ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ᠂ ᠠᠪᠢᠶᠠᠰᠤᠯᠢᠭ ᠺᠠᠶᠢᠯᠤ᠂ ᠥᠪᠥᠷ ᠮᠣᠩᠭᠤᠯ ᠤᠨ ᠺᠠᠶᠢᠯᠤ  ᠶᠢᠨ ᠣᠷᠣᠨ ᠪᠦᠰᠡ ᠶᠢᠨ ᠨᠠᠷᠠᠲᠤ ᠲᠡᠮᠳᠡᠭᠲᠦ ᠶᠢ ᠨᠡᠶᠢᠲᠡᠯᠡᠬᠦ ︵ᠪᠡᠭᠡᠵᠢᠩ︶ ᠵᠢᠴᠢ ᠣᠨᠴᠠᠯᠢᠭᠲᠤ ᠠᠵᠤ ᠦᠢᠯᠡᠰ ᠤᠨ ᠬᠤᠳᠠᠯᠳᠤᠭᠠᠴᠢᠨ ᠤᠷᠢᠬᠤ ᠶᠢ ᠵᠣᠯᠭᠠᠭᠤᠯᠬᠤ ᠬᠤᠷᠠᠯ ᠪᠡᠭᠡᠵᠢᠩ ᠳᠤ ᠶᠠᠪᠤᠭᠳᠠᠪᠠ᠂ ᠸᠠᠩ ᠹᠧᠩ ᠰᠧᠨ ᠶᠠᠷᠢᠶ᠎ᠠ ᠲᠠᠯᠪᠢᠪᠠ᠂ ᠯᠢᠦ ᠶᠠᠩ ᠲᠠᠨᠢᠯᠴᠠᠭᠤᠯᠪᠠ
ᠨᠡᠶᠢᠲᠡᠯᠡᠭᠰᠡᠨ ᠴᠠᠭ᠄
2023/9/7
      9 ᠰᠠᠷ᠎ᠠ  ᠶᠢᠨ 6 ᠤ ᠡᠳᠦᠷ᠂ ᠺᠠᠶᠢᠯᠤ ᠰᠢᠶᠠᠨ ᠪᠣᠯᠣᠨ ᠳᠤᠮᠳᠠᠳᠤ ᠤᠯᠤᠰ ᠤᠨ ᠢᠳᠡᠭᠡᠨ ᠤ ᠰᠣᠨᠢᠨ ᠤ ᠨᠠᠷᠠᠲᠤ ᠲᠡᠮᠳᠡᠭᠲᠦ ᠲᠠᠷᠢᠶᠠᠯᠠᠩ ᠤᠨ ᠲᠥᠪ ᠠᠴᠠ ᠭᠤᠣᠯᠯᠠᠨ ᠡᠷᠭᠢᠯᠡᠭᠰᠡᠨ ︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ ᠂ ᠠᠪᠢᠶᠠᠰᠤᠯᠢᠭ ᠺᠠᠶᠢᠯᠤ︾ ᠂ ᠥᠪᠥᠷ ᠮᠣᠩᠭᠤᠯ ᠤᠨ ᠺᠠᠶᠢᠯᠤ ᠶᠢᠨ ᠣᠷᠣᠨ ᠪᠦᠰᠡ  ᠶᠢᠨ ᠨᠠᠷᠠᠲᠤ ᠲᠡᠮᠳᠡᠭᠲᠦ  ᠶᠢ ᠨᠡᠶᠢᠲᠡᠯᠡᠬᠦ ︵ᠪᠡᠭᠡᠵᠢᠩ︶ ᠵᠢᠴᠢ ᠣᠨᠴᠠᠯᠢᠭᠲᠤ ᠠᠵᠤ ᠦᠢᠯᠡᠰ  ᠤᠨ ᠬᠤᠳᠠᠯᠳᠤᠭᠠᠴᠢᠨ ᠤᠷᠢᠬᠤ  ᠶᠢ ᠵᠣᠯᠭᠠᠭᠤᠯᠬᠤ ᠬᠤᠷᠠᠯ ᠪᠡᠭᠡᠵᠢᠩ ᠬᠤᠲᠠ  ᠶᠢᠨ ᠦᠨᠳᠦᠰᠦᠲᠡᠨ  ᠤ ᠵᠣᠴᠢᠳ  ᠤᠨ ᠪᠠᠭᠤᠳᠠᠯ  ᠳᠤ ᠶᠠᠪᠤᠭᠳᠠᠪᠠ᠃ ᠠᠵᠢᠯᠯᠠᠭ᠎ᠠ ᠶᠢᠨ ᠵᠣᠷᠢᠯᠭ᠎ᠠ ᠨᠢ ᠨᠠᠷᠠᠲᠤ ᠲᠡᠮᠳᠡᠭ  ᠤᠨ ᠥᠯᠢᠭᠡᠷ ᠢ ᠰᠠᠶᠢᠲᠤᠷ ᠶᠠᠷᠢᠵᠤ᠂ ᠠᠪᠢᠶᠠᠰᠤᠯᠢᠭ ᠺᠠᠶᠢᠯᠤ  ᠶᠢ ᠳᠡᠯᠭᠡᠷᠡᠭᠦᠯᠵᠦ᠂ ᠦᠵᠡᠭᠦᠯᠭᠡ ᠶᠢᠨ ᠠᠵᠠ ᠲᠣᠬᠢᠶᠠᠯ ᠢ ᠠᠰᠢᠭᠯᠠᠨ᠂ ᠪᠡᠭᠡᠵᠢᠩ  ᠤᠨ ᠵᠠᠬ᠎ᠠ ᠳᠡᠯᠭᠡᠭᠦᠷ ᠢ ᠥᠷᠭᠡᠳᠬᠡᠵᠦ᠂ ᠺᠠᠶᠢᠯᠦ ᠰᠢᠶᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ︽ᠨᠠᠶᠢᠵᠠ ᠶᠢᠨ ᠲᠣᠭᠤᠷᠢᠭ︾ ᠢ ᠤᠯᠠᠮ ᠨᠢᠭᠡ ᠠᠯᠬᠤᠮ ᠪᠤᠵᠠᠭᠠᠶᠢᠷᠠᠭᠤᠯᠬᠤ ᠶᠢᠨ ᠲᠥᠯᠥᠭᠡ ᠶᠤᠮ᠃ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠂ ᠰᠢᠶᠠᠨ  ᠤ ᠨᠠᠮ  ᠤᠨ ᠬᠤᠷᠢᠶᠠᠨ  ᠤ ᠳᠡᠳ᠋ ᠱᠦᠵᠢ ᠂ ᠵᠠᠰᠠᠭ  ᠤᠨ ᠣᠷᠳᠣᠨ  ᠤ ᠰᠢᠶᠠᠨ  ᠤ ᠳᠠᠷᠤᠭ᠎ᠠ ᠯᠢᠦ ᠶᠠᠩ ᠂ ᠰᠢᠶᠠᠨ  ᠤ ᠨᠠᠮ  ᠤᠨ ᠬᠤᠷᠢᠶᠠᠨ  ᠤ ᠪᠠᠶᠢᠩᠭᠤ  ᠶᠢᠨ ᠭᠡᠰᠢᠭᠦᠨ ᠂ ᠵᠠᠰᠠᠭ  ᠤᠨ ᠣᠷᠳᠣᠨ  ᠤ ᠳᠡᠳ᠋ ᠰᠢᠶᠠᠨ  ᠤ ᠳᠠᠷᠤᠭ᠎ᠠ ᠶᠠᠩ ᠡᠾᠦ᠋ᠢ ᠮᠢᠨ ᠠᠵᠢᠯᠯᠠᠭ᠎ᠠ  ᠳᠤ ᠣᠷᠣᠯᠴᠠᠪᠠ ᠃ ᠬᠤᠷᠠᠯ  ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠂ ᠨᠡᠶᠢᠭᠡᠮᠯᠢᠭ ᠂ ᠠᠷᠭ᠎ᠠ ᠵᠠᠮ ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠵᠡᠷᠭᠡ ᠭᠤᠣᠯ ᠬᠠᠷᠢᠭᠤᠴᠠᠯᠭᠠᠲᠠᠨ  ᠤ ᠵᠠᠭᠤ ᠰᠢᠬᠠᠮ ᠬᠥᠮᠥᠨ ᠢ ᠤᠷᠢᠵᠤ ᠣᠷᠣᠯᠴᠠᠭᠤᠯᠪᠠ᠃
      图片7.png
