1 ᠰᠠᠷ᠎ᠠ ᠶᠢᠨ 23 ᠤ ᠡᠳᠦᠷ᠂ ︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ︾ | 2024 ᠣᠨ ᠤ ᠺᠠᠶᠢᠯᠦ ᠶᠢᠨ ᠴᠠᠭᠠᠨ ᠰᠠᠷ᠎ᠠ ᠶᠢᠨ ᠪᠠᠷᠠᠭ᠎ᠠ ᠶᠢᠨ ᠪᠠᠶᠠᠷ ᠤᠨ ᠵᠣᠯ ᠵᠢᠷᠭᠠᠯ ᠤᠨ ᠬᠠᠭᠤᠳᠠᠰᠤ ︱ ︽ᠵᠣᠯ | ᠵᠢᠷᠭᠠᠯᠲᠤ ᠰᠠᠶᠢᠨ ᠪᠡᠯᠡᠭ︾ ᠬᠤᠲᠠ ᠬᠥᠳᠡᠭᠡ ᠶᠢ ᠵᠣᠯᠭᠠᠭᠤᠯᠬᠤ ᠲᠠᠨᠢᠯᠴᠠᠭᠤᠯᠭ᠎ᠠ ᠶᠢᠨ ᠬᠤᠷᠠᠯ ᠬᠤᠷᠠᠯᠳᠤᠪᠠ᠃ ᠰᠢᠶᠠᠨ ᠤ | ᠤᠳᠤᠷᠢᠳᠤᠯᠭ᠎ᠠ ᠵᠠᠩ ᠸᠧᠨ ᠵᠢᠶᠦ᠋ᠨ᠂ ᠵᠢᠶᠠᠩ ᠵᠢᠩ ᠶᠢᠩ᠂ ᠸᠠᠩ ᠶᠠᠨ᠂ ᠼᠤᠤ ᠰᠢᠶᠠᠨ ᠵᠢᠩ᠂ ᠶᠠᠨ ᠸᠧᠢ ᠳ᠋ᠦᠩ᠂ | ᠠᠯᠲᠠᠨᠬᠦᠦ᠂ ᠶᠠᠩ ᠡᠾᠦ᠋ᠢ ᠮᠢᠨ᠂ ᠪᠠᠢ ᠶᠢᠩ ᠸᠧᠨ᠂ ᠸᠠᠩ ᠶᠢᠨ ᠵᠦᠩ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃ | ᠶᠠᠩ ᠡᠾᠦ᠋ᠢ ᠮᠢᠨ ᠪᠠᠶᠠᠷ ᠤᠨ ᠦᠭᠡ ᠬᠡᠯᠡᠪᠡ᠃ | | | | | | | ᠶᠠᠩ ᠾᠦᠢ ᠮᠢᠨ ᠵᠢᠭᠠᠭᠰᠠᠨ ᠨᠢ᠂ ᠣᠶᠢᠷ᠎ᠠ ᠶᠢᠨ ᠵᠢᠯ ᠳᠤ᠂ ᠵᠢᠷᠭᠠᠯᠠᠩᠲᠤ ᠪᠠᠯᠭᠠᠰᠤ ︽ᠪᠠᠷᠠᠭᠤᠨ ᠯᠢᠶᠣᠤ ᠾᠧ | ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ | ᠲᠡᠮᠳᠡᠭ ᠲᠤ ᠲᠦᠰᠢᠭᠯᠡᠨ᠂ ᠲᠣᠰ ᠪᠠᠯᠭᠠᠰᠤᠨ ᠤ ᠣᠨᠴᠠᠯᠢᠭᠲᠤ ᠠᠵᠤ ᠦᠢᠯᠡᠰ ᠢ ᠬᠦᠴᠦᠯᠡᠨ ᠬᠥᠭᠵᠢᠭᠦᠯᠦᠨ | ᠪᠤᠵᠠᠭᠠᠶᠢᠷᠠᠭᠤᠯᠵᠤ᠂ ︽ᠶᠢ ᠮᠠ ᠳ᠋ᠠᠩ ᠰᠢᠶᠠᠨ︾ ᠰᠧᠯᠧᠨ ᠡᠯᠪᠡᠭ ᠪᠦᠲᠦᠭᠡᠭᠳᠡᠬᠦᠨ᠂ ︽ᡂᠢ ᠯᠤ᠋ ᠶᠤᠸᠠᠨ︾ ᠪᠤᠭᠤ ᠶᠢᠨ | ᠪᠦᠲᠦᠭᠡᠭᠳᠡᠬᠦᠨ᠂ ︽ᠵᠥᠸᠧ ᠸᠠᠩ ᠹᠦ᠋︾ ᠵᠢᠮᠢᠰ ᠨᠣᠭᠤᠭ᠎ᠠ ᠶᠢᠨ ᠡᠯᠳᠡᠪ ᠠᠮᠤ᠂ ︽ᠵᠢᠶᠠ ᠸᠧᠨ ᠭᠤᠸᠠᠨ︾ ᠬᠡᠭᠡᠷ᠎ᠡ ᠶᠢᠨ | ᠲᠢᠲᠢᠮ ᠤᠨ ᠵᠢᠮᠢᠰ ᠤᠨ ᠰᠢᠷᠢᠰ ᠪᠦᠲᠦᠭᠡᠭᠳᠡᠬᠦᠨ᠂ ︽ᠴᠢᠶᠣᠣ ᠱᠸᠥ ᠴᠢᠶᠣᠣ ᠵᠢᠶᠠᠩ︾ ᠣᠨᠴᠠᠯᠢᠭᠲᠤ ᠭᠠᠷ ᠤᠷᠠᠯᠠᠯ ᠤᠨ | ᠪᠦᠲᠦᠭᠡᠭᠳᠡᠬᠦᠨ ᠵᠡᠷᠭᠡ ᠲᠠᠪᠤᠨ ᠬᠤᠪᠢᠶᠠᠷᠢ ᠨᠠᠷᠠᠲᠤ ᠲᠡᠮᠳᠡᠭᠲᠦ ᠶᠢ ᠪᠦᠲᠦᠭᠡᠨ ᠳᠡᠪᠰᠢᠭᠦᠯᠪᠡ᠂ ᠲᠣᠰ ᠤᠳᠠᠭ᠎ᠠ ᠡᠨᠡ | ᠲᠠᠪᠤᠨ ᠬᠤᠪᠢᠶᠠᠷᠢ ᠨᠠᠷᠠᠲᠤ ᠲᠡᠮᠳᠡᠭᠲᠦ ᠪᠠᠷ ᠭᠤᠣᠯ ᠪᠣᠯᠭᠠᠭᠰᠠᠨ ᠵᠢᠷᠭᠠᠯᠠᠩᠲᠤ ᠪᠠᠯᠭᠠᠰᠤᠨ ᠤ ᠣᠨᠴᠠᠯᠢᠭᠲᠤ ᠲᠠᠷᠢᠶᠠᠯᠠᠩ | ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠪᠡ᠃ | ᠶᠠᠩ ᠾᠦᠢ ᠮᠢᠨ ᠴᠢᠩᠭᠠᠳᠬᠠᠭᠰᠠᠨ ᠨᠢ᠂ ᠵᠣᠯ ᠵᠢᠷᠭᠠᠯᠲᠤ ᠰᠠᠶᠢᠨ ᠪᠡᠯᠡᠭ ᠬᠤᠲᠠ ᠬᠥᠳᠡᠭᠡ ᠶᠢ ᠵᠣᠯᠭᠠᠭᠤᠯᠬᠤ | ᠲᠠᠨᠢᠯᠴᠠᠭᠤᠯᠭ᠎ᠠ ᠶᠢᠨ ᠬᠤᠷᠠᠯ ᠨᠢ ︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ︾ | 2024 ᠣᠨ ᠤ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢᠨ ᠬᠥᠰᠢᠭᠡ ᠶᠢ ᠰᠡᠬᠦᠪᠡ᠃ ᠡᠨᠡ ᠪᠣᠯ ᠪᠦᠬᠦ | ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠢᠯᠠᠩᠭᠤᠶ᠎ᠠ ᠠᠷᠠᠯᠵᠢᠶ᠎ᠠ ᠬᠤᠳᠠᠯᠳᠤᠭᠠᠨ ᠤ | ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠰᠦᠪᠡᠭᠴᠢᠯᠡᠯᠲᠡ ᠶᠢᠨ ᠴᠢᠨᠠᠷᠲᠠᠢ ᠠᠷᠭ᠎ᠠ ᠬᠡᠮᠵᠢᠶ᠎ᠡ ᠪᠣᠯᠣᠨ᠎ᠠ᠃ ᠡᠯ᠎ᠡ ᠰᠠᠯᠠᠭ᠎ᠠ ᠮᠥᠴᠢᠷ ᠱᠠᠯᠠᠪᠳᠠᠨ ᠬᠥᠳᠡᠯᠦᠯᠴᠡᠵᠦ᠂ ᠡᠯ᠎ᠡ | ᠠᠵᠤ ᠠᠬᠤᠶᠢᠯᠠᠯ ᠢᠳᠡᠪᠬᠢᠲᠡᠢ ᠣᠷᠣᠯᠴᠠᠵᠤ᠂ ᠲᠣᠭᠤᠷᠢᠨ ᠦᠵᠡᠬᠦ᠂ ᠶᠠᠰᠤ ᠴᠢᠨᠠᠷ ᠢᠶᠠᠷ ᠲᠣᠯᠢᠳᠠᠬᠤ᠂ ᠰᠣᠯᠢᠯᠴᠠᠭ᠎ᠠ ᠬᠢᠬᠦ | ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠶᠢ ᠠᠮᠢᠳᠤᠯᠢᠭ ᠪᠣᠯᠭᠠᠵᠤ᠂ | ᠬᠡᠷᠡᠭᠯᠡᠭᠡ ᠶᠢ ᠬᠥᠭᠵᠢᠶᠡᠨᠲᠡᠢ ᠪᠣᠯᠭᠠᠵᠤ᠂ ᠬᠥᠮᠥᠰ ᠤᠨ ᠬᠦᠷᠢᠶᠡᠯᠡᠯ ᠢ ᠨᠢᠭᠲᠠᠷᠠᠭᠤᠯᠵᠤ᠂ ᠬᠤᠸᠠᠷ ᠫᠤᠤᠵᠢᠩ ᠢ ᠬᠥᠭᠵᠢᠭᠡᠵᠦ᠂ | ︽ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ︾ ᠭᠡᠬᠦ ᠲᠦᠷᠦᠯ ᠲᠡᠮᠳᠡᠭ ᠢ | ᠪᠠᠳᠠᠷᠠᠭᠤᠯᠵᠤ᠂ ᠬᠡᠷᠡᠭᠯᠡᠭᠡ ᠪᠠᠷ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ︽ᠭᠤᠣᠯ ᠬᠥᠳᠡᠯᠭᠡᠭᠦᠷ︾ ᠤᠨ ᠦᠢᠯᠡᠳᠦᠯ ᠢ | ᠦᠨᠡᠨ ᠬᠦ ᠪᠠᠳᠠᠷᠠᠭᠤᠯᠬᠤ ᠬᠡᠷᠡᠭᠲᠡᠢ᠃ | | | | | | ᠵᠢᠷᠭᠠᠯᠠᠩᠲᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠴᠧᠨ ᠳ᠋ᠦᠩ ᠨᠠ ᠲᠤᠬᠠᠢ ᠶᠢᠨ ᠲᠠᠯᠠᠪᠤᠷ ᠤᠨ | ᠲᠠᠨᠢᠯᠴᠠᠭᠤᠯᠭ᠎ᠠ ᠬᠢᠪᠡ᠃ | ︽ᠮᠠᠨ ᠤ ᠵᠢᠷᠭᠠᠯᠠᠩᠲᠤ ᠪᠠᠯᠭᠠᠰᠤᠨ ᠤ ᠶᠢ ᠮᠠ ᠳ᠋ᠠᠩ ᠰᠢᠶᠠᠨ᠂ ᡂᠢ ᠯᠤ᠋ ᠶᠤᠸᠠᠨ᠂ ᠵᠥᠸᠧ ᠸᠠᠩ ᠹᠦ᠋ ᠵᠡᠷᠭᠡ | ᠲᠠᠪᠤᠨ ᠨᠠᠷᠠᠲᠤ ᠲᠡᠮᠳᠡᠭ ᠨᠢ ︿ᠪᠠᠷᠠᠭᠤᠨ ᠯᠢᠶᠣᠤ ᠾᠧ ᠭᠤᠣᠯ ᠤᠨ ᠬᠥᠪᠡᠭᠡᠨ ᠳᠠᠬᠢ · ᠠᠪᠢᠶᠠᠰᠤᠯᠢᠭ ᠺᠠᠶᠢᠯᠤ﹀ ᠶᠢᠨ | ᠬᠤᠪᠢᠶᠠᠷᠢ ᠨᠠᠷᠠᠲᠤ ᠲᠡᠮᠳᠡᠭ ᠪᠣᠯᠤᠭᠰᠠᠨ ᠤ ᠬᠤᠪᠢ ᠳᠤ᠂ ᠴᠥᠮ ᠥᠪᠡᠷ ᠤᠨ ᠳᠠᠷᠢᠵᠤ ᠲᠡᠵᠢᠭᠡᠬᠦ ᠰᠠᠭᠤᠷᠢᠨ ᠭᠠᠵᠠᠷ᠂ | ᠪᠠᠷᠢᠮᠵᠢᠶᠠᠵᠢᠭᠤᠯᠤᠭᠰᠠᠨ ᠪᠦᠲᠦᠭᠡᠭᠳᠡᠬᠦᠨ ᠡᠳ᠋ᠰᠢᠭᠦᠯᠬᠦ ᠰᠠᠭᠤᠷᠢᠨ ᠭᠠᠵᠠᠷ ᠵᠢᠴᠢ ᠪᠦᠷᠢᠨ ᠪᠦᠲᠦᠨ ᠪᠣᠷᠤᠯᠠᠭᠤᠯᠭ᠎ᠠ ᠶᠢᠨ | ᠰᠢᠰᠲ᠋ᠧᠮ ᠲᠠᠢ ᠪᠠᠶᠢᠵᠤ᠂ ᠴᠥᠮ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠣᠷᠭᠠᠨᠢᠭ ᠠᠭᠤᠰᠤᠯᠴᠠᠯ ᠢ | ᠪᠡᠶᠡᠯᠡᠭᠦᠯᠦᠭᠰᠡᠨ ᠪᠠᠶᠢᠨ᠎ᠠ᠃ ᠮᠠᠨ ᠤ ᠪᠠᠯᠭᠠᠰᠤᠨ ᠤ ᠰᠧᠯᠧᠨ ᠨᠠᠷᠢᠮᠤ ᠪᠣᠯᠣᠨ ᠮᠧᠩ ᠵᠢᠶᠠ ᠲᠦᠨ ᠲᠣᠰᠬᠤᠨ ᠤ ᠠᠮᠲᠠᠲᠤ | ᠬᠡᠮᠬᠡ ᠨᠢᠭᠡᠨᠲᠡ 2023 ᠣᠨ ᠤ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠪᠠ᠃ ᠮᠠᠨ ᠤ ᠪᠠᠯᠭᠠᠰᠤᠨ ᠤ ᠲᠠᠪᠤᠨ ᠶᠡᠭᠡ ᠲᠦᠷᠦᠯ ᠲᠡᠮᠳᠡᠭ ᠤᠨ | ᠬᠠᠷᠠᠯᠲᠠ ᠪᠣᠯ ᠠᠷᠠᠳ ᠤᠯᠠᠨ ᠤ ᠬᠤᠭᠤᠯᠠᠨ ᠰᠢᠷᠡᠭᠡᠨ ᠳᠡᠭᠡᠷᠡᠬᠢ ᠰᠠᠨᠠᠭ᠎ᠠ ᠠᠮᠤᠷ ᠠᠮᠤ ᠪᠤᠳᠠᠭ᠎ᠠ᠂ ᠡᠷᠡᠭᠦᠯ ᠴᠢᠭᠢᠷᠠᠭ | ᠨᠣᠭᠤᠭ᠎ᠠ᠂ ᠰᠢᠮ᠎ᠡ ᠲᠡᠵᠢᠭᠡᠯ ᠲᠠᠢ ᠵᠢᠮᠢᠰ ᠢ ᠡᠭᠦᠳᠬᠦ ᠶᠠᠪᠤᠳᠠᠯ ᠪᠣᠯᠣᠨ᠎ᠠ︾᠃ ᠴᠧᠨ ᠳ᠋ᠦᠩ ᠨᠠ ᠬᠡᠯᠡᠭᠰᠡᠨ ᠨᠢ᠂ ᠲᠦᠷᠦᠯ | ᠲᠡᠮᠳᠡᠭ ᠢᠶᠠᠷ ᠡᠨᠧᠷᠭᠢ ᠣᠯᠭᠤᠬᠤ ᠪᠠᠷ ᠳᠠᠮᠵᠢᠭᠤᠯᠵᠤ᠂ ᠵᠢᠷᠭᠠᠯᠠᠩᠲᠤ ᠪᠠᠯᠭᠠᠰᠤᠨ ᠤ ᠠᠷᠠᠳ ᠤᠯᠠᠨ ᠤ ᠲᠠᠷᠢᠵᠦ | ᠭᠠᠷᠭᠠᠭᠰᠠᠨ ᠲᠠᠷᠢᠶᠠᠯᠠᠩ ᠤᠨ ᠪᠦᠲᠦᠭᠡᠭᠳᠡᠬᠦᠨ ᠢ ᠴᠥᠮ ᠰᠠᠶᠢᠨ ᠦᠨ᠎ᠡ ᠪᠠᠷ ᠬᠤᠳᠠᠯᠳᠤᠵᠤ᠂ ᠵᠢᠵᠢᠭ ᠠᠵᠤ ᠦᠢᠯᠡᠰ ᠴᠦ | ᠲᠣᠮᠣ ᠠᠷᠠᠳ ᠤᠨ ᠠᠮᠢᠳᠤᠷᠠᠯ᠂ ᠣᠨᠴᠠᠯᠢᠭᠲᠤ ᠠᠵᠤ ᠦᠢᠯᠡᠰ ᠴᠦ ᠪᠠᠶᠠᠵᠢᠯ ᠤᠨ ᠵᠠᠮ ᠪᠣᠯᠬᠤ ᠰᠢᠨ᠎ᠡ ᠵᠠᠮ ᠢᠶᠠᠷ ᠵᠠᠮᠨᠠᠵᠤ᠂ | ᠡᠭᠦᠨ ᠤ ᠤᠯᠠᠮ ᠠᠴᠠ ᠵᠢᠩᠬᠢᠨᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠡᠶᠡᠯᠡᠭᠦᠯᠦᠨ᠎ᠡ᠃ | | | | | | ᠰᠢᠶᠠᠨ ᠤ ᠳᠣᠲᠣᠷᠠᠬᠢ ᠬᠡᠰᠡᠭ ᠠᠵᠤ ᠠᠬᠤᠶᠢᠯᠠᠯᠲᠠᠨ᠂ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ | ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ᠪᠦᠲᠦᠭᠡᠭᠳᠡᠬᠦᠨ ᠢ ᠲᠣᠭᠤᠷᠢᠨ ᠦᠵᠡᠵᠦ᠂ ᠰᠢᠯᠭᠠᠨ ᠦᠵᠡᠪᠡ᠃ | ᠥᠪᠥᠷ ᠮᠣᠩᠭᠤᠯ ᠤᠨ ᠶᠢ ᠮᠠ ᠳ᠋ᠠᠩ ᠰᠢᠶᠠᠨ ᠲᠠᠷᠢᠶᠠᠯᠠᠩ ᠤᠨ ᠬᠢᠵᠠᠭᠠᠷᠲᠤ ᠺᠣᠮᠫᠠᠨᠢ᠂ ᠲᠦᠩᠯᠢᠶᠣᠣ ᠬᠤᠲᠠ ᠶᠢᠨ ᡂᠢ ᠯᠦ | ᠶᠤᠸᠠᠨ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠪᠠᠷᠠᠭ᠎ᠠ ᠵᠠᠬᠢᠶᠠᠯᠠᠬᠤ ᠠᠵᠤ ᠠᠬᠤᠶᠢᠯᠠᠯ ᠲᠠᠢ ᠲᠤᠬᠠᠢ ᠶᠢᠨ | ᠲᠠᠯᠠᠪᠤᠷ ᠲᠤ ᠭᠡᠷ᠎ᠡ ᠲᠣᠭᠲᠠᠪᠠ᠃ | | | | | | ᠰᠢᠶᠠᠨ ᠤ ᠡᠮᠡᠭᠲᠡᠢ ᠠᠵᠤ ᠠᠬᠤᠶᠢᠯᠠᠯᠲᠠᠨ ᠤ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠬᠠᠨ ᠯᠢ ᠶᠦᠨ ᠲᠤᠬᠠᠢ | ᠶᠢᠨ ᠲᠠᠯᠠᠪᠤᠷ ᠲᠤ ᠶᠢ ᠮᠠ ᠳ᠋ᠠᠩ ᠰᠢᠶᠠᠨ ᠣᠯᠠᠨ ᠬᠡᠷᠡᠭᠴᠡᠭᠡᠲᠦ ᠭᠤᠯᠢᠷ ᠢᠶᠠᠷ ᠬᠢᠭᠰᠡᠨ ᠪᠠᠩᠰᠢ᠂ ᠪᠣᠭᠤᠷᠰᠤᠭ ᠢ ᠠᠮᠲᠠᠯᠠᠵᠤ | ᠦᠵᠡᠭᠡᠳ ᠡᠷᠡᠬᠡᠢ ᠬᠤᠷᠤᠭᠤ ᠪᠠᠨ ᠭᠤᠵᠣᠶᠢᠯᠭᠠᠵᠤ ᠪᠠᠶᠢᠪᠠ᠃ ︽ᠡᠨᠡ ᠮᠢᠨᠲᠤᠤᠷ ᠢ ᠢᠳᠡᠬᠦ ᠳᠤ ᠠᠮᠲᠠ ᠲᠠᠢ᠂ ᠵᠠᠵᠢᠯᠬᠤ | ᠴᠢᠨᠠᠷ ᠢᠶᠠᠷ ᠴᠢᠩᠭ᠎ᠠ᠂ ᠠᠮᠲᠠ ᠨᠢ ᠣᠨᠴᠠᠭᠠᠶ ᠰᠠᠶᠢᠨ ᠪᠠᠶᠢᠳᠠᠭ᠂ ᠴᠠᠭᠠᠨ ᠰᠠᠷ᠎ᠠ ᠪᠣᠯᠬᠤ ᠳᠤ ᠠᠵᠢᠯᠲᠠᠳ ᠲᠠᠭᠠᠨ ᠡᠶᠢᠮᠦ | ᠮᠠᠶ᠋ᠢᠭ ᠤᠨ ᠲᠠᠷᠢᠶᠠᠯᠠᠩ ᠠᠵᠤ ᠠᠬᠤᠢ ᠶᠢᠨ ᠪᠦᠲᠦᠭᠡᠭᠳᠡᠬᠦᠨ ᠢ ᠵᠠᠬᠢᠶᠠᠯᠠᠵᠤ ᠥᠭᠬᠦ ᠶᠢ ᠬᠦᠰᠡᠵᠦ ᠪᠠᠶᠢᠨ᠎ᠠ︾᠃ ᠬᠠᠨ ᠯᠢ | ᠶᠦᠨ ᠬᠡᠯᠡᠭᠰᠡᠨ ᠨᠢ᠂ ᠲᠤᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠥᠪᠡᠷ ᠤᠨ ᠨᠡᠷᠡᠳᠦ ᠲᠡᠮᠳᠡᠭ ᠲᠠᠢ ᠪᠣᠯᠤᠭᠰᠠᠨ | ᠳᠤ ᠲᠡᠷᠡ ᠲᠤᠶᠢᠯ ᠢᠶᠠᠷ ᠪᠠᠶᠠᠷᠯᠠᠵᠤ ᠪᠠᠶᠢᠨ᠎ᠠ᠃ | ᠣᠶᠢᠯᠠᠭᠠᠭᠰᠠᠨ ᠢᠶᠠᠷ᠂ ᠲᠠᠨᠢᠯᠴᠠᠭᠤᠯᠭ᠎ᠠ ᠶᠢᠨ ᠬᠤᠷᠠᠯ ᠤᠨ ᠲᠤᠬᠠᠢ ᠶᠢᠨ ᠲᠠᠯᠠᠪᠤᠷ ᠲᠤ ᠨᠡᠶᠢᠲᠡ 20 ᠭᠠᠷᠤᠢ | ᠬᠠᠭᠤᠳᠠᠰᠤ ᠭᠡᠷ᠎ᠡ ᠲᠣᠭᠲᠠᠵᠤ᠂ ᠪᠣᠷᠤᠯᠠᠭᠤᠯᠭ᠎ᠠ ᠶᠢᠨ ᠬᠡᠮᠵᠢᠶ᠎ᠡ ᠨᠢ 20 ᠭᠠᠷᠤᠢ ᠲᠦᠮᠡᠨ ᠲᠥᠭᠦᠷᠢᠭ ᠲᠤ ᠬᠦᠷᠪᠡ᠃ ︵ | ᠬᠤ᠋ ᠵᠢᠶᠠᠨ ᠬᠤᠸᠠ᠂ ᠯᠢ ᠮᠢᠩ ᠷᠠᠨ᠂ ᠸᠠᠩ ᠲᠢᠶᠠᠨ ᠢᠦᠢ᠂ ᠯᠢ ᠰᠢᠶᠣᠣ︶ | |