︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ︾ 2024 ᠣᠨ ᠤ ᠺᠠᠶᠢᠯᠤ ᠶᠢᠨ ᠴᠠᠭᠠᠨ ᠰᠠᠷ᠎ᠠ ᠶᠢᠨ ᠪᠠᠷᠠᠭ᠎ᠠ ᠶᠢᠨ ᠪᠠᠶᠠᠷ ᠤᠨ ᠵᠣᠯ ᠵᠢᠷᠭᠠᠯ ᠤᠨ ᠬᠠᠭᠤᠳᠠᠰᠤ ︱ ︽ᠵᠣᠯ ᠵᠢᠷᠭᠠᠯᠲᠤ ᠰᠠᠶᠢᠨ ᠪᠡᠯᠡᠭ︾ ᠬᠤᠳᠡ ᠬᠥᠳᠡᠭᠡ ᠶᠢ ᠵᠣᠯᠭᠠᠭᠤᠯᠬᠤ ᠲᠠᠨᠢᠯᠴᠠᠭᠤᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/25
      1 ᠰᠠᠷ᠎ᠠ ᠶᠢᠨ 23 ᠤ ᠡᠳᠦᠷ᠂ ︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ︾ 2024 ᠣᠨ ᠤ ᠺᠠᠶᠢᠯᠦ ᠶᠢᠨ ᠴᠠᠭᠠᠨ ᠰᠠᠷ᠎ᠠ ᠶᠢᠨ ᠪᠠᠷᠠᠭ᠎ᠠ ᠶᠢᠨ ᠪᠠᠶᠠᠷ ᠤᠨ ᠵᠣᠯ ᠵᠢᠷᠭᠠᠯ ᠤᠨ ᠬᠠᠭᠤᠳᠠᠰᠤ ︱ ︽ᠵᠣᠯ ᠵᠢᠷᠭᠠᠯᠲᠤ ᠰᠠᠶᠢᠨ ᠪᠡᠯᠡᠭ︾ ᠬᠤᠲᠠ ᠬᠥᠳᠡᠭᠡ ᠶᠢ ᠵᠣᠯᠭᠠᠭᠤᠯᠬᠤ ᠲᠠᠨᠢᠯᠴᠠᠭᠤᠯᠭ᠎ᠠ ᠶᠢᠨ ᠬᠤᠷᠠᠯ ᠬᠤᠷᠠᠯᠳᠤᠪᠠ᠃ ᠰᠢᠶᠠᠨ ᠤ ᠤᠳᠤᠷᠢᠳᠤᠯᠭ᠎ᠠ ᠵᠠᠩ ᠸᠧᠨ ᠵᠢᠶᠦ᠋ᠨ᠂ ᠵᠢᠶᠠᠩ ᠵᠢᠩ ᠶᠢᠩ᠂ ᠸᠠᠩ ᠶᠠᠨ᠂ ᠼᠤᠤ ᠰᠢᠶᠠᠨ ᠵᠢᠩ᠂ ᠠᠯᠲᠠᠨᠬᠦᠦ᠂ ᠶᠠᠩ ᠡᠾᠦ᠋ᠢ ᠮᠢᠨ᠂ ᠪᠠᠢ ᠶᠢᠩ ᠸᠧᠨ᠂ ᠸᠠᠩ ᠶᠢᠨ ᠵᠦᠩ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃ ᠶᠠᠩ ᠡᠾᠦ᠋ᠢ ᠮᠢᠨ ᠪᠠᠶᠠᠷ ᠤᠨ ᠦᠭᠡ ᠬᠡᠯᠡᠪᠡ᠃
      1.25.1.jpg
      ᠶᠠᠩ ᠾᠦᠢ ᠮᠢᠨ ᠵᠢᠭᠠᠭᠰᠠᠨ ᠨᠢ᠂ ᠣᠶᠢᠷ᠎ᠠ ᠶᠢᠨ ᠵᠢᠯ ᠳᠤ᠂ ᠵᠢᠷᠭᠠᠯᠠᠩᠲᠤ ᠪᠠᠯᠭᠠᠰᠤ ︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠲᠤ ᠲᠦᠰᠢᠭᠯᠡᠨ᠂ ᠲᠣᠰ ᠪᠠᠯᠭᠠᠰᠤᠨ ᠤ ᠣᠨᠴᠠᠯᠢᠭᠲᠤ ᠠᠵᠤ ᠦᠢᠯᠡᠰ ᠢ ᠬᠦᠴᠦᠯᠡᠨ ᠬᠥᠭᠵᠢᠭᠦᠯᠦᠨ ᠪᠤᠵᠠᠭᠠᠶᠢᠷᠠᠭᠤᠯᠵᠤ᠂ ︽ᠰᠢᠨ᠎ᠡ ᠰᠣᠷᠭᠤᠭ︾ ᠰᠧᠯᠧᠨ ᠪᠦᠲᠦᠭᠡᠭᠳᠡᠬᠦᠨ᠂ ︽ᡂᠢ ᠯᠤ᠋ ᠶᠤᠸᠠᠨ︾ ᠪᠤᠭᠤ ᠶᠢᠨ ᠪᠦᠲᠦᠭᠡᠭᠳᠡᠬᠦᠨ᠂ ︽ᠵᠣᠷᠢᠭᠲᠤ ᠸᠠᠩ ᠤᠨ ᠣᠷᠳᠣᠨ︾ ᠤ ᠵᠢᠮᠢᠰ ᠨᠣᠭᠤᠭ᠎ᠠ ᠡᠯᠳᠡᠪ ᠠᠮᠤ᠂ ︽ᠵᠢᠶᠠ ᠸᠧᠨ ᠭᠤᠸᠠᠨ︾ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠵᠢᠮᠢᠰ ᠤᠨ ᠰᠢᠷᠢᠰ ᠪᠦᠲᠦᠭᠡᠭᠳᠡᠬᠦᠨ᠂ ︽ᠤᠷᠠᠨ ᠳᠠᠷᠬᠠᠨ︾ ᠣᠨᠴᠠᠯᠢᠭᠲᠤ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠲᠠᠪᠤᠨ ᠬᠤᠪᠢᠶᠠᠷᠢ ᠨᠠᠷᠠᠲᠤ ᠲᠡᠮᠳᠡᠭᠲᠦ ᠶᠢ ᠪᠦᠲᠦᠭᠡᠨ ᠳᠡᠪᠰᠢᠭᠦᠯᠪᠡ᠂ ᠲᠣᠰ ᠤᠳᠠᠭ᠎ᠠ ᠡᠨᠡ ᠲᠠᠪᠤᠨ ᠬᠤᠪᠢᠶᠠᠷᠢ ᠨᠠᠷᠠᠲᠤ ᠲᠡᠮᠳᠡᠭᠲᠦ ᠪᠠᠷ ᠭᠤᠣᠯ ᠪᠣᠯᠭᠠᠭᠰᠠᠨ ᠵᠢᠷᠭᠠᠯᠠᠩᠲᠤ ᠪᠠᠯᠭᠠᠰᠤᠨ ᠤ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠪᠡ᠃      ᠶᠠᠩ ᠾᠦᠢ ᠮᠢᠨ ᠴᠢᠩᠭᠠᠳᠬᠠᠭᠰᠠᠨ ᠨᠢ᠂ ᠵᠣᠯ ᠵᠢᠷᠭᠠᠯᠲᠤ ᠰᠠᠶᠢᠨ ᠪᠡᠯᠡᠭ ᠬᠤᠲᠠ ᠬᠥᠳᠡᠭᠡ ᠶᠢ ᠵᠣᠯᠭᠠᠭᠤᠯᠬᠤ ᠲᠠᠨᠢᠯᠴᠠᠭᠤᠯᠭ᠎ᠠ ᠶᠢᠨ ᠬᠤᠷᠠᠯ ᠨᠢ ︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ︾ 2024 ᠣᠨ ᠤ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢᠨ ᠬᠥᠰᠢᠭᠡ ᠶᠢ ᠰᠡᠬᠦᠪᠡ᠃ ᠡᠨᠡ ᠪᠣᠯ ᠪᠦᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠢᠯᠠᠩᠭᠤᠶ᠎ᠠ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠦᠪᠡᠭᠴᠢᠯᠡᠯᠲᠡ ᠶᠢᠨ ᠴᠢᠨᠠᠷᠲᠠᠢ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠰᠠᠯᠠᠭ᠎ᠠ ᠮᠥᠴᠢᠷ ᠱᠠᠯᠠᠪᠳᠠᠨ ᠬᠥᠳᠡᠯᠦᠯᠴᠡᠵᠦ᠂ ᠡᠯ᠎ᠡ ᠠᠵᠤ ᠠᠬᠤᠶᠢᠯᠠᠯ ᠢᠳᠡᠪᠬᠢᠲᠡᠢ ᠣᠷᠣᠯᠴᠠᠵᠤ᠂ ᠲᠣᠭᠤᠷᠢᠨ ᠦᠵᠡᠬᠦ᠂ ᠶᠠᠰᠤ ᠴᠢᠨᠠᠷ ᠢᠶᠠᠷ ᠲᠣᠯᠢᠳᠠᠬᠤ᠂ ᠰᠣᠯᠢᠯᠴᠠᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠶᠢ ᠠᠮᠢᠳᠤᠯᠢᠭ ᠪᠣᠯᠭᠠᠵᠤ᠂ ᠬᠡᠷᠡᠭᠯᠡᠭᠡ ᠶᠢ ᠬᠥᠭᠵᠢᠶᠡᠨᠲᠡᠢ ᠪᠣᠯᠭᠠᠵᠤ᠂ ᠬᠥᠮᠥᠰ ᠤᠨ ᠬᠦᠷᠢᠶᠡᠯᠡᠯ ᠢ ᠨᠢᠭᠲᠠᠷᠠᠭᠤᠯᠵᠤ᠂ ᠬᠤᠸᠠᠷ ᠫᠤᠤᠵᠢᠩ ᠢ ᠬᠥᠭᠵᠢᠭᠡᠵᠦ᠂ ︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ︾ ᠭᠡᠬᠦ ᠲᠦᠷᠦᠯ ᠲᠡᠮᠳᠡᠭ ᠢ ᠪᠠᠳᠠᠷᠠᠭᠤᠯᠵᠤ᠂ ᠬᠡᠷᠡᠭᠯᠡᠭᠡ ᠪᠠᠷ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ︽ᠭᠤᠣᠯ ᠬᠥᠳᠡᠯᠭᠡᠭᠦᠷ︾ ᠤᠨ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠢ᠃
      1.25.2.jpg
      ᠵᠢᠷᠭᠠᠯᠠᠩᠲᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠴᠧᠨ ᠳ᠋ᠦᠩ ᠨᠠ ᠲᠤᠬᠠᠢ ᠶᠢᠨ ᠲᠠᠯᠠᠪᠤᠷ ᠤᠨ ᠲᠠᠨᠢᠯᠴᠠᠭᠤᠯᠭ᠎ᠠ ᠬᠢᠪᠡ᠃      ︽ᠮᠠᠨ ᠤ ᠵᠢᠷᠭᠠᠯᠠᠩᠲᠤ ᠪᠠᠯᠭᠠᠰᠤᠨ ᠤ ᠰᠢᠨ᠎ᠡ ᠰᠣᠷᠭᠤᠭ᠂ ᡂᠢ ᠯᠤ᠋ ᠶᠤᠸᠠᠨ᠂ ᠵᠣᠷᠢᠭᠲᠤ ᠸᠠᠩ ᠤᠨ ᠣᠷᠳᠣᠨ ᠵᠡᠷᠭᠡ ᠲᠠᠪᠤᠨ ᠨᠠᠷᠠᠲᠤ ᠲᠡᠮᠳᠡᠭ ᠨᠢ ︿ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ﹀  ᠶᠢᠨ ᠬᠤᠪᠢᠶᠠᠷᠢ ᠨᠠᠷᠠᠲᠤ ᠲᠡᠮᠳᠡᠭ ᠪᠣᠯᠤᠭᠰᠠᠨ ᠤ ᠬᠤᠪᠢ ᠳᠤ᠂ ᠥᠪᠡᠷ ᠤᠨ ᠳᠠᠷᠢᠵᠤ ᠲᠡᠵᠢᠭᠡᠬᠦ ᠰᠠᠭᠤᠷᠢᠨ ᠭᠠᠵᠠᠷ᠂ ᠪᠠᠷᠢᠮᠵᠢᠶᠠᠵᠢᠭᠤᠯᠤᠭᠰᠠᠨ ᠪᠦᠲᠦᠭᠡᠭᠳᠡᠬᠦᠨ ᠡᠳ᠋ᠰᠢᠭᠦᠯᠬᠦ ᠰᠠᠭᠤᠷᠢᠨ ᠭᠠᠵᠠᠷ ᠵᠢᠴᠢ ᠪᠦᠷᠢᠨ ᠪᠦᠲᠦᠨ ᠪᠣᠷᠤᠯᠠᠭᠤᠯᠭ᠎ᠠ ᠶᠢᠨ ᠰᠢᠰᠲ᠋ᠧᠮ ᠲᠠᠢ ᠪᠠᠶᠢᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠣᠷᠭᠠᠨᠢᠭ ᠠᠭᠤᠰᠤᠯᠴᠠᠯ ᠢ ᠪᠡᠶᠡᠯᠡᠭᠦᠯᠦᠭᠰᠡᠨ ᠪᠠᠶᠢᠨ᠎ᠠ᠃ ᠮᠠᠨ ᠤ ᠪᠠᠯᠭᠠᠰᠤᠨ ᠤ ᠰᠧᠯᠧᠨ ᠨᠠᠷᠢᠮᠤ ᠪᠣᠯᠣᠨ ᠮᠧᠩ ᠵᠢᠶᠠ ᠲᠦᠨ ᠲᠣᠰᠬᠤᠨ ᠤ ᠠᠮᠲᠠᠲᠤ ᠬᠡᠮᠬᠡ ᠨᠢᠭᠡᠨᠲᠡ 2023 ᠣᠨ ᠤ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠪᠠ᠃ ᠮᠠᠨ ᠤ ᠪᠠᠯᠭᠠᠰᠤᠨ ᠤ ᠲᠠᠪᠤᠨ ᠶᠡᠭᠡ ᠲᠦᠷᠦᠯ ᠲᠡᠮᠳᠡᠭ ᠤᠨ ᠬᠠᠷᠠᠯᠲᠠ ᠪᠣᠯ ᠠᠷᠠᠳ ᠤᠯᠠᠨ ᠤ ᠬᠤᠭᠤᠯᠠᠨ ᠰᠢᠷᠡᠭᠡᠨ ᠳᠡᠭᠡᠷᠡᠬᠢ ᠰᠠᠨᠠᠭ᠎ᠠ ᠠᠮᠤᠷ ᠠᠮᠤ ᠪᠤᠳᠠᠭ᠎ᠠ᠂ ᠡᠷᠡᠭᠦᠯ  ᠴᠢᠬᠢᠷᠠᠭ ᠨᠣᠭᠤᠭ᠎ᠠ᠂ ᠰᠢᠮ᠎ᠡ ᠲᠡᠵᠢᠭᠡᠯ ᠲᠠᠢ ᠵᠢᠮᠢᠰ ᠢ ᠡᠭᠦᠳᠬᠦ ᠶᠠᠪᠤᠳᠠᠯ ᠪᠣᠯᠣᠨ᠎ᠠ︾᠃ ᠴᠧᠨ ᠳ᠋ᠦᠩ ᠨᠠ ᠬᠡᠯᠡᠭᠰᠡᠨ ᠨᠢ᠂ ᠲᠦᠷᠦᠯ ᠲᠡᠮᠳᠡᠭ ᠢᠶᠠᠷ ᠡᠨᠧᠷᠭᠢ ᠣᠯᠭᠤᠬᠤ ᠪᠠᠷ ᠳᠠᠮᠵᠢᠭᠤᠯᠵᠤ᠂ ᠵᠢᠷᠭᠠᠯᠠᠩᠲᠤ ᠪᠠᠯᠭᠠᠰᠤᠨ ᠤ ᠠᠷᠠᠳ ᠤᠯᠠᠨ ᠤ ᠲᠠᠷᠢᠵᠦ ᠭᠠᠷᠭᠠᠭᠰᠠᠨ ᠲᠠᠷᠢᠶᠠᠯᠠᠩ ᠤᠨ ᠪᠦᠲᠦᠭᠡᠭᠳᠡᠬᠦᠨ ᠢ ᠴᠥᠮ ᠰᠠᠶᠢᠨ ᠦᠨ᠎ᠡ ᠪᠠᠷ ᠬᠤᠳᠠᠯᠳᠤᠵᠤ᠂ ᠵᠢᠵᠢᠭ ᠠᠵᠤ ᠦᠢᠯᠡᠰ ᠴᠦ ᠲᠣᠮᠣ ᠠᠷᠠᠳ ᠤᠨ ᠠᠮᠢᠳᠤᠷᠠᠯ᠂ ᠣᠨᠴᠠᠯᠢᠭᠲᠤ ᠠᠵᠤ ᠦᠢᠯᠡᠰ ᠴᠦ ᠪᠠᠶᠠᠵᠢᠯ ᠤᠨ ᠵᠠᠮ ᠪᠣᠯᠬᠤ ᠰᠢᠨ᠎ᠡ ᠵᠠᠮ ᠢᠶᠠᠷ ᠵᠠᠮᠨᠠᠵᠤ᠂ ᠡᠭᠦᠨ ᠤ ᠤᠯᠠᠮ ᠠᠴᠠ ᠵᠢᠩᠬᠢᠨᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠦᠨ᠎ᠡ᠃
      1.25.3.jpg
      ᠰᠢᠶᠠᠨ ᠤ ᠳᠣᠲᠣᠷᠠᠬᠢ ᠬᠡᠰᠡᠭ ᠠᠵᠤ ᠠᠬᠤᠶᠢᠯᠠᠯᠲᠠᠨ᠂ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ᠪᠦᠲᠦᠭᠡᠭᠳᠡᠬᠦᠨ ᠢ ᠲᠣᠭᠤᠷᠢᠨ ᠦᠵᠡᠵᠦ᠂ ᠰᠢᠯᠭᠠᠨ ᠦᠵᠡᠪᠡ᠃ ᠥᠪᠥᠷ ᠮᠣᠩᠭᠤᠯ ᠤᠨ ᠰᠢᠨ᠎ᠡ ᠰᠣᠷᠭᠤᠭ ᠲᠠᠷᠢᠶᠠᠯᠠᠩ ᠤᠨ ᠬᠢᠵᠠᠭᠠᠷᠲᠤ ᠺᠣᠮᠫᠠᠨᠢ᠂ ᠲᠦᠩᠯᠢᠶᠣᠣ ᠬᠤᠲᠠ ᠶᠢᠨ ᡂᠢ ᠯᠦ ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠪᠠᠷᠠᠭ᠎ᠠ ᠵᠠᠬᠢᠶᠠᠯᠠᠬᠤ ᠠᠵᠤ ᠠᠬᠤᠶᠢᠯᠠᠯ ᠲᠠᠢ ᠲᠤᠬᠠᠢ ᠶᠢᠨ ᠲᠠᠯᠠᠪᠤᠷ ᠲᠤ ᠭᠡᠷ᠎ᠡ ᠲᠣᠭᠲᠠᠪᠠ᠃
      1.25.4.jpg