      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶ᠎ᠠ  ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢᠦ ᠶᠠᠩ ︽ᠥᠪᠥᠷ ᠮᠣᠩᠭᠤᠯ  ᠤᠨ ᠺᠠᠶᠢᠯᠤ ᠶᠢᠨ ᠠᠵᠤ ᠦᠢᠯᠡᠰ ᠤᠨ ᠲᠠᠨᠢᠯᠴᠠᠭᠤᠯᠭ᠎ᠠ︾ ᠬᠢᠪᠡ᠃
      图片8.png
      ᠪᠡᠭᠡᠵᠢᠩ  ᠤᠨ ᠨᠡᠶᠢᠰᠯᠡᠯ ᠤᠨ ᠵᠢᠭᠤᠯᠴᠢᠯᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠣᠯᠣᠨ ᠡᠯᠧᠺᠲᠷᠣᠨ ᠬᠤᠳᠠᠯᠳᠤᠭᠠᠨ  ᠤ ᠶᠠᠪᠤᠳᠠᠯ  ᠤᠨ ᠦᠢᠯᠡᠴᠢᠯᠡᠭᠡᠨ  ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠶᠡᠷᠦᠩᠬᠡᠢ ᠳᠠᠭᠠᠭᠠᠮᠠᠯ ᠸᠠᠩ ᠵᠢᠶᠦ᠋ᠨ ᠫᠧᠩ ᠪᠠᠶᠠᠷ ᠤᠨ ᠦᠭᠡ ᠬᠡᠯᠡᠪᠡ︔ ᠳᠤᠮᠳᠠᠳᠤ ᠤᠯᠤᠰ  ᠤᠨ ᠬᠤᠭᠤᠯᠠ ᠬᠢᠬᠦ ᠨᠡᠶᠢᠭᠡᠮᠯᠢᠭ  ᠤᠨ ᠲᠡᠷᠢᠭᠦᠯᠡᠭᠴᠢᠳ  ᠤᠨ ᠪᠦᠯᠬᠦᠮ  ᠤᠨ ᠳᠡᠳ᠋ ᠲᠡᠷᠢᠭᠦᠯᠡᠭᠴᠢ᠂ ᠳᠤᠮᠳᠠᠳᠤ ᠤᠯᠤᠰ  ᠤᠨ ᠬᠤᠭᠤᠯᠠ ᠬᠢᠬᠦ ᠨᠡᠶᠢᠭᠡᠮᠯᠢᠭ  ᠤᠨ ᠬᠠᠯᠠᠭᠤᠨ ᠲᠣᠭᠤᠭᠠᠨ ᠤ ᠲᠤᠰᠬᠠᠢ ᠵᠥᠪᠯᠡᠯ  ᠤᠨ ᠡᠭᠦᠰᠬᠡᠨ ᠪᠠᠶᠢᠭᠤᠯᠤᠭᠴᠢ ᠂ ᠪᠡᠭᠡᠵᠢᠩ ᠬᠤᠲᠠ ᠶᠢᠨ ᠢᠳᠡᠭᠡᠨ ᠤᠮᠳᠠᠭᠠᠨ ᠤ ᠠᠵᠢᠯ ᠲᠥᠷᠥᠯ  ᠤᠨ ᠨᠡᠶᠢᠭᠡᠮᠯᠢᠭ ᠤᠨ ᠨᠠᠰᠤᠨ ᠲᠤᠷᠰᠢᠲᠠ ᠶᠢᠨ ᠨᠡᠷ᠎ᠡ ᠬᠦᠨᠳᠦᠲᠦ ᠳᠠᠷᠤᠭ᠎ᠠ ᠲᠠᠩ ᠴᠢᠩ ᠱᠦᠨ ᠸᠢᠳᠢᠤ᠋  ᠪᠠᠷ ᠪᠠᠶᠠᠷ  ᠤᠨ ᠦᠭᠡ ᠬᠡᠯᠡᠪᠡ᠃ ᠳᠤᠮᠳᠠᠳᠤ ᠤᠯᠤᠰ ᠤᠨ ᠢᠳᠡᠭᠡᠨ ᠤ ᠰᠣᠨᠢᠨ ᠤ ᠨᠠᠷᠠᠲᠤ ᠲᠡᠮᠳᠡᠭ ᠤᠨ ᠲᠠᠷᠢᠶᠠᠯᠠᠩ ᠤᠨ ᠲᠥᠪ ᠤᠨ ᠡᠷᠬᠢᠯᠡᠭᠴᠢ ᠯᠢᠦ ᠰᠢᠨ ᠮᠢᠶᠣᠣ ︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ ᠂ ᠠᠪᠢᠶᠠᠰᠤᠯᠢᠭ ᠺᠠᠶᠢᠯᠤ︾  ᠶᠢᠨ ᠨᠠᠷᠠᠲᠤ ᠲᠡᠮᠳᠡᠭ  ᠤᠨ ᠲᠤᠬᠠᠢ ᠲᠠᠶᠢᠯᠤᠮᠵᠢ ᠬᠢᠪᠡ᠃ ᠳᠤᠮᠳᠠᠳᠤ ᠤᠯᠤᠰ  ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠯᠪᠠᠰᠤᠷᠠᠭᠤᠯᠤᠯᠲᠠ ᠶᠢᠨ ᠬᠢᠷᠢ ᠬᠡᠮ ᠲᠠᠢ ᠲᠤᠰᠬᠠᠢ ᠮᠡᠷᠭᠡᠵᠢᠯᠲᠡᠨ᠂ ᠳᠤᠮᠳᠠᠳᠤ ᠤᠯᠤᠰ  ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠮᠡᠷᠭᠡᠵᠢᠯ ᠤᠨ ᠲᠤᠷᠰᠢᠯᠲᠠ ᠪᠠ ᠪᠦᠲᠦᠭᠡᠭᠳᠡᠬᠦᠨ  ᠢ ᠨᠡᠪᠴᠢᠭᠦᠯᠬᠦ ᠬᠤᠲᠠ  ᠶᠢᠨ ᠠᠬᠠᠯᠠᠬᠤ ᠰᠢᠨᠵᠢᠯᠡᠬᠦ ᠤᠬᠠᠭᠠᠨᠲᠠᠨ᠂ ᠪᠡᠭᠡᠵᠢᠩ  ᠤᠨ ᠳᠤᠮᠳᠠᠳᠤ ᠤᠯᠤᠰ  ᠤᠨ ᠰᠢᠨᠵᠢᠯᠡᠬᠦ ᠤᠬᠠᠭᠠᠨ  ᠤ ᠡᠮᠦᠨ᠎ᠡ ᠹᠷᠣᠨᠲ  ᠤᠨ ᠠᠮᠢᠳᠤ ᠪᠣᠳᠠᠰ  ᠤᠨ ᠮᠡᠷᠭᠡᠵᠢᠯ  ᠤᠨ ᠰᠤᠳᠤᠯᠭᠠᠨ  ᠤ ᠭᠠᠵᠠᠷ  ᠤᠨ ᠳᠠᠷᠤᠭ᠎ᠠ ᠵᠢᠶᠠᠩ ᠳ᠋ᠢᠶᠠᠨ ᠱᠦᠢ ︽ᠳᠤᠮᠳᠠᠳᠤ ᠤᠯᠤᠰ  ᠤᠨ ᠲᠠᠷᠢᠶᠠᠯᠠᠩ ᠲᠤᠰᠠᠯᠠᠬᠤ ᠠᠵᠤ ᠠᠬᠤᠢ  ᠶᠢᠨ ᠪᠦᠲᠦᠭᠡᠭᠳᠡᠬᠦᠨ  ᠢ ᠨᠠᠷᠢᠯᠢᠭ ᠪᠣᠯᠪᠠᠰᠤᠷᠠᠭᠤᠯᠬᠤ ᠮᠡᠷᠭᠡᠵᠢᠯ  ᠤᠨ ᠲᠤᠷᠰᠢᠯᠲᠠ ᠪᠠ ᠪᠦᠲᠦᠭᠡᠭᠳᠡᠬᠦᠨ  ᠢ ᠨᠡᠪᠴᠢᠭᠦᠯᠬᠦ ᠬᠤᠲᠠ  ᠶᠢᠨ ᠯᠠᠵᠤᠤ  ᠶᠢᠨ ᠪᠦᠲᠦᠭᠡᠭᠳᠡᠬᠦᠨ  ᠤ ᠶᠢᠰᠦᠨ ᠳᠡᠰ  ᠤᠨ ᠱᠠᠲᠤᠯᠢᠭ ᠨᠡᠭᠡᠭᠡᠯᠲᠡ ᠪᠠ ᠳᠤᠮᠳᠠᠳᠤ ᠤᠯᠤᠰ ᠤᠨ ᠲᠤᠷᠰᠢᠯᠲᠠ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ︾ ᠭᠡᠬᠦ ᠮᠡᠳᠡᠭᠦᠯᠦᠯᠲᠡ ᠬᠢᠪᠡ᠃ ᠣᠨᠴᠠ ᠤᠷᠢᠭᠰᠠᠨ ᠪᠡᠭᠡᠵᠢᠩ  ᠤᠨ ᠢᠳᠡᠭᠡᠨ ᠤᠮᠳᠠᠭᠠᠨ  ᠤ ᠪᠠᠭᠤᠳᠠᠯ  ᠤᠨ ᠠᠵᠤ ᠠᠬᠤᠶᠢᠯᠠᠯ  ᠤᠨ ᠲᠥᠯᠥᠭᠡᠯᠡᠭᠴᠢ ᠶᠠᠷᠢᠶ᠎ᠠ ᠲᠠᠯᠪᠢᠬᠤ  ᠶᠢᠨ ᠬᠠᠮᠲᠤ ᠺᠠᠶᠢᠯᠤ ᠰᠢᠶᠠᠨ ᠲᠠᠢ ᠰᠠᠨᠠᠯ  ᠢᠶᠠᠨ ᠭᠦᠨᠵᠡᠭᠡᠢ ᠰᠣᠯᠢᠯᠴᠠᠵᠤ᠂ ᠲᠠᠨᠢᠯᠴᠠᠭᠤᠯᠭ᠎ᠠ  ᠳᠤ ᠣᠷᠣᠯᠴᠠᠭᠰᠠᠨ ᠲᠠᠷᠢᠶᠠᠯᠠᠩ  ᠤᠨ ᠠᠵᠤ ᠦᠢᠯᠡᠰ  ᠤᠨ ᠬᠤᠳᠠᠯᠳᠤᠭᠠᠴᠢᠨ ᠤᠷᠢᠬᠤ ᠵᠦᠢᠯᠡᠰ  ᠢ ᠭᠤᠣᠯᠳᠠᠯᠭ᠎ᠠ ᠲᠠᠢ ᠠᠰᠠᠭᠤᠨ ᠯᠠᠪᠯᠠᠵᠤ᠂ ᠬᠤᠶᠢᠰᠢᠳᠠ ᠨᠡᠪᠲᠡᠷᠡᠯᠴᠡᠭᠡ ᠪᠠᠨ ᠴᠢᠩᠭᠠᠳᠬᠠᠨ᠂ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠬᠦᠰᠡᠯ ᠲᠠᠢ ᠪᠠᠶᠢᠬᠤ ᠪᠠᠨ ᠢᠯᠡᠳᠬᠡᠪᠡ᠃
      图片9.png
      ᠠᠵᠢᠯᠯᠠᠭ᠎ᠠ  ᠳᠤ ︽ ᠠᠪᠢᠶᠠᠰᠤᠯᠢᠭ ᠺᠠᠶᠢᠯᠦ︾  ᠶᠢᠨ ᠣᠷᠣᠨ ᠪᠦᠰᠡ  ᠶᠢᠨ ᠨᠠᠷᠠᠲᠤ ᠲᠥᠷᠥᠯ ᠲᠡᠮᠳᠡᠭᠲᠦ  ᠶᠢᠨ ᠠᠩᠬᠠᠨ  ᠤ ᠪᠦᠯᠦᠭ  ᠤᠨ ᠰᠣᠩᠭᠤᠭᠳᠠᠭᠰᠠᠨ ᠦᠢᠯᠡᠳᠬᠦᠨ  ᠤ ᠨᠡᠷᠡᠰ  ᠤᠨ ᠵᠢᠭᠰᠠᠭᠠᠯᠲᠠ  ᠶᠢ ᠨᠡᠶᠢᠲᠡᠯᠡᠵᠦ᠂ ᠺᠠᠶᠢᠯᠦ ᠶᠢᠨ ᠣᠨᠴᠠᠯᠢᠭᠲᠤ ᠦᠢᠯᠡᠳᠬᠦᠨ  ᠤ ᠦᠵᠡᠭᠦᠯᠭᠡ ᠶᠢ ᠨᠡᠶᠢᠲᠡᠯᠡᠪᠡ᠃
      图片10.png
      ᠰᠢᠶᠠᠨ  ᠤ ᠨᠠᠮ ᠤᠨ ᠬᠤᠷᠢᠶᠠᠨ ᠤ ᠱᠦᠵᠢ ᠸᠠᠩ ᠹᠧᠩ ᠰᠧᠨ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠲᠡᠷᠡ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠨ ᠨᠠᠶᠢᠵᠠ ᠨᠠᠷ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ ᠃ ᠲᠡᠷᠡ ᠢᠯᠡᠷᠬᠡᠶᠢᠯᠡᠭᠰᠡᠨ ᠨᠢ᠂ ᠺᠠᠶᠢᠯᠦ ᠶᠢᠨ ᠬᠥᠮᠥᠰ ᠲᠡᠮᠡᠴᠡᠬᠦ ᠳᠤᠷᠠᠲᠠᠢ ᠂ ᠲᠡᠮᠡᠴᠡᠵᠦ ᠪᠠᠶᠢᠭ᠎ᠠ ᠬᠥᠮᠥᠰ ᠺᠠᠶᠢᠯᠦ ᠳᠤ ᠴᠤᠭᠯᠠᠷᠠᠨ᠎ᠠ ᠃ ᠺᠠᠶᠢᠯᠤ ᠰᠢᠶᠠᠨ  ᠤ ᠬᠢᠨ ᠢᠮᠠᠭᠲᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠬᠥᠭᠵᠢᠯᠲᠡ  ᠶᠢᠨ ᠠᠮᠢᠨ ᠰᠤᠳᠠᠰᠤ ᠪᠣᠯᠭᠠᠵᠤ ᠂ ᠨᠠᠷᠢᠨ ᠨᠢᠮᠪᠠᠢ ᠬᠠᠶᠢᠷᠠᠯᠠᠨ ᠬᠠᠮᠠᠭᠠᠯᠠᠵᠤ ᠂ ᠰᠠᠶᠢᠨ ᠠᠵᠤ ᠠᠬᠤᠶᠢᠯᠠᠯ  ᠤᠨ ︽ ᠳᠡᠯᠭᠡᠭᠦᠷ  ᠤᠨ ᠦᠢᠯᠡᠴᠢᠯᠡᠭᠴᠢ︾ ᠪᠣᠯᠵᠤ ᠂ ᠠᠵᠤ ᠠᠬᠤᠶᠢᠯᠠᠯ  ᠢ ᠺᠠᠶᠢᠯᠤ  ᠳᠤ ᠰᠠᠨᠠᠭ᠎ᠠ ᠠᠮᠤᠷ ᠪᠠᠶᠢᠯᠭᠠᠨ᠎ᠠ ᠃ ᠪᠠᠰᠠ ᠪᠡᠭᠡᠵᠢᠩ  ᠤᠨ ᠰᠢᠯᠢᠳᠡᠭ ᠠᠵᠤ ᠠᠬᠤᠶᠢᠯᠠᠯᠲᠠᠨ ᠂ ᠪᠡᠯᠡ ᠣᠷᠣᠭᠤᠯᠤᠭᠴᠢ  ᠲᠠᠢ ᠵᠢᠷᠭᠠᠯ ᠵᠣᠪᠠᠯᠠᠩ ᠢᠶᠠᠨ ᠬᠠᠮᠲᠤᠳᠬᠠᠵᠤ ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠲᠡᠵᠦ ᠂ ᠬᠥᠭᠵᠢᠯᠲᠡ ᠶᠢ ᠬᠠᠮᠲᠤ ᠪᠠᠷ ᠡᠳ᠋ᠯᠡᠵᠦ ᠂ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠣᠭᠴᠠᠯᠠᠬᠤ ᠶᠢ ᠴᠢᠩ ᠰᠡᠳᠬᠢᠯ ᠠᠴᠠ ᠪᠠᠨ ᠬᠦᠰᠡᠨ ᠬᠦᠯᠢᠶᠡᠵᠦ ᠪᠠᠶᠢᠨ᠎ᠠ ᠃ ︵ ᠴᠢᠨ ᠶᠢᠩ ᠂ ᠶᠠᠩ ᠬᠦᠢ ᠴᠢᠶᠠᠩ ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号