᠶᠢᠨ ᠭᠠᠷᠤᠯᠲᠠ ᠶᠢᠨ ᠣᠷᠣᠨ ᠪᠣᠯᠣᠨ᠎ᠠ᠂ ︽ᠳᠤᠮᠳᠠᠳᠤ ᠤᠯᠤᠰ ᠤᠨ ᠯᠠᠵᠤᠤ ᠶᠢᠨ ᠠᠵᠤ ᠦᠢᠯᠡᠰ ᠤᠨ ᠠᠷᠪᠠᠨ | ᠬᠦᠴᠦᠷᠬᠡᠭ ᠰᠢᠶᠠᠨ︾ ᠪᠣᠯᠣᠨ᠎ᠠ᠂ ᠵᠢᠯ ᠳᠤ 60 ᠲᠦᠮᠡᠨ ᠮᠦ ᠤᠯᠠᠭᠠᠨ ᠯᠠᠵᠤᠤ ᠶᠢ ᠲᠠᠷᠢᠵᠤ᠂ ᠵᠢᠯ ᠤᠨ | ᠭᠠᠷᠤᠯᠲᠠ ᠨᠢ 30 ᠳ᠋ᠦᠩᠰᠢᠭᠤᠷ ᠵᠢᠩ ᠢ ᠳᠠᠪᠠᠪᠠ᠃ ᠣᠶᠢᠷ᠎ᠠ ᠶᠢᠨ ᠵᠢᠯ ᠠᠴᠠ᠂ ᠮᠠᠨ ᠤ ᠰᠢᠶᠠᠨ ᠤᠯᠠᠭᠠᠨ ᠯᠠᠵᠤᠤ | ᠶᠢᠨ ᠣᠨᠴᠠᠯᠢᠭᠲᠤ ᠠᠵᠤ ᠦᠢᠯᠡᠰ ᠤᠨ ᠳᠠᠪᠠᠭᠤᠯᠢᠭ ᠢᠶᠠᠨ ᠦᠷᠭᠦᠯᠵᠢᠯᠡᠨ ᠥᠷᠭᠡᠳᠬᠡᠵᠦ᠂ ᠤᠯᠤᠰ ᠤᠨ ᠭᠠᠳᠠᠭᠠᠳᠤ | ᠳᠤ ᠪᠣᠷᠣᠯᠠᠭᠤᠯᠬᠤ ᠵᠠᠮ ᠢᠶᠠᠨ ᠢᠳᠡᠪᠬᠢᠲᠡᠢ ᠥᠷᠭᠡᠳᠬᠡᠵᠦ᠂ ᠵᠢᠵᠢᠭᠬᠡᠨ ᠤᠯᠠᠭᠠᠨ ᠯᠠᠵᠤᠤ ᠪᠠᠷ ︽ᠳᠤᠮᠳᠠᠳᠤ ᠤᠯᠤᠰ | ᠤᠨ ᠤᠯᠠᠭᠠᠨ ᠯᠠᠵᠤᠤ ᠶᠢᠨ ᠬᠤᠳᠠ︾ ᠶᠢᠨ ᠬᠤᠷᠴᠠ ᠰᠣᠷᠭᠤᠭ ᠨᠡᠷ᠎ᠡ ᠶᠢᠨ ᠬᠠᠭᠤᠳᠠᠰᠤ ᠶᠢ ᠭᠢᠯᠠᠶᠢᠲᠠᠯ᠎ᠠ | ᠵᠦᠯᠭᠦᠵᠦ᠂ ᠪᠠᠰᠠ ᠺᠣᠷᠢᠶᠠ᠂ ᠮᠠᠯᠠᠶᠢᠰᠢᠶ᠎ᠠ ᠵᠡᠷᠭᠡ ᠤᠯᠠᠨ ᠤᠯᠤᠰ ᠤᠨ ᠲᠣᠮᠣ ᠵᠠᠬ᠎ᠠ ᠳᠡᠯᠭᠡᠭᠦᠷ ᠲᠤ ᠣᠷᠣᠵᠤ | ᠢᠷᠡᠪᠡ᠃ | | | | | | ᠺᠣᠷᠢᠶᠠ ᠶᠢᠨ ᠺᠠᠩ ᠵᠦ ᠬᠢᠵᠠᠭᠠᠷᠲᠤ ᠺᠣᠮᠫᠠᠨᠢ ᠨᠢᠭᠡᠨᠲᠡ ᠮᠠᠨ ᠤ ᠰᠢᠶᠠᠨ ᠲᠠᠢ ᠠᠷᠪᠠᠨ ᠬᠡᠳᠦᠨ ᠵᠢᠯ | ᠬᠠᠮᠲᠤᠷᠠᠨ ᠠᠵᠢᠯᠯᠠᠵᠤ᠂ ᠺᠠᠶᠢᠯᠤ ᠶᠢᠨ ᠤᠯᠠᠭᠠᠨ ᠯᠠᠵᠤᠤ ᠶᠢᠨ ᠲᠤᠬᠠᠢ ᠶᠠᠷᠢᠬᠤ ᠳᠤ᠂ ᠺᠣᠷᠢᠶᠠ ᠶᠢᠨ ᠺᠠᠩ ᠵᠦ | ᠬᠢᠵᠠᠭᠠᠷᠲᠤ ᠺᠣᠮᠫᠠᠨᠢ ᠶᠢᠨ ᠺᠠᠶᠢᠯᠤ ᠰᠢᠶᠠᠨ ᠳᠤ ᠰᠠᠭᠤᠭ᠎ᠠ ᠬᠤᠳᠠᠯᠳᠤᠨ ᠠᠪᠬᠤ ᠲᠥᠯᠥᠭᠡᠯᠡᠭᠴᠢ ᠶᠢᠨ ᠴᠧᠩ ᠵᠤ᠋ | ᠮᠠᠰᠢ ᠰᠡᠳᠬᠢᠯ ᠬᠠᠨᠤᠮᠵᠢᠲᠠᠶ ᠪᠠᠶᠢᠵᠤ᠂ ᠣᠷᠳᠣ ᠬᠤᠭᠤᠴᠠᠭ᠎ᠠ ᠪᠠᠷ ᠬᠠᠮᠲᠤᠷᠠᠨ ᠠᠵᠢᠯᠯᠠᠬᠤ ᠶᠢ ᠬᠦᠰᠡᠵᠦ | ᠪᠠᠶᠢᠬᠤ ᠪᠠᠨ ᠢᠯᠡᠳᠬᠡᠪᠡ᠄ ︽ᠺᠠᠶᠢᠯᠤ ᠶᠢᠨ ᠯᠠᠵᠤᠤ ᠶᠢᠨ ᠶᠠᠰᠤ ᠴᠢᠨᠠᠷ ᠰᠠᠶᠢᠨ᠂ ᠡᠪᠡᠳᠴᠢᠨ ᠲᠠᠢ ᠯᠠᠵᠤᠤ ᠪᠠᠶᠢᠬᠤ | ᠦᠭᠡᠢ᠂ ᠬᠦᠢᠲᠡᠨ ᠬᠥᠮᠥᠷᠭᠡ ᠶᠢᠨ ᠲᠥᠬᠦᠭᠡᠷᠦᠮᠵᠢ ᠪᠦᠷᠢᠨ ᠲᠡᠭᠦᠯᠳᠡᠷ᠂ ᠪᠣᠯᠪᠠᠰᠤᠷᠠᠭᠤᠯᠬᠤ ᠵᠢᠷᠤᠮ ᠨᠢ ᠴᠦ ᠴᠡᠪᠡᠷ | ᠠᠷᠢᠭᠤᠨ︾᠃ | | | | | | ᠭᠠᠳᠠᠭᠠᠳᠤ ᠠᠷᠠᠯᠵᠢᠶᠠᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠬᠥᠭᠵᠢᠭᠡᠬᠦ ᠶᠢᠨ ᠲᠥᠯᠥᠭᠡ᠂ ᠮᠠᠨ ᠤ ᠰᠢᠶᠠᠨ ︽ᠺᠠᠶᠢᠯᠤ ᠰᠢᠶᠠᠨ ᠤ ᠤᠯᠠᠭᠠᠨ ᠯᠠᠵᠤᠤ ᠶᠢᠨ ᠭᠠᠳᠠᠭᠠᠳᠤ | ᠠᠷᠠᠯᠵᠢᠶᠠᠨ ᠤ ᠭᠠᠳᠠᠭᠠᠳᠤ ᠭᠠᠷᠭᠠᠯᠲᠠ ᠶᠢ ᠠᠬᠢᠭᠤᠯᠬᠤ ᠨᠥᠬᠦᠪᠦᠷᠢ ᠶᠢᠨ ᠲᠦᠷᠦ ᠶᠢᠨ ᠪᠣᠳᠣᠯᠭ᠎ᠠ︾ ᠶᠢ ᠰᠢᠨ᠎ᠡ ᠪᠠᠷ | ᠲᠣᠭᠲᠠᠭᠠᠵᠤ᠂ ᠪᠠᠷᠠᠭᠠᠨ ᠤ ᠭᠦᠢᠯᠭᠡᠭᠡᠨ ᠤ ᠨᠥᠬᠦᠪᠦᠷᠢ ᠶᠢ ᠨᠠᠶᠢᠳᠠᠪᠤᠷᠢᠵᠢᠭᠤᠯᠬᠤ ᠪᠠᠷ ᠳᠠᠮᠵᠢᠨ ᠠᠵᠤ ᠠᠬᠤᠶᠢᠯᠠᠯ | ᠤᠨ ᠭᠠᠳᠠᠭᠰᠢ ᠭᠠᠷᠭᠠᠬᠤ ᠪᠠᠨ ᠥᠷᠭᠡᠳᠬᠡᠬᠦ ᠶᠢ ᠥᠳᠥᠭᠡᠪᠡ᠃ ᠡᠭᠦᠨ ᠤ ᠬᠠᠮᠲᠤ᠂ 2023 ᠣᠨ ᠤ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ︽ᠮᠣᠩᠭᠤᠯ ᠬᠤᠳᠠᠯᠳᠤᠭᠠᠨ ᠤ ᠲᠣᠷᠭᠠᠨ | ᠵᠠᠮ ᠤᠨ ᠠᠶᠠᠯᠠᠯ︾ ᠤᠨ ᠡᠯ᠎ᠡ ᠵᠦᠢᠯ ᠤᠨ ᠠᠷᠠᠯᠵᠢᠶ᠎ᠠ ᠶᠢ ᠵᠣᠯᠭᠠᠭᠤᠯᠬᠤ ᠪᠠ ᠵᠠᠬ᠎ᠠ ᠳᠡᠯᠭᠡᠭᠦᠷ ᠢ ᠨᠡᠭᠡᠭᠡᠬᠦ | ᠠᠵᠢᠯᠯᠠᠭ᠎ᠠ ᠳᠤ ᠠᠵᠤ ᠠᠬᠤᠶᠢᠯᠠᠯ ᠢ ᠲᠠᠨᠢᠯᠴᠠᠭᠤᠯᠵᠤ᠂ ︽ᠨᠢᠭᠡ ᠪᠦᠰᠡ ᠨᠢᠭᠡ ᠵᠠᠮ︾ ᠳᠤ ᠰᠠᠨᠠᠭᠠᠴᠢᠯᠠᠭ᠎ᠠ | ᠠᠴᠠ ᠪᠠᠨ ᠠᠭᠤᠰᠤᠯᠴᠠᠨ᠂ ᠣᠯᠠᠨ ᠤᠯᠤᠰ ᠤᠨ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠨ᠂ ᠭᠠᠳᠠᠭᠠᠳᠤ | ᠠᠷᠠᠯᠵᠢᠶ᠎ᠠ ᠶᠢᠨ ᠬᠥᠭᠵᠢᠯᠲᠡ ᠶᠢᠨ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠥᠷᠭᠡᠳᠬᠡᠨ᠎ᠡ᠃ | ︽ᠪᠦᠬᠦ ᠰᠢᠶᠠᠨ ᠳᠤ ᠤᠯᠠᠭᠠᠨ ᠯᠠᠵᠤᠤ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠬᠤ ᠠᠵᠤ | ᠠᠬᠤᠶᠢᠯᠠᠯ 10 ᠭᠠᠷᠤᠢ ᠪᠠᠶᠢᠵᠤ᠂ ᠭᠤᠣᠯᠳᠠᠭᠤ ᠬᠥᠯᠳᠡᠭᠡᠭᠰᠡᠨ ᠰᠢᠨ᠎ᠡ ᠯᠠᠵᠤᠤ᠂ ᠬᠠᠳᠠᠭᠠᠭᠰᠠᠨ ᠯᠠᠵᠤᠤ᠂ ᠯᠠᠵᠤᠤ | ᠶᠢᠨ ᠵᠢᠶᠠᠩ᠂ ᠯᠠᠵᠤᠤ ᠶᠢᠨ ᠬᠡᠮᠬᠡᠳᠡᠭ ᠵᠡᠷᠭᠡ ᠦᠢᠯᠡᠳᠬᠦᠨ ᠢ ᠭᠠᠳᠠᠭᠠᠳᠤ ᠳᠤ ᠭᠠᠷᠭᠠᠵᠤ᠂ ᠵᠡᠭᠦᠨ ᠡᠮᠦᠨᠡᠲᠦ | ᠠᠽᠢᠶ᠎ᠠ᠂ ᠡᠸᠦ᠋ᠷᠦᠫᠡ ᠶᠢᠨ ᠬᠤᠯᠪᠣᠭ᠎ᠠ᠂ ᠺᠣᠷᠢᠶᠠ ᠵᠡᠷᠭᠡ ᠤᠯᠤᠰ ᠪᠠ ᠭᠠᠵᠠᠷ ᠣᠷᠣᠨ ᠳᠤ ᠭᠠᠷᠭᠠᠵᠤ᠂ ᠣᠳᠣ | ᠪᠣᠯᠲᠠᠯ᠎ᠠ ᠪᠦᠬᠦ ᠰᠢᠶᠠᠨ ᠤ ᠤᠯᠠᠭᠠᠨ ᠯᠠᠵᠤᠤ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠳᠤ ᠭᠠᠷᠭᠠᠭᠰᠠᠨ ᠪᠦᠬᠦ | ᠲᠤᠭ᠎ᠠ 3000 ᠭᠠᠷᠤᠢ ᠲᠦᠮᠡᠨ ᠲᠥᠭᠦᠷᠢᠭ ᠲᠤ ᠬᠦᠷᠴᠦ᠂ ᠲᠦᠷᠭᠡᠨ ᠨᠡᠮᠡᠭᠳᠡᠯ ᠤᠨ ᠪᠠᠶᠢᠳᠠᠯ ᠢᠶᠠᠨ ᠪᠠᠲᠤᠯᠠᠵᠤ | ᠪᠠᠶᠢᠨ᠎ᠠ︾ ᠭᠡᠵᠦ ᠰᠢᠶᠠᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠪᠣᠯᠣᠨ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ ᠶᠠᠩ ᠮᠢᠩ ᠬᠤᠤ ᠲᠠᠨᠢᠯᠴᠠᠭᠤᠯᠪᠠ᠃ ︵ᠬᠤ᠋ | ᠵᠢᠶᠠᠨ ᠬᠤᠸᠠ᠂ ᠦ᠋ ᠶᠤᠸᠠᠢ ᠯᠢ᠂ ᠶᠠᠩ ᠬᠦᠶ ᠴᠢᠶᠠᠩ︶ | |