      ᠰᠢᠶᠠᠨ ᠤ ᠡᠮᠡᠭᠲᠡᠢ ᠠᠵᠤ ᠠᠬᠤᠶᠢᠯᠠᠯᠲᠠᠨ ᠤ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠬᠠᠨ ᠯᠢ ᠶᠦᠨ ᠲᠤᠬᠠᠢ  ᠶᠢᠨ ᠲᠠᠯᠠᠪᠤᠷ ᠲᠤ ᠰᠢᠨ᠎ᠡ ᠰᠣᠷᠭᠤᠭ ᠣᠯᠠᠨ ᠬᠡᠷᠡᠭᠴᠡᠭᠡᠲᠦ ᠭᠤᠯᠢᠷ ᠢᠶᠠᠷ ᠬᠢᠭᠰᠡᠨ ᠪᠠᠩᠰᠢ᠂ ᠪᠣᠭᠤᠷᠰᠤᠭ ᠢ ᠠᠮᠲᠠᠯᠠᠵᠤ ᠦᠵᠡᠭᠡᠳ ᠡᠷᠡᠬᠡᠢ ᠬᠤᠷᠤᠭᠤ ᠭᠠᠷᠭᠠᠵᠤ ᠪᠠᠶᠢᠪᠠ᠃ ︽ᠡᠨᠡ ᠭᠤᠯᠢᠷ ᠢ ᠢᠳᠡᠬᠦ ᠳᠤ ᠠᠮᠲᠠ ᠲᠠᠢ᠂ ᠵᠠᠵᠢᠯᠬᠤ ᠴᠢᠨᠠᠷ ᠢᠶᠠᠷ ᠴᠢᠩᠭ᠎ᠠ᠂ ᠠᠮᠲᠠ ᠨᠢ ᠣᠨᠴᠠᠭᠠᠶ ᠰᠠᠶᠢᠨ ᠪᠠᠶᠢᠳᠠᠭ᠂ ᠴᠠᠭᠠᠨ ᠰᠠᠷ᠎ᠠ ᠪᠣᠯᠬᠤ ᠳᠤ ᠠᠵᠢᠯᠲᠠᠳ ᠲᠠᠭᠠᠨ ᠡᠶᠢᠮᠦ ᠮᠠᠶ᠋ᠢᠭ ᠤᠨ ᠲᠠᠷᠢᠶᠠᠯᠠᠩ ᠠᠵᠤ ᠠᠬᠤᠢ ᠶᠢᠨ ᠪᠦᠲᠦᠭᠡᠭᠳᠡᠬᠦᠨ ᠢ ᠵᠠᠬᠢᠶᠠᠯᠠᠵᠤ ᠥᠭᠬᠦ ᠶᠢ ᠬᠦᠰᠡᠵᠦ ᠪᠠᠶᠢᠨ᠎ᠠ︾᠃ ᠬᠠᠨ ᠯᠢ ᠶᠦᠨ ᠬᠡᠯᠡᠭᠰᠡᠨ ᠨᠢ᠂ ᠲᠤᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠥᠪᠡᠷ ᠤᠨ ᠨᠡᠷᠡᠳᠦ ᠲᠡᠮᠳᠡᠭ ᠲᠠᠢ ᠪᠣᠯᠤᠭᠰᠠᠨ ᠳᠤ ᠲᠡᠷᠡ ᠲᠤᠶᠢᠯ ᠢᠶᠠᠷ ᠪᠠᠶᠠᠷᠯᠠᠵᠤ ᠪᠠᠶᠢᠨ᠎ᠠ᠃      ᠣᠶᠢᠯᠠᠭᠠᠭᠰᠠᠨ ᠢᠶᠠᠷ᠂ ᠲᠠᠨᠢᠯᠴᠠᠭᠤᠯᠭ᠎ᠠ ᠶᠢᠨ ᠬᠤᠷᠠᠯ ᠤᠨ ᠲᠤᠬᠠᠢ ᠶᠢᠨ ᠲᠠᠯᠠᠪᠤᠷ ᠲᠤ ᠨᠡᠶᠢᠲᠡ 20 ᠭᠠᠷᠤᠢ ᠬᠠᠭᠤᠳᠠᠰᠤ ᠭᠡᠷ᠎ᠡ ᠲᠣᠭᠲᠠᠵᠤ᠂ ᠪᠣᠷᠤᠯᠠᠭᠤᠯᠭ᠎ᠠ ᠶᠢᠨ ᠬᠡᠮᠵᠢᠶ᠎ᠡ ᠨᠢ 20 ᠭᠠᠷᠤᠢ ᠲᠦᠮᠡᠨ ᠲᠥᠭᠦᠷᠢᠭ ᠲᠤ ᠬᠦᠷᠪᠡ᠃ ︵ᠬᠤ᠋ ᠵᠢᠶᠠᠨ ᠬᠤᠸᠠ᠂ ᠯᠢ ᠮᠢᠩ ᠷᠠᠨ᠂ ᠸᠠᠩ ᠲᠢᠶᠠᠨ ᠢᠦᠢ᠂ ᠯᠢ ᠰᠢᠶᠣᠣ︶ 
 
ᠢᠷᠡᠯᠲᠡ᠄ ᠺᠠᠶᠢᠯᠦ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